ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠠᠵᠤ ᠠᠬᠤᠶᠢᠯᠠᠯ ᠢ ᠵᠤᠬᠢᠶᠠᠨ ᠪᠠᠶᠢᠭᠤᠯᠵᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠬᠢᠪᠡ
ᠨᠡᠶᠢᠲᠡᠯᠡᠭᠰᠡᠨ ᠴᠠᠭ᠄
2020/1/9
        ᠤᠶᠢᠷ᠎ᠠ ᠳᠤ ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠣᠭᠤᠷᠢᠭ ᠤᠨ ᠪᠦᠬᠦ ᠦᠢᠯᠡᠳᠪᠦᠷᠢ ᠬᠤᠳᠠᠯᠳᠤᠭᠠᠨ ᠤ ᠦᠢᠯᠡᠰ᠂  ᠠᠶᠤᠯᠲᠠᠢ ᠬᠢᠮᠢ ᠶᠢᠨ ᠪᠤᠳᠠᠰ ᠤᠨ ᠡᠵᠡᠩᠨᠡᠯᠲᠡ ᠶᠢᠨ ᠠᠵᠤ ᠠᠬᠤᠶᠢᠯᠠᠯ ᠤᠨ 300 ᠭᠠᠷᠤᠢ ᠠᠵᠢᠯᠲᠠᠳ ᠤ ᠠᠵᠢᠯ ᠤᠨ ᠪᠠᠶᠢᠷᠢ ᠶᠢᠨ ᠠᠵᠢᠯᠯᠠᠭᠠᠨ ᠤ ᠳᠥᠷᠢᠮ ᠲᠤᠭᠲᠠᠭᠠᠯ᠂  ᠠᠵᠢᠯ ᠤᠨ ᠪᠠᠶᠢᠷᠢ ᠶᠢᠨ ᠠᠶᠤᠯᠲᠠᠢ ᠴᠡᠭ᠂  ᠪᠠᠴᠢᠮ ᠢ ᠠᠷᠭᠠᠴᠠᠬᠤ ᠠᠷᠭ᠎ᠠ ᠠᠪᠴᠠᠯ᠂  ᠦᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠨ ᠲᠤᠰᠠᠯᠠᠬᠤ ᠴᠢᠳᠠᠪᠤᠷᠢ᠂  ᠠᠶᠦᠯᠭᠦᠢ ᠶᠢᠨ ᠬᠠᠮᠢᠶᠠᠷᠤᠯᠲᠠ ᠵᠡᠷᠭᠡ ᠦᠨᠳᠦᠰᠦᠨ ᠮᠡᠳᠡᠯᠭᠡ ᠶᠢᠨ ᠰᠢᠯᠭᠠᠯᠲᠠ ᠬᠢᠵᠦ᠂  ᠲᠣᠭᠤᠷᠢᠭ ᠤᠨ ᠪᠦᠬᠦ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠰᠢᠯᠭᠠᠯᠲᠠ ᠳᠤ ᠬᠢᠷᠢ ᠲᠡᠩᠴᠡᠭᠰᠡᠨ ᠦᠭᠡᠢ ᠠᠵᠢᠯᠲᠠᠳ ᠬᠤᠶᠠᠷ ᠤᠳᠠᠭᠠᠨ ᠤ ᠨᠦᠬᠦᠵᠦ ᠰᠢᠯᠭᠠᠬᠤ ᠵᠠᠪᠰᠢᠶᠠᠨ ᠲᠠᠢ᠂  ᠬᠤᠶᠠᠷ ᠤᠳᠠᠭᠠᠨ ᠤ ᠨᠦᠬᠦᠨ ᠰᠢᠯᠭᠠᠯᠲᠠ ᠳᠤ ᠬᠢᠷᠢ ᠲᠡᠩᠴᠡᠬᠦ ᠦᠭᠡᠢ ᠪᠣᠯ ᠠᠶᠦᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠤᠭᠲᠠᠭᠠᠯ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠤᠯᠭᠤᠵᠤ᠂  ᠰᠤᠷᠭᠠᠨ ᠬᠦᠮᠦᠵᠢᠭᠦᠯᠵᠦ ᠪᠤᠯᠪᠠᠰᠤᠷᠠᠭᠤᠯᠬᠤ ᠬᠢᠨᠠᠨ ᠰᠢᠯᠭᠠᠬᠤ ᠠᠵᠢᠯ ᠢ ᠬᠦᠨᠳᠦᠳᠬᠡᠬᠦ ᠦᠭᠡᠢ ᠪᠤᠶᠤ ᠬᠢᠷᠢ ᠲᠡᠩᠴᠡᠭᠰᠡᠨ ᠨᠣᠷᠮ᠎ᠠ ᠳᠤᠤᠷ᠎ᠠ ᠠᠵᠤ ᠠᠬᠤᠶᠢᠯᠠᠯ ᠢ ᠲᠣᠭᠤᠷᠢᠭ ᠤᠨ ᠪᠠᠴᠢᠮ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ 2020 ᠤᠨ ᠤ ᠭᠤᠤᠯᠳᠠᠯᠭ᠎ᠠ ᠲᠠᠢ ᠬᠢᠨᠠᠨ ᠪᠠᠶᠢᠴᠠᠭᠠᠵᠤ ᠱᠠᠪᠳᠠᠭᠤᠯᠬᠤ ᠠᠵᠤ ᠠᠬᠤᠶᠢᠯᠠᠯ ᠤᠨ ᠵᠢᠭᠰᠠᠭᠠᠯᠲᠠ ᠳᠤ ᠤᠷᠤᠭᠤᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号