ᠴᠢᠶᠤᠤ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠢ ᠱᠦᠢ ᠯᠠᠨ ᠲᠢᠩ ᠰᠠᠭᠤᠭᠠᠯᠢ ᠲᠣᠭᠤᠷᠢᠭ ᠤᠨ ᠭᠠᠯ ᠰᠡᠷᠭᠡᠶᠢᠯᠡᠯᠲᠡ ᠶᠢᠨ ᠣᠷᠤᠨ ᠢ ᠡᠵᠡᠯᠡᠭᠰᠡᠨ ᠬᠠᠤᠯᠢ ᠪᠣᠰᠤ ᠪᠠᠷᠢᠯᠭ᠎ᠠ ᠶᠢ ᠨᠤᠷᠠᠭᠠᠯᠭᠠᠪᠠ
ᠨᠡᠶᠢᠲᠡᠯᠡᠭᠰᠡᠨ ᠴᠠᠭ᠄
2020-01-06
       ᠤᠶᠢᠷ᠎ᠠ ᠳᠤ᠂ ᠴᠢᠶᠤᠤ ᠪᠸᠢ ᠵᠡᠭᠡᠯᠢ ᠭᠤᠳᠤᠮᠵᠢ ᠶᠢᠨ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠡᠳᠦᠷ ᠲᠤᠲᠤᠮ ᠤᠨ ᠪᠠᠶᠢᠴᠠᠭᠠᠯᠲᠠ ᠪᠠᠷ ᠪᠢ ᠱᠦᠢ ᠯᠠᠨ ᠲᠢᠩ ᠰᠠᠭᠤᠭᠠᠯᠢ ᠲᠣᠭᠤᠷᠢᠭ ᠤᠨ ᠬᠡᠰᠡᠭ ᠰᠠᠭᠤᠭᠠᠯᠢ ᠠᠷᠠᠳ ᠰᠠᠭᠤᠷᠢᠰᠢᠬᠤ ᠤᠷᠤᠨ ᠵᠠᠢ ᠪᠠᠨ ᠦᠷᠭᠡᠳᠬᠡᠬᠦ ᠶᠢᠨ ᠲᠥᠯᠦᠭᠡ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠺᠤᠮᠫᠠᠨᠢ ᠰᠤᠯᠢᠭᠳᠠᠬᠤ ᠬᠤᠭᠤᠷᠤᠨᠳᠤ᠂ ᠭᠠᠯ ᠰᠡᠷᠭᠡᠶᠢᠯᠡᠬᠦ ᠡᠭᠦᠳᠡᠨ ᠤ ᠣᠨᠢᠰᠤ ᠶᠢ ᠰᠤᠯᠢᠵᠤ ᠰᠢᠨ᠎ᠡ ᠣᠨᠢᠰᠤ ᠲᠠᠭᠠᠷᠠᠭᠤᠯᠤᠨ᠂ ᠭᠠᠯ ᠰᠡᠷᠭᠡᠶᠢᠯᠡᠬᠦ ᠡᠭᠦᠳᠡ ᠶᠢ ᠣᠷᠤᠴᠠ ᠶᠢᠨ ᠡᠭᠦᠳᠡ ᠪᠣᠯᠭᠠᠵᠤ᠂  ᠭᠠᠯ ᠰᠡᠷᠭᠡᠶᠢᠯᠡᠵᠦ ᠲᠤᠰᠠᠭᠠᠷᠯᠠᠬᠤ ᠴᠤᠩᠬᠤ ᠶᠢ ᠬᠠᠭᠠᠯᠵᠤ ᠵᠠᠮ ᠭᠠᠷᠭᠠᠬᠤ᠂  ᠪᠠᠴᠢᠮ ᠠᠪᠤᠷᠠᠬᠤ ᠰᠤᠪᠠᠭ ᠢ ᠪᠥᠭᠯᠡᠬᠦ ᠵᠡᠷᠭᠡ ᠠᠷᠭ᠎ᠠ ᠪᠠᠷ ᠭᠠᠯ ᠰᠡᠷᠭᠡᠶᠢᠯᠡᠵᠦ ᠪᠠᠴᠢᠮ ᠠᠪᠤᠷᠠᠬᠤ ᠣᠷᠤᠨ ᠢ ᠳᠤᠷ᠎ᠠ ᠪᠠᠷ ᠡᠵᠡᠯᠡᠨ᠂  ᠭᠠᠯ ᠰᠡᠷᠭᠡᠶᠢᠯᠡᠬᠦ ᠲᠦᠬᠦᠭᠡᠷᠦᠮᠵᠢ ᠶᠢ ᠠᠯᠪᠠ ᠪᠠᠷ ᠵᠤᠭᠰᠤᠭᠠᠪᠠ᠃
      ᠰᠠᠭᠤᠭᠠᠯᠢ ᠲᠣᠭᠤᠷᠢᠭ ᠤᠨ ᠭᠠᠯ ᠰᠡᠷᠭᠡᠶᠢᠯᠡᠵᠦ ᠪᠠᠴᠢᠮ ᠠᠪᠤᠷᠠᠬᠤ ᠰᠤᠪᠠᠭ ᠢ ᠢᠯᠭᠤᠮ ᠨᠡᠪᠲᠡᠷᠡᠭᠦᠯᠵᠦ᠂ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠬᠡᠪ ᠤᠨ ᠪᠠᠶᠢᠳᠠᠯ ᠢᠶᠠᠷ ᠠᠵᠢᠯᠯᠠᠬᠤ ᠶᠢ ᠪᠠᠲᠤᠯᠠᠬᠤ᠂ ᠡᠶᠢᠮᠦᠷᠬᠦ ᠬᠠᠤᠯᠢ ᠪᠣᠰᠤ ᠪᠠᠷᠢᠯᠭ᠎ᠠ ᠤᠯᠠᠰᠢᠷᠠᠬᠤ ᠶᠢ ᠰᠡᠷᠭᠡᠶᠢᠯᠡᠬᠦ ᠶᠢᠨ ᠲᠥᠯᠦᠭᠡ᠂  ᠴᠢᠶᠤᠤ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠮᠢᠶ᠎ᠠ ᠪᠦᠬᠦᠢ ᠰᠠᠭᠤᠭᠠᠯᠢ ᠠᠷᠠᠳ ᠲᠤ ᠤᠯᠠᠨᠲᠠ ᠵᠠᠰᠠᠨ ᠰᠡᠯᠪᠢᠵᠤ ᠤᠭ ᠬᠡᠪ ᠲᠤ ᠨᠢ ᠣᠷᠤᠭᠤᠯᠬᠤ ᠶᠢ ᠰᠠᠨᠠᠭᠤᠯᠤᠨ ᠱᠠᠭᠠᠷᠳᠠᠭᠰᠠᠨ ᠪᠤᠯᠪᠠᠴᠤ ᠲᠤᠰᠠ ᠪᠤᠯᠤᠭᠰᠠᠨ ᠦᠭᠡᠢ ᠲᠤᠯᠠ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢ ᠵᠤᠬᠢᠶᠠᠨ ᠪᠠᠶᠢᠭᠤᠯᠵᠤ᠂ ᠬᠠᠤᠯᠢ ᠬᠡᠷᠡᠭᠵᠢᠭᠦᠯᠬᠦ ᠠᠵᠢᠯᠯᠠᠭᠠᠨ ᠶᠠᠪᠤᠭᠳᠠᠭᠤᠯᠪᠠ᠃        ᠡᠨᠡ ᠤᠳᠠᠭᠠᠨ ᠤ ᠠᠵᠢᠯᠯᠠᠭᠠᠨ ᠳᠤ ᠨᠡᠶᠢᠲᠡ 5 ᠪᠥᠭᠯᠡᠭᠳᠡᠭᠰᠡᠨ ᠪᠠᠴᠢᠮ ᠠᠪᠤᠷᠠᠬᠤ ᠰᠤᠪᠠᠭ᠂ 5 ᠭᠠᠯ ᠰᠡᠷᠭᠡᠶᠢᠯᠡᠬᠦ ᠡᠭᠦᠳᠡ᠂ 8 ᠭᠠᠯ ᠰᠡᠷᠭᠡᠶᠢᠯᠡᠬᠦ ᠡᠭᠦᠳᠡᠨ ᠤ ᠣᠨᠢᠰᠤ ᠶᠢ ᠤᠭ ᠬᠡᠪ ᠲᠤ ᠨᠢ ᠣᠷᠤᠭᠤᠯᠵᠤ᠂ ᠤᠶᠢᠷ᠎ᠠ ᠬᠠᠪᠢ ᠶᠢᠨ ᠰᠠᠭᠤᠭᠠᠯᠢ ᠠᠷᠠᠳ ᠲᠤ ᠴᠡᠭᠡᠷᠯᠡᠯ ᠪᠣᠯᠭᠠᠨ᠂ ᠬᠠᠤᠯᠢ ᠪᠤᠰᠤ ᠪᠠᠷᠢᠯᠭ᠎ᠠ ᠶᠢᠨ ᠥᠷᠭᠡᠳᠬᠦ ᠶᠢ ᠰᠡᠷᠭᠡᠶᠢᠯᠡᠵᠦ ᠂ ᠬᠠᠷᠢᠶ᠎ᠠ ᠲᠣᠭᠤᠷᠢᠭ ᠤᠨ ᠭᠠᠯ ᠰᠡᠷᠭᠡᠶᠢᠯᠡᠬᠦ ᠠᠶᠦᠯᠭᠦᠢ ᠶᠢ ᠪᠠᠲᠤᠯᠠᠪᠠ᠃ ᠳᠠᠷᠠᠭ᠎ᠠ ᠨᠢ᠂ ᠴᠢᠶᠤᠤ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠡᠶᠢᠮᠦᠷᠬᠦ ᠬᠠᠤᠯᠢ ᠪᠣᠰᠤ ᠪᠠᠷᠢᠯᠭ᠎ᠠ ᠶᠢ ᠦᠷᠭᠦᠯᠵᠢᠯᠡᠨ ᠴᠢᠩᠭ᠎ᠠ ᠬᠢᠨᠠᠨ ᠡᠵᠡᠮᠳᠡᠵᠦ᠂ ᠠᠯᠢᠪᠠ ᠭᠠᠯ ᠰᠡᠷᠭᠡᠶᠢᠯᠡᠯᠲᠡ ᠶᠢᠨ ᠠᠶᠦᠯᠭᠦᠢ ᠶᠢ ᠡᠪᠳᠡᠬᠦ ᠠᠵᠢᠯᠯᠠᠭ᠎ᠠ ᠶᠢ ᠡᠷᠡᠰ ᠳᠡᠪᠴᠢᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号