ᠬᠦᠴᠢᠷᠲᠡᠢ ᠡᠷᠦᠬᠡ ᠳᠤ ᠴᠣᠷᠪᠠᠭ᠎ᠠ ᠬᠦᠷᠭᠡᠵᠦ ᠶᠠᠳᠠᠭᠤ ᠠᠴᠠ ᠠᠩᠭᠢᠵᠢᠷᠠᠭᠤᠯᠬᠤ ᠰᠢᠨ᠎ᠡ ᠵᠠᠮ ᠢ ᠡᠷᠢᠯᠬᠢᠯᠡᠪᠡ
ᠨᠡᠶᠢᠲᠡᠯᠡᠭᠰᠡᠨ ᠴᠠᠭ᠄
2020-01-07
        ᠲᠤᠰᠬᠤᠨ ᠤ ᠠᠷᠠᠳ ᠤᠨ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠳᠤ ᠦᠪᠡᠷ ᠤᠨ ᠭᠡᠬᠦ ᠬᠤᠪᠢ ᠨᠡᠮᠡᠷᠢ ᠦᠵᠡᠭᠦᠯᠬᠦ ᠶᠢᠨ ᠲᠥᠯᠦᠭᠡ᠂  ᠯᠠᠩ ᠵᠢᠶᠠ ᠶᠢᠩ ᠳᠤ ᠰᠠᠭᠤᠭ᠎ᠠ ᠠᠵᠢᠯᠯᠠᠬᠤ ᠳᠣᠭᠤᠶᠢᠯᠠᠩ 7 ᠰᠠᠷ᠎ᠠ ᠶᠢᠨ 1 ᠤ ᠡᠳᠦᠷ ᠬᠦᠴᠢᠷᠲᠡᠢ ᠡᠷᠦᠬᠡ ᠳᠤ 200 ᠴᠣᠷᠪᠠᠭ᠎ᠠ ᠬᠦᠷᠭᠡᠪᠡ᠃ ᠡᠨᠡ ᠪᠣᠯ ᠶᠠᠳᠠᠭᠤ ᠶᠢ ᠳᠡᠳᠬᠦᠬᠦ ᠠᠵᠢᠯᠯᠠᠬᠤ ᠳᠤᠭᠤᠶᠢᠯᠠᠩ ᠶᠠᠳᠠᠭᠤ ᠶᠢ ᠳᠡᠳᠬᠦᠬᠦ ᠵᠢᠭᠤᠯᠴᠢᠯᠠᠯ ᠤᠨ ᠣᠷᠤᠯᠭ᠎ᠠ ᠪᠠᠷ ᠬᠦᠴᠢᠷᠲᠡᠢ ᠡᠷᠦᠬᠡ ᠶᠢᠨ ᠣᠷᠤᠯᠭ᠎ᠠ ᠶᠢᠨ ᠨᠡᠮᠡᠭᠳᠡᠭᠦᠯᠬᠦ ᠠᠰᠢᠭᠲᠠᠢ ᠲᠣᠷᠰᠢᠯᠲᠠ ᠪᠤᠯᠤᠨ᠎ᠠ᠃ 12 ᠰᠠᠷ᠎ᠠ ᠶᠢᠨ 31 ᠤ ᠡᠳᠦᠷ ᠪᠤᠯᠲᠠᠯ᠎ᠠ ᠡᠳᠡᠭᠡᠷ ᠲᠠᠬᠢᠶ᠎ᠠ ᠨᠢ ᠪᠦᠷ ᠦᠨᠳᠡᠭᠡᠯᠡᠪᠡ᠃
       ᠯᠠᠩ ᠵᠢᠶᠠ ᠶᠢᠩ ᠶᠠᠳᠠᠭᠤ ᠶᠢ ᠳᠡᠳᠬᠦᠬᠦ ᠠᠵᠢᠯᠯᠠᠬᠤ ᠲᠣᠭᠤᠶᠢᠯᠠᠩ ᠨᠢ ᠲᠠᠰᠤᠷᠠᠯᠲᠠ ᠦᠭᠡᠢ ᠶᠠᠳᠠᠭᠤ ᠶᠢ ᠳᠡᠳᠬᠦᠵᠦ ᠪᠤᠭᠤᠮᠲᠠ ᠰᠢᠪᠲᠤᠯᠬᠤ ᠰᠢᠨ᠎ᠡ ᠵᠠᠮ ᠢ ᠡᠷᠢᠯᠬᠢᠯᠡᠨ᠂  ᠶᠠᠳᠠᠭᠤ ᠶᠢ ᠳᠡᠳᠬᠦᠬᠦ ᠰᠢᠨ᠎ᠡ ᠠᠷᠭ᠎ᠠ ᠠᠪᠴᠠᠯ ᠢ ᠨᠡᠭᠡᠭᠡᠨ᠂  ᠶᠠᠳᠠᠭᠤ ᠶᠢ ᠳᠡᠳᠬᠦᠬᠦ ︽ ᠴᠢᠰᠦ ᠣᠷᠤᠭᠤᠯᠤᠯᠲᠠ︾ ᠶᠢᠨ ᠬᠡᠯᠪᠡᠷᠢ ᠠᠴᠠ ︽ ᠴᠢᠰᠤ ᠪᠥᠲᠦᠭᠡᠬᠦ︾ ᠲᠡᠰᠢ ᠰᠢᠯᠵᠢᠵᠦ᠂  ᠬᠦᠴᠢᠷᠲᠡᠢ ᠡᠷᠦᠬᠡ ᠶᠢᠨ ᠲᠤᠲᠤᠭᠠᠳᠤ ᠬᠦᠳᠡᠯᠭᠡᠬᠦ ᠬᠦᠴᠦᠨ ᠢ ᠠᠮᠢᠯᠠᠭᠤᠯᠤᠨ᠂  ᠠᠵᠢᠯᠯᠠᠬᠤ ᠳᠣᠭᠤᠶᠢᠯᠠᠩ ᠤᠨ ᠬᠠᠪᠰᠤᠷᠤᠯᠭ᠎ᠠ ᠪᠠᠷ᠂  ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠵᠢᠷᠭᠠᠯ ᠤᠨ ᠵᠠᠮ ᠢ ᠡᠯᠭᠦᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号