ᠬᠤᠩᠱᠠᠨ ᠲᠣᠭᠤᠷᠢᠭ ᠨᠢ ᠤᠯᠠᠨ ᠠᠷᠭ᠎ᠠ ᠠᠪᠴᠠᠯ ᠢᠶᠠᠷ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2020/1/3
        2019 ᠤᠨ ᠤ 11 ᠰᠠᠷ᠎ᠠ ᠪᠤᠯᠲᠠᠯ᠎ᠠ ᠬᠤᠩᠱᠠᠨ ᠲᠣᠭᠤᠷᠢᠭ ᠤᠨ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠲᠤᠭ᠎ᠠ 620 ᠡᠷᠦᠬᠡ᠂ 1501 ᠬᠦᠮᠦᠨ᠃ 2019 ᠤᠨ ᠳᠤ ᠬᠤᠩᠱᠠᠨ ᠲᠣᠭᠤᠷᠢᠭ ᠨᠢ ᠠᠵᠤ ᠦᠢᠯᠡᠰ ᠢᠶᠠᠷ ᠲᠤᠯᠭᠠᠭᠤᠷᠢᠯᠠᠬᠤ ᠶᠢ ᠴᠢᠩᠭᠠᠳᠬᠠᠬᠤ᠂ ᠳᠠᠭᠠᠳᠬᠠᠯ ᠨᠦᠬᠦᠪᠦᠷᠢ ᠶᠢᠨ ᠲᠤᠭᠲᠠᠴᠠ ᠶᠢ ᠲᠡᠭᠦᠯᠳᠡᠷᠵᠢᠭᠦᠯᠬᠦ᠂ ᠶᠠᠳᠠᠭᠤ ᠬᠦᠴᠢᠷᠳᠡᠯᠲᠡᠢ ᠬᠦᠮᠦᠰ ᠤᠨ ᠶᠠᠳᠠᠭᠤ ᠠᠴᠠ ᠠᠩᠭᠢᠵᠢᠷᠠᠬᠤ ᠪᠠᠶᠠᠵᠢᠨ ᠴᠢᠨᠡᠭᠡᠯᠢᠭᠵᠢᠬᠦ ᠤᠷᠮ᠎ᠠ ᠵᠣᠷᠢᠭ ᠢᠳᠡᠪᠬᠢᠵᠢᠯ ᠢ ᠳᠡᠭᠡᠭᠰᠢᠯᠡᠭᠦᠯᠬᠦ ᠵᠡᠷᠭᠡ ᠠᠷᠭ᠎ᠠ ᠠᠪᠴᠠᠯ ᠢᠶᠠᠷ ᠳᠠᠮᠵᠢᠨ᠂559 ᠲᠦᠮᠡᠨ ᠲᠥᠭᠦᠷᠢᠭ ᠤᠨ ᠶᠠᠳᠠᠭᠤ ᠶᠢ ᠳᠡᠳᠬᠦᠬᠦ ᠪᠡᠯᠡ ᠮᠦᠩᠭᠦ ᠶᠢ ᠨᠡᠶᠢᠯᠡᠭᠦᠯᠦᠨ ᠶᠠᠳᠠᠭᠤ ᠶᠢ ᠳᠡᠳᠬᠦᠬᠦ ᠬᠦᠷᠢᠶᠡᠯᠡᠩ ᠤᠨ ᠲᠦᠷᠦᠯ ᠵᠦᠢᠯ ᠢ ᠪᠦᠲᠦᠭᠡᠨ ᠪᠠᠶᠢᠭᠤᠯᠪᠠ᠃ ᠬᠤᠷᠤᠬᠠᠢ ᠡᠪᠡᠰᠦᠨ ᠦᠢᠯᠡᠰ ᠤᠨ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ 41 ᠡᠷᠦᠬᠡ 86 ᠶᠠᠳᠠᠭᠤ ᠬᠦᠴᠢᠷᠳᠡᠯᠲᠡᠢ ᠬᠦᠮᠦᠨ ᠠᠮᠠ ᠳᠤ᠂ ᠡᠷᠦᠬᠡ ᠪᠦᠷᠢ ᠵᠢᠯ ᠪᠦᠷᠢ 1000 ᠲᠥᠭᠦᠷᠢᠭ ᠤᠨ ᠬᠤᠷᠤᠬᠠᠢ ᠡᠪᠡᠰᠦᠨ ᠤ ᠦᠢᠯᠡᠰ ᠤᠨ ᠠᠰᠢᠭ ᠣᠷᠤᠯᠭ᠎ᠠ ᠬᠤᠪᠢᠶᠠᠷᠢᠯᠠᠪᠠ᠃ 1126 ᠶᠠᠳᠠᠭᠤ ᠬᠦᠴᠢᠷᠳᠡᠯᠲᠡᠢ ᠬᠦᠮᠦᠨ ᠠᠮᠠ ᠳᠤ ᠬᠦᠮᠦᠨ ᠪᠦᠷᠢ ᠳᠤ ᠪᠦᠯᠬᠦᠮ ᠨᠢᠭᠡᠴᠡ ᠶᠢᠨ ᠠᠷᠠᠳ ᠤᠨ ᠠᠮᠢᠳᠤᠷᠠᠯ ᠤᠨ ᠰᠠᠨᠠᠭᠠᠨ ᠳᠤ ᠦᠭᠡᠢ ᠠᠳᠡᠯ ᠤᠨ ᠳᠠᠭᠠᠳᠬᠠᠯ ᠪᠠ ᠪᠦᠯᠬᠦᠮ ᠨᠢᠭᠡᠴᠡ ᠶᠢᠨ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠳᠠᠭᠠᠳᠬᠠᠯ ᠤᠨ ᠨᠦᠬᠦᠪᠦᠷᠢ ᠣᠯᠭᠤᠪᠠ᠃ ᠬᠦᠳᠡᠯᠮᠦᠷᠢᠯᠡᠬᠦ ᠬᠦᠰᠡᠯ ᠲᠠᠢ᠂ ᠬᠦᠳᠡᠯᠮᠦᠷᠢᠯᠡᠬᠦ ᠴᠢᠳᠠᠪᠤᠷᠢ ᠪᠦᠬᠦᠢ ᠶᠠᠳᠠᠭᠤ ᠠᠴᠠ ᠠᠩᠭᠢᠵᠢᠷᠠᠭᠰᠠᠨ 80 ᠡᠷᠦᠬᠡ 84 ᠬᠦᠮᠦᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠣᠯᠭᠤᠵᠤ᠂  ᠨᠡᠶᠢᠲᠡ 29.58 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢᠨ ᠨᠦᠬᠦᠪᠦᠷᠢ ᠲᠠᠷᠬᠠᠭᠠᠪᠠ ᠃ ᠡᠭᠦᠨ ᠤ ᠬᠠᠮᠲᠤ᠂ ᠬᠠᠶᠢᠷ᠎ᠠ ᠬᠠᠯᠠᠮᠵᠢ ᠶᠢᠨ ᠬᠠᠮ ᠳᠡᠯᠭᠡᠭᠦᠷ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠤᠨ᠂ 2019 ᠤᠨ ᠳᠤ ᠸᠧᠨ ᠵᠦᠩ ᠪᠠᠯᠭᠠᠰᠤ᠂ ᠬᠤᠩ ᠮᠢᠶᠤᠤᠽᠢ ᠪᠠᠯᠭᠠᠰᠤᠨ ᠳᠤ 9 ᠬᠠᠶᠢᠷ᠎ᠠ ᠬᠠᠯᠠᠮᠵᠢ ᠶᠢᠨ ᠬᠠᠮ ᠳᠡᠯᠭᠡᠭᠦᠷ ᠭᠠᠷᠭᠠᠬᠤ ᠪᠠᠷ ᠲᠦᠯᠦᠪᠯᠡᠵᠦ᠂ ᠶᠠᠳᠠᠭᠤ ᠬᠦᠴᠢᠷᠳᠡᠯᠲᠡᠢ ᠡᠷᠦᠬᠡ ᠬᠦᠳᠡᠯᠮᠦᠷᠢ ᠪᠠᠷ ᠢᠶᠠᠨ ᠡᠳᠦᠷ ᠲᠤᠲᠤᠮ ᠤᠨ ᠬᠡᠷᠡᠭᠰᠡᠯ ᠰᠤᠯᠢᠵᠤ᠂ ᠨᠠᠮᠳᠠᠷ ᠳᠠᠩᠰᠠᠯᠠᠭᠰᠠᠨ ᠺᠠᠷᠲ ᠪᠦᠬᠦᠢ ᠬᠦᠮᠦᠨ ᠤ ᠪᠦᠷᠬᠦᠴᠡ 711 ᠬᠦᠮᠦᠨ ᠳᠤ ᠬᠦᠷᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号