ᠡᠮᠦᠨ᠎ᠡ ᠭᠤᠷᠪᠠᠨ ᠤᠯᠠᠷᠢᠯ ᠳᠤ ᠮᠠᠨ ᠤ ᠣᠷᠣᠨ ᠤ ᠠᠵᠤ ᠠᠬᠤᠢ ᠲᠣᠭᠲᠠᠭᠤᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2020/10/22
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 10 ᠰᠠᠷ᠎ᠠ ᠶᠢᠨ 20 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 2020 ᠣᠨ ᠤ ᠡᠮᠦᠨ᠎ᠡ ᠭᠤᠷᠪᠠᠨ ᠤᠯᠠᠷᠢᠯ ᠳᠤ᠂ ᠪᠦᠬᠦ ᠣᠷᠣᠨ ᠤ ᠠᠵᠤ ᠠᠬᠤᠢ ᠲᠣᠭᠲᠠᠭᠤᠨ ᠢᠶᠠᠷ ᠰᠡᠷᠭᠦᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠲᠤᠯᠠᠬᠤ︾ ᠦᠷ᠎ᠡ ᠪᠦᠲᠦᠮᠵᠢ ᠢᠯᠡᠷᠬᠡᠢ ᠪᠠᠶᠢᠨ᠎ᠠ ᠭᠡᠵᠡᠢ᠃        2020 ᠣᠨ ᠤ ᠡᠮᠦᠨ᠎ᠡ ᠭᠤᠷᠪᠠᠨ ᠤᠯᠠᠷᠢᠯ ᠳᠤ᠂ ᠮᠠᠨ ᠤ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 12320.0 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠵᠤ᠂ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 740.3 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠨ᠂ ᠬᠤᠶᠠᠳᠣᠭᠠᠷ ᠠᠵᠤ ᠦᠢᠯᠡᠰ ᠤᠨ ᠨᠡᠮᠡᠭᠳᠡᠯ ᠥᠷᠲᠡᠭ 5152.6 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6427.2 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 3.0% ᠢᠶᠠᠷ ᠪᠠᠭᠤᠷᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号