ᠤᠩᠰᠢᠯᠭ᠎ᠠ ᠶᠢᠨ ᠦᠢᠯᠡᠴᠢᠯᠡᠭᠡᠨ ᠤ ᠰᠢᠨ᠎ᠡ ᠠᠷᠭ᠎ᠠ ᠬᠡᠯᠪᠡᠷᠢ— ᠦᠪᠡᠷᠲᠡᠭᠡᠨ ᠡᠵᠡᠨ ᠮᠡᠳᠡᠵᠦ ᠵᠢᠭᠡᠯᠡᠨ ᠤᠩᠰᠢᠬᠤ ᠨᠣᠮ ᠤᠨ ᠬᠤᠷᠭᠤ ᠪᠤᠢ ᠪᠣᠯᠪᠠ
ᠨᠡᠶᠢᠲᠡᠯᠡᠭᠰᠡᠨ ᠴᠠᠭ᠄
2020-01-03
       ᠰᠣᠶᠤᠯ ᠤᠨ ᠤᠷᠳᠤᠨ᠂ ᠨᠣᠮ ᠤᠨ ᠰᠠᠩ ᠤᠨ ᠶᠡᠷᠦᠩᠬᠡᠶᠢᠯᠡᠭᠰᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠡᠩᠴᠡᠭᠦᠷᠢᠰᠢᠭᠦᠯᠬᠦ᠂ ᠤᠶᠤᠨᠴᠢᠵᠢᠭᠤᠯᠬᠤ᠂ ᠲᠤᠭᠠᠵᠢᠭᠤᠯᠬᠤ ᠤᠯᠠᠨ ᠨᠡᠶᠢᠲᠡ ᠶᠢᠨ ᠰᠣᠶᠤᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ  ᠭᠦᠨᠵᠡᠭᠡᠶᠢᠷᠡᠭᠦᠯᠦᠨ᠂ ᠤᠯᠠᠨ ᠲᠦᠮᠡᠨ ᠳᠤ ᠤᠯᠠᠨ ᠡᠰᠢᠴᠢᠯᠡᠭᠰᠡᠨ᠂ ᠳᠦᠭᠦᠮ ᠳᠥᠲᠡ ᠠᠷᠭ᠎ᠠ ᠮᠠᠶ᠋ᠢᠭ ᠢᠶᠠᠷ ᠰᠣᠶᠤᠯ ᠢ ᠡᠳ᠋ᠯᠡᠭᠦᠯᠬᠦ ᠶᠢᠨ ᠲᠥᠯᠦᠭᠡ᠂ 12 ᠰᠠᠷ᠎ᠠ ᠶᠢᠨ 31 ᠤ ᠡᠳᠦᠷ᠂ ᠬᠤᠩᠱᠠᠨ ᠰᠤᠶᠤᠯ ᠵᠢᠭᠤᠯᠴᠢᠯᠠᠯ ᠲᠠᠮᠢᠷ ᠤᠨ ᠲᠣᠪᠴᠢᠶ᠎ᠠ ᠠᠴᠠ ᠦᠷᠲᠡᠭᠡᠨ ᠤ ᠡᠮᠦᠨᠡᠭᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠤᠤ ᠤᠳᠠ ᠨᠡᠶᠢᠭᠡᠮ ᠲᠣᠭᠤᠷᠢᠭ᠂ ᠴᠢᠶᠤᠤ ᠪᠸᠢ ᠶᠢᠨ ᠳ᠋ᠢᠶᠣᠣ ᠢᠦᠢ  ᠲᠠᠢ ᠨᠡᠶᠢᠭᠡᠮ ᠲᠣᠭᠤᠷᠢᠭ᠂  ᠰᠢ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠩ ᠱᠠᠨ ᠵᠢᠶᠦ᠋ᠨ ᠨᠡᠶᠢᠭᠡᠮ ᠲᠣᠭᠤᠷᠢᠭ ᠲᠤ ᠲᠤᠰᠪᠤᠷᠢ 3  ᠦᠪᠡᠷᠲᠡᠭᠡᠨ ᠡᠵᠡᠨ ᠮᠡᠳᠡᠵᠦ ᠵᠢᠭᠡᠯᠡᠨ ᠤᠩᠰᠢᠬᠤ ᠨᠣᠮ ᠤᠨ ᠬᠤᠷᠭᠤ ᠲᠣᠬᠢᠷᠠᠭᠤᠯᠵᠤ ᠵᠢᠩᠬᠢᠨᠢ ᠪᠠᠷ ᠠᠰᠢᠭᠯᠠᠯᠲᠠ ᠳᠤ ᠣᠷᠤᠪᠠ᠃
       ᠦᠪᠡᠷᠲᠡᠭᠡᠨ ᠡᠵᠡᠨ ᠮᠡᠳᠡᠵᠦ ᠵᠢᠭᠡᠯᠡᠨ ᠤᠩᠰᠢᠬᠤ ᠨᠣᠮ ᠤᠨ ᠬᠤᠷᠭᠤ ᠪᠦᠷᠢ ᠨᠢ 240 ᠳᠡᠪᠲᠡᠷ ᠨᠣᠮ ᠪᠠᠭᠲᠠᠵᠤ᠂ ᠲᠣᠭᠤᠷᠢᠭ ᠤᠨ ᠬᠤᠶᠠᠷ ᠨᠣᠮ ᠤᠨ ᠰᠠᠩ ᠠᠴᠠ ᠲᠤᠭᠲᠠᠭᠰᠠᠨ ᠬᠤᠭᠤᠴᠠᠭ᠎ᠠ ᠲᠠᠢ ᠪᠠᠷ ᠤᠯᠠᠨ ᠤ ᠳᠤᠷ᠎ᠠ ᠪᠠᠬ᠎ᠠ ᠶᠢ ᠦᠨᠳᠦᠰᠦᠯᠡᠨ ᠪᠤᠷᠤᠯᠠᠭᠤᠯᠭ᠎ᠠ ᠰᠠᠶᠢᠲᠠᠢ ᠨᠣᠮ ᠢ ᠨᠦᠬᠦᠪᠦᠷᠢᠯᠡᠵᠦ ᠰᠢᠨᠡᠴᠢᠯᠡᠬᠦ ᠪᠤᠯᠤᠨ᠎ᠠ᠃ ᠨᠡᠶᠢᠭᠡᠮ ᠲᠣᠭᠤᠷᠢᠭ ᠤᠨ ᠤᠩᠰᠢᠭᠴᠢᠳ ᠭᠡᠷ ᠤᠨ ᠢᠶᠠᠨ ᠡᠭᠦᠳᠡᠨ ᠠᠴᠠ ᠭᠠᠷ ᠤᠲᠠᠰᠤ ᠪᠠᠷ ᠲᠦᠯᠦᠪᠦᠷᠢᠯᠡᠬᠦ᠂ ᠪᠡᠶ᠎ᠡ ᠶᠢᠨ ᠦᠨᠡᠮᠯᠡᠯ ᠪᠣᠶᠤ ᠨᠢᠭᠤᠷ ᠲᠦᠷᠬᠦ ᠪᠠᠷ ᠢᠯᠭᠠᠬᠤ ᠵᠡᠷᠭᠡ ᠠᠷᠭ᠎ᠠ ᠮᠠᠶ᠋ᠢᠭ ᠢᠶᠠᠷ ᠨᠣᠮ ᠵᠢᠭᠡᠯᠡᠵᠦ ᠪᠤᠴᠠᠭᠠᠬᠤ ᠴᠠᠭ ᠢᠶᠠᠨ ᠴᠢᠯᠦᠭᠡᠲᠡᠢ ᠲᠣᠬᠢᠷᠠᠭᠤᠯᠵᠤ᠂ ᠴᠠᠭ ᠤᠷᠤᠨ ᠤ ᠬᠢᠵᠠᠭᠠᠷᠯᠠᠯ ᠢ ᠲᠠᠪᠠᠵᠤ᠂ ᠲᠥᠯᠦᠪᠦᠷᠢᠯᠡᠬᠦ ᠦᠭᠡᠢ ᠪᠠᠷ ᠵᠢᠭᠡᠯᠡᠵᠦ ᠤᠩᠰᠢᠬᠤ ᠶᠢᠨ ᠳᠦᠭᠦᠮ ᠳᠥᠲᠡ ᠪᠠ ᠪᠠᠶᠠᠷ ᠪᠠᠭ᠋ᠠᠲᠤᠯ ᠢ ᠡᠳ᠋ᠯᠡᠪᠡ᠃
       ᠨᠡᠶᠢᠭᠡᠮ ᠲᠣᠭᠤᠷᠢᠭ ᠤᠨ ᠬᠤᠪᠢᠶᠠᠷᠢ ᠨᠣᠮ ᠤᠨ ᠰᠠᠩ ᠤᠨ ᠦᠪᠡᠷᠲᠡᠭᠡᠨ ᠡᠵᠡᠨ ᠮᠡᠳᠡᠵᠦ ᠵᠢᠭᠡᠯᠡᠨ ᠤᠩᠰᠢᠬᠤ ᠨᠣᠮ ᠤᠨ ᠬᠤᠷᠭᠤ ᠶᠢ ᠨᠡᠭᠡᠭᠡᠭᠰᠡᠨ ᠨᠢ ᠦᠨᠳᠦᠰᠦᠨ ᠱᠠᠲᠤᠨ ᠤ ᠤᠯᠠᠨ ᠲᠥᠮᠡᠨ ᠤ ︽ᠨᠣᠮ ᠠᠷᠪᠢᠨ ᠣᠩᠰᠢᠵᠤ᠂ ᠰᠠᠶᠢᠨ ᠨᠣᠮ ᠤᠩᠰᠢᠬᠤ︾ ᠣᠷᠮ᠎ᠠ ᠵᠣᠷᠢᠭ ᠢᠳᠡᠪᠬᠢᠵᠢᠯ ᠢ ᠳᠠᠶᠢᠴᠢᠯᠠᠨ᠂  ᠤᠩᠰᠢᠯᠭ᠎ᠠ ᠶᠢᠨ ᠬᠡᠮᠵᠢᠶ᠎ᠡ ᠶᠢ ᠨᠡᠮᠡᠭᠳᠡᠭᠦᠯᠵᠦ᠂  ᠨᠣᠮ ᠪᠢᠴᠢᠭ ᠮᠠᠲ᠋ᠧᠷᠢᠶᠠᠯ ᠤᠨ ᠬᠦᠮᠦᠷᠭᠡ ᠶᠢ ᠢᠳᠡᠪᠬᠢᠲᠡᠢ ᠠᠰᠢᠭᠯᠠᠨ ᠰᠢᠮ᠎ᠡ ᠬᠦᠷᠲᠡᠬᠦ᠂  ᠬᠠᠷᠠᠭ᠎ᠠ ᠪᠠᠨ ᠲᠡᠯᠡᠬᠦ᠂ ᠦᠪᠡᠷ ᠤᠨ ᠬᠡᠪ ᠪᠣᠯᠪᠠᠰᠤᠷᠠᠯ ᠪᠠ ᠴᠢᠳᠠᠪᠤᠷᠢ ᠪᠠᠨ ᠳᠡᠭᠡᠭᠰᠢᠯᠡᠭᠦᠯᠬᠦ ︽ᠴᠡᠨᠡᠭᠯᠡᠭᠦᠷ︾ ᠪᠣᠯᠬᠤ ᠨᠢ ᠳᠠᠮᠵᠢᠭ ᠦᠭᠡᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号