ᠬᠤᠩᠱᠠᠨ ᠲᠣᠭᠤᠷᠢᠭ ᠤᠨ ᠤᠢ ᠰᠢᠭᠤᠢ ᠶᠢᠨ ᠭᠠᠯ ᠰᠡᠷᠭᠡᠶᠢᠯᠡᠬᠦ ᠳᠤᠮᠳᠠ ᠠᠩᠭᠢ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2020/1/3
        12 ᠰᠠᠷ᠎ᠠ ᠶᠢᠨ 31 ᠤ ᠡᠳᠦᠷ᠂ ᠤᠤᠯ ᠤᠨ ᠵᠡᠪᠰᠡᠭᠲᠦ ᠴᠠᠭᠳᠠᠭᠠᠨ ᠤ ᠬᠤᠩᠱᠠᠨ ᠲᠣᠭᠤᠷᠢᠭ ᠤᠨ ᠤᠢ ᠰᠢᠭᠤᠢ ᠶᠢᠨ ᠳᠤᠮᠳᠠ ᠠᠩᠭᠢ ᠶᠢ ᠵᠢᠩᠬᠢᠨᠢ ᠪᠠᠷ ᠬᠤᠩᠱᠠᠨ ᠲᠣᠭᠤᠷᠢᠭ ᠤᠨ ᠤᠢ ᠰᠢᠭᠤᠢ ᠶᠢᠨ ᠭᠠᠯ ᠰᠡᠷᠭᠡᠶᠢᠯᠡᠬᠦ ᠳᠤᠮᠳᠠ ᠠᠩᠭᠢ ᠭᠡᠵᠦ ᠨᠡᠷᠡᠶᠢᠳᠬᠦ ᠶᠢᠨ ᠬᠠᠮᠲᠤ ᠫᠠᠶᠢᠰᠠ ᠡᠯᠭᠦᠬᠦ ᠶᠤᠰᠤᠯᠠᠯ ᠶᠠᠪᠤᠭᠳᠠᠪᠠ᠃        ᠫᠠᠶᠢᠰᠠ ᠡᠯᠭᠦᠭᠰᠡᠨ ᠤ ᠳᠠᠷᠠᠭ᠎ᠠ ᠬᠤᠩᠱᠠᠨ ᠲᠣᠭᠤᠷᠢᠭ ᠤᠨ ᠤᠢ ᠰᠢᠭᠤᠢ ᠶᠢᠨ ᠭᠠᠯ ᠰᠡᠷᠭᠡᠶᠢᠯᠡᠬᠦ ᠳᠤᠮᠳᠠ ᠠᠩᠭᠢ ᠨᠢ ᠤᠤᠯ ᠤᠨ ᠳ᠋ᠠᠩ ᠭᠠᠭᠴᠠ ᠤᠢ ᠰᠢᠭᠤᠢ ᠶᠢᠨ ᠭᠠᠯ ᠤᠨ ᠠᠶᠤᠯ ᠤᠨ ᠰᠡᠷᠭᠡᠶᠢᠯᠡᠬᠦ ᠡᠭᠦᠷᠭᠡ ᠶᠢ ᠭᠦᠢᠴᠡᠳᠬᠡᠵᠦ ᠪᠠᠶᠢᠭᠰᠠᠨ ᠠᠴᠠ ᠣᠳᠤ ᠭᠠᠵᠠᠷ ᠬᠦᠳᠡᠯᠦᠯᠲᠡ᠂ ᠵᠤᠳ ᠰᠢᠭᠤᠷᠭ᠎ᠠ᠂ ᠦᠶᠡᠷ ᠢ ᠰᠡᠷᠭᠡᠶᠢᠯᠡᠬᠦ ᠵᠡᠷᠭᠡ ᠪᠦᠬᠦ ᠭᠠᠮᠰᠢᠭ ᠠᠴᠠ ᠪᠠᠴᠢᠮ ᠠᠪᠤᠷᠠᠨ ᠲᠤᠰᠠᠯᠠᠬᠤ ᠪᠤᠯᠵᠤ᠂  ︽ᠨᠢᠭᠡ ᠲᠤᠰᠬᠠᠢ︾ ᠠᠴᠠ ︽ᠤᠯᠠᠨ ᠴᠢᠳᠠᠮᠵᠢ︾ ᠲᠡᠰᠢ ᠬᠤᠪᠢᠷᠠᠵᠤ᠂ ᠴᠢᠳᠠᠮᠵᠢ ᠡᠭᠦᠷᠭᠡ ᠲᠠᠢ ᠨᠢᠭᠲᠠ ᠤᠶᠠᠯᠳᠤᠨ᠂ ᠤᠢ ᠰᠢᠭᠤᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠰᠠᠭᠤᠳᠠᠯ ᠢ ᠭᠦᠨᠵᠡᠭᠡᠢ ᠰᠤᠳᠤᠯᠵᠤ᠂ ᠤᠯᠠᠭᠠᠨᠬᠠᠳᠠ ᠣᠷᠤᠨ ᠤ ᠤᠢ ᠰᠢᠭᠤᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ︽ᠨᠢᠭᠲᠠᠷᠠᠯ ᠬᠦᠴᠦᠨ︾ ︽ᠵᠠᠩᠭᠢᠯᠠᠭ᠎ᠠ ᠶᠢᠨ ᠬᠦᠴᠦᠨ︾ ᠪᠤᠯᠵᠤ᠂ ᠵᠢᠩᠬᠢᠨᠢ ᠪᠠᠷ ᠭᠠᠵᠠᠷ ᠤᠷᠤᠨ ᠢᠶᠠᠨ ᠰᠠᠬᠢᠨ ᠬᠠᠮᠠᠭᠠᠯᠠᠵᠤ᠂ ᠠᠷᠠᠳ ᠤᠯᠠᠨ ᠢᠶᠠᠨ ᠠᠪᠤᠷᠠᠨ ᠳᠡᠳᠬᠦᠬᠦ ᠪᠤᠯᠤᠨ᠎ᠠ᠃        ᠬᠤᠩᠱᠠᠨ ᠲᠣᠭᠤᠷᠢᠭ ᠤᠨ ᠤᠢ ᠰᠢᠭᠤᠢ ᠶᠢᠨ ᠭᠠᠯ ᠰᠡᠷᠭᠡᠶᠢᠯᠡᠬᠦ ᠳᠤᠮᠳᠠ ᠠᠩᠭᠢ 1986 ᠤᠨ ᠳᠤ ᠪᠠᠶᠢᠭᠤᠯᠤᠭᠳᠠᠵᠤ᠂  ᠭᠤᠤᠯᠳᠠᠭᠤ ᠬᠤᠩᠱᠠᠨ ᠲᠣᠭᠤᠷᠢᠭ ᠤᠨ ᠬᠢᠵᠠᠭᠠᠷ ᠲᠠᠬᠢ 34.8 ᠲᠦᠮᠡᠨ ᠮᠦ ᠵᠤᠬᠢᠶᠠᠮᠠᠯ ᠤᠢ ᠂ ᠠᠵᠤ ᠠᠬᠤᠢ ᠶᠢᠨ ᠤᠢ᠂ ᠦᠵᠡᠮᠵᠢ ᠶᠢᠨ ᠤᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠭᠦᠷᠭᠡ ᠶᠢ ᠬᠠᠷᠢᠭᠤᠴᠠᠳᠠᠭ᠃ ︽3.29︾ ᠤ  ᠱᠠᠨ ᠰᠢ ᠶᠢᠨ ᠴᠢᠨ ᠶᠤᠸᠠᠨ ᠤ ᠣᠨᠴᠠ ᠶᠡᠭᠡ ᠤᠢ ᠰᠢᠭᠤᠢ ᠶᠢᠨ ᠭᠠᠯ ᠤᠨ ᠠᠶᠤᠯ᠂ 4.21 ᠤ ᠸᠧᠨ ᠵᠦᠩ ᠪᠠᠯᠭᠠᠰᠤᠨ ᠤ ᠬᠦᠯᠡᠮᠵᠢ ᠶᠢᠨ ᠭᠠᠯ ᠤᠨ ᠠᠶᠤᠯ ᠵᠡᠷᠭᠡ ᠭᠠᠯ ᠤᠨᠲᠠᠷᠠᠭᠠᠵᠤ ᠭᠠᠮᠰᠢᠭ ᠠᠴᠠ ᠠᠪᠤᠷᠠᠬᠤ ᠡᠭᠦᠷᠭᠡ ᠶᠢ 4 ᠤᠳᠠᠭ᠎ᠠ ᠠᠮᠵᠢᠯᠲᠠ ᠲᠠᠢ ᠪᠡᠶᠡᠯᠡᠭᠦᠯᠵᠡᠢ᠃        ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠫᠧᠩ ᠱᠢ ᠮᠢᠩ ᠫᠠᠶᠢᠰᠠ ᠡᠯᠭᠦᠬᠦ ᠶᠤᠰᠤᠯᠠᠯ ᠳᠤ ᠤᠷᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号