ᠰᠢᠨ᠎ᠡ ᠤᠨ ᠤ ᠲᠤᠭᠯᠠᠯᠲᠠ ᠨᠢᠵᠢᠭᠡᠷ ᠶᠠᠪᠤᠭᠳᠠᠵᠤ᠂  ᠬᠠᠤᠯᠢ ᠪᠠᠷ ᠵᠠᠰᠠᠬᠤ ᠰᠤᠷᠲᠠᠯᠴᠢᠯᠠᠭ᠎ᠠ ᠦᠩᠭᠡ ᠨᠡᠮᠡᠷᠢᠯᠡᠪᠡ
ᠨᠡᠶᠢᠲᠡᠯᠡᠭᠰᠡᠨ ᠴᠠᠭ᠄
2020-01-07
        ᠦᠩᠭᠡᠷᠡᠵᠦ ᠤᠳᠤᠭᠰᠠᠨ 2019 ᠤᠨ ᠳᠤ ᠬᠤᠩ ᠮᠢᠶᠤᠤᠽᠢ ᠪᠠᠯᠭᠠᠰᠤ ᠡᠯᠪᠡᠭ ᠬᠤᠷᠢᠶᠠᠯᠲᠠ ᠤᠯᠵᠤ᠂  ᠬᠠᠷ᠎ᠠ ᠪᠦᠯᠦᠭᠲᠡᠨ ᠬᠠᠷᠭᠢᠰ ᠬᠦᠴᠦᠨ ᠢ ᠤᠰᠠᠳᠬᠠᠬᠤ᠂ ᠭᠠᠵᠠᠷ ᠲᠠᠲᠠᠪᠤᠷᠢᠯᠠᠵᠤ ᠨᠡᠭᠦᠯᠭᠡᠨ ᠰᠠᠭᠤᠷᠢᠰᠢᠭᠤᠯᠬᠤ᠂ ᠶᠠᠳᠠᠭᠤ ᠶᠢ ᠳᠡᠳᠬᠦᠵᠦ ᠪᠤᠭᠤᠮᠲᠠ ᠰᠢᠪᠲᠤᠯᠬᠤ ᠵᠡᠷᠭᠡ ᠡᠯ᠎ᠡ ᠵᠦᠢᠯ ᠤᠨ ᠠᠵᠢᠯ ᠰᠡᠳᠬᠢᠯ ᠳᠤᠭᠳᠤᠯᠤᠭᠤᠯᠤᠮ᠎ᠠ ᠠᠮᠵᠢᠯᠲᠠ ᠤᠯᠪᠠ᠃  ᠠᠷᠠᠳ ᠤᠨ ᠰᠡᠳᠬᠢᠯ ᠢ ᠤᠯᠠᠮ ᠨᠢᠭᠲᠠᠷᠠᠭᠤᠯᠤᠨ᠂  ᠲᠤᠰᠬᠤᠨ ᠨᠡᠶᠢᠭᠡᠮ ᠲᠤᠭᠤᠷᠢᠭ ᠤᠨ ᠺᠠᠳ᠋ᠷ ᠤᠨ ᠬᠡᠪ ᠨᠠᠮᠪᠠ ᠶᠢ ᠢᠯᠡᠷᠡᠭᠦᠯᠬᠦ᠂ ᠵᠣᠯ ᠵᠢᠷᠭᠠᠯᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ 2020 ᠤᠨ ᠤ 1 ᠰᠠᠷ᠎ᠠ ᠶᠢᠨ 3 ᠤ ᠡᠳᠦᠷ᠂  ᠨᠢᠶᠧ ᠬᠤ᠋ ᠳ᠋ᠢ ᠲᠦᠪ ᠵᠡᠭᠡᠯᠢ ᠨᠠᠮ ᠤᠨ ᠡᠭᠦᠷ᠂ ᠬᠠᠮᠢᠶ᠎ᠠ ᠪᠦᠬᠦᠢ ᠪᠠᠶᠢᠭᠤᠯᠭ᠎ᠠ ᠲᠠᠢ ᠬᠤᠯᠪᠤᠭᠠᠯᠠᠨ᠂  ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ︽ᠤᠭ ᠰᠠᠨᠠᠭ᠎ᠠ ᠪᠠᠨ ᠦᠯᠦ ᠮᠠᠷᠲᠠᠨ᠂  ᠡᠷᠡᠯᠬᠡᠭᠯᠡᠨ ᠤᠷᠤᠭᠰᠢᠯᠠᠬᠤ︾ ᠰᠢᠨ᠎ᠡ ᠤᠨ ᠤ ᠬᠠᠷᠢᠭᠤ ᠮᠡᠳᠡᠭᠦᠯᠦᠯᠲᠡ ᠶᠢᠨ  ᠲᠤᠭᠯᠠᠯᠲᠠ ᠡᠷᠬᠢᠯᠡᠪᠡ᠃  ᠬᠤᠩ ᠮᠢᠶᠤᠤᠽᠢ ᠬᠠᠤᠯᠢ ᠴᠠᠭᠠᠵᠠ ᠶᠢᠨ ᠰᠠᠯᠪᠤᠷᠢ᠂ ᠪᠠᠯᠭᠠᠰᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ ᠲᠣᠬᠢᠶᠠᠯ ᠢ ᠠᠳᠬᠤᠨ᠂ ᠤᠷᠠᠨ ᠰᠠᠶᠢᠬᠠᠨ ᠤ ᠲᠤᠭᠯᠠᠯᠲᠠ ᠪᠠᠷ ︽ᠲᠠᠶᠢᠰᠠ︾ ᠪᠤᠯᠭᠠᠵᠤ᠂  ᠬᠠᠷᠢᠶ᠎ᠠ ᠲᠣᠭᠤᠷᠢᠭ ᠤᠨ ᠤᠯᠠᠨ ᠲᠥᠮᠡᠨ ᠳᠤ ᠬᠠᠤᠯᠢ ᠪᠠᠷ ᠵᠠᠰᠠᠬᠤ ᠰᠤᠷᠲᠠᠯ ᠤᠬᠠᠭᠤᠯᠭ᠎ᠠ ᠶᠢᠨ ︽ᠶᠡᠭᠡ ᠦᠵᠡᠭᠦᠯᠡᠪᠦᠷᠢ︾ ᠦᠵᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号