ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠬᠠᠷᠢᠭᠤᠴᠠᠯᠭᠠᠳᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠶᠢᠯᠠᠯ ᠢ ᠲᠡᠮᠵᠢᠭᠦ ᠬᠠᠮᠢᠶ᠎ᠠ ᠪᠦᠬᠦᠢ ᠲᠦᠷᠥ ᠶᠢᠨ ᠪᠣᠳᠣᠯᠭ᠎ᠠ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/3/12
       ᠤᠢᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠤᠨ ᠲᠡᠳ᠋ ᠲᠠᠷᠤᠭ᠎ᠠ ᠵᠤᠤ ᠶᠦᠨ ᠹᠧᠩ ᠨᠦᠬᠦᠷ ᠨᠡᠶᠢᠭᠡᠮ ᠨᠡᠶᠢᠳᠡ ᠶᠢᠨ ᠬᠠᠯᠠᠮᠵᠢᠯᠠᠵᠦ ᠪᠠᠶᠢᠭ᠎ᠠ ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠢ ᠲᠡᠮᠵᠢᠬᠦ ᠠᠷᠪᠠᠨ ᠵᠤᠷᠪᠤᠰ ᠲᠦᠷᠦ ᠶᠢᠨ ᠪᠤᠳᠤᠯᠭ᠎ᠠ︾ ︵ᠦᠪᠦᠷ ᠦᠢᠯᠡᠳᠪᠦᠷᠢ ᠵᠠᠩᠬᠢᠴᠢᠯᠠᠯᠳᠠ ᠲᠠᠷᠬᠠᠭᠠᠬᠰᠠᠨ ︹2020︺ 21 ᠳ᠋ᠦ᠋ᠭᠡᠷ ᠲᠤᠭᠠᠳᠤ︶ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠬᠠᠮᠢᠶ᠎ᠠ ᠪᠦᠬᠦᠢ ᠠᠰᠠᠭᠤᠯᠳᠠ ᠶᠢᠨ ᠲᠤᠬᠠᠢ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠤᠬᠰᠠᠨ ᠪᠠᠶᠢᠨ᠎ᠠ᠃        ᠰᠤᠷᠪᠤᠯᠵᠢᠯᠠᠬᠴᠢ᠄ ᠪᠦᠬᠦ ᠤᠷᠤᠨ ᠲᠠᠶᠠᠭᠠᠷ ᠬᠢᠵᠢᠭ ᠲᠠᠢ ᠲᠡᠮᠡᠴᠡᠵᠦ ᠪᠠᠶᠢᠭ᠎ᠠ ᠵᠠᠩᠬᠢᠯᠠᠭ᠎ᠠ ᠶᠢᠨ ᠱᠠᠳᠤᠨ ᠳᠤ᠂ ᠦᠪᠡᠷᠳᠡᠬᠡᠨ ᠵᠠᠰᠠᠬᠤ ᠤᠷᠤᠨ ᠤ ᠲᠤᠯᠤᠭᠠᠨ ᠰᠠᠯᠠᠭ᠎ᠠ ᠮᠦᠴᠢᠷ ᠬᠠᠮᠳᠤᠷᠠᠵᠦ ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠢ ᠲᠡᠮᠵᠢᠬᠦ ᠠᠷᠪᠠᠨ ᠵᠤᠷᠪᠤᠰ ᠲᠦᠷᠦ ᠶᠢᠨ ᠪᠤᠳᠤᠯᠭ᠎ᠠ︾ ᠶᠢ ᠲᠤᠭᠳᠠᠭᠠᠬᠰᠠᠨ ᠨᠢ ᠭᠤᠤᠯᠳᠠᠭᠤ ᠶᠠᠭᠤ ᠶᠢ ᠪᠤᠳᠤᠯᠬᠢᠯᠠᠬᠰᠠᠨ ᠪᠤᠢ︖        ᠵᠤᠤ ᠶᠦᠨ ᠹᠧᠩ᠄ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠤᠳᠤᠷᠢᠳᠤᠯᠭ᠎ᠠ ᠲᠤᠤᠷ᠎ᠠ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠦᠳᠳᠡᠷ ᠴᠤᠤᠷᠢᠶᠠᠳᠴᠦ᠂ ᠨᠢᠬᠡᠳᠦᠯᠳᠡᠢ ᠲᠦᠯᠦᠪᠵᠢᠬᠦᠯᠦᠨ ᠲᠤᠬᠢᠷᠠᠭᠤᠯᠵᠦ᠂ ᠨᠠᠷᠢᠨ ᠨᠢᠬᠳᠠ ᠪᠠᠶᠢᠷᠢᠯᠠᠭᠤᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠠᠳᠬᠤᠵᠦ᠂ ᠱᠠᠳᠤᠴᠢ ᠴᠢᠨᠠᠷᠳᠠᠢ ᠦᠷ᠎ᠠ ᠪᠦᠲᠦᠮᠵᠢ ᠤᠯᠵᠠᠢ ᠃ 2 ᠰᠠᠷ᠎ᠠ ᠶᠢᠨ 7 ᠤ ᠡᠳᠦᠷ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠠᠴᠠ ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠬᠤ ᠠᠵᠦ ᠠᠬᠤᠢᠢᠯᠠᠯ ᠪᠠ ᠬᠢᠵᠢᠭ ᠤᠨ ᠪᠠᠶᠢᠳᠠᠯ ᠤᠨ ᠨᠦᠯᠦᠭᠡᠯᠡᠯ ᠠᠴᠠ ᠪᠤᠯᠵᠦ ᠦᠢᠯᠡᠳᠪᠦᠷᠢᠯᠡᠯ ᠡᠵᠡᠩᠨᠡᠯᠳᠡ ᠨᠢ ᠬᠦᠴᠢᠷᠳᠡᠯ ᠲᠠᠢ ᠲᠤᠮᠳᠠ ᠪᠠᠭ᠎ᠠ ᠠᠵᠦ ᠠᠬᠤᠢᠢᠯᠠᠯ ᠤᠨ ᠡᠷᠡᠬᠦᠯ ᠬᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢᠨ ᠲᠤᠬᠠᠢ ᠮᠡᠳᠡᠭᠳᠡᠯ︾ ᠪᠠᠭᠤᠯᠭᠠᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠦ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠶᠢ ᠪᠠᠳᠤᠯᠠᠨ᠂ ᠬᠢᠵᠢᠭ ᠤᠨ ᠪᠠᠶᠢᠳᠠᠯ ᠳᠤ ᠨᠡᠯᠢᠶᠡᠳ ᠨᠦᠯᠦᠭᠡᠯᠡᠭᠳᠡᠭᠰᠡᠨ ᠲᠤᠮᠳᠠ ᠪᠠᠭ᠎ᠠ ᠠᠵᠦ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠬᠦᠴᠢᠷᠳᠡᠯ ᠢ ᠰᠢᠢᠳᠪᠦᠷᠢᠯᠡᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠨᠦᠭᠦᠳ ᠢ ᠲᠤᠳᠤᠷᠬᠠᠢᠢᠯᠠᠵᠠᠢ᠃ ᠡᠨᠡ ᠬᠦ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠡᠬᠦᠨ ᠤ ᠲᠤᠳᠤᠷᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠤ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠳᠤ ᠠᠪᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠴᠢᠨᠠᠬᠰᠢᠳᠠ ᠨᠠᠷᠢᠰᠬᠠᠬᠤ ᠶᠢᠨ ᠲᠦᠯᠦᠬᠡ᠂ ᠪᠢᠳᠡ ︽ᠠᠷᠪᠠᠨ ᠵᠤᠷᠪᠤᠰ ᠲᠦᠷᠦ ᠶᠢᠨ ᠪᠤᠳᠤᠯᠭ᠎ᠠ︾ ᠶᠢ ᠨᠤᠤᠷᠠᠬᠯᠠᠵᠦ᠂ ᠭᠤᠤᠯᠳᠠᠭᠤ ᠮᠡᠷᠬᠡᠵᠢᠯ ᠤᠨ ᠦᠬᠡᠷᠡᠴᠢᠯᠡᠯᠳᠡ ᠳᠤ ᠪᠡᠯᠡ ᠤᠷᠤᠭᠤᠯᠵᠦ ᠨᠦᠬᠦᠪᠦᠷᠢ ᠦᠭᠬᠦ᠂ ᠬᠤᠪᠢ ᠨᠡᠮᠡᠷᠢ ᠶᠢᠨ ᠱᠠᠩᠨᠠᠯ ᠤᠯᠭᠤᠬᠤ᠂ ᠲᠤᠮᠳᠠ ᠪᠠᠭ᠎ᠠ ᠠᠵᠦ ᠠᠬᠤᠢᠢᠯᠠᠯ ᠤᠨ ︽ᠬᠠᠪᠰᠤᠷᠤᠨ ᠲᠠᠭᠠᠭᠠᠬᠤ ᠵᠢᠬᠡᠯᠡᠯᠬᠡ︾᠂ ᠵᠢᠬᠡᠯᠡᠯᠬᠡ ᠶᠢᠨ ᠬᠦᠦ ᠮᠦᠩᠬᠦ ᠶᠢᠨ ᠨᠦᠬᠦᠪᠦᠷᠢ ᠦᠭᠬᠦ᠂ ᠠᠵᠢᠯᠳᠠᠨ ᠬᠡᠷᠡᠭᠯᠡᠬᠦ ᠨᠦᠬᠦᠪᠦᠷᠢ ᠦᠭᠬᠦ᠂ ᠵᠠᠮ ᠬᠠᠷᠢᠯᠴᠠᠭᠠᠨ ᠤ ᠨᠦᠬᠦᠪᠦᠷᠢ ᠦᠭᠬᠦ᠂ ᠵᠠᠰᠠᠬ ᠤᠨ ᠤᠷᠳᠤᠨ ᠠᠴᠠ ᠬᠤᠳᠠᠯᠳᠤᠨ ᠠᠪᠬᠤ ᠵᠡᠷᠬᠡ ᠲᠠᠯ᠎ᠠ ᠪᠠᠷ ᠬᠡᠷᠡᠭᠵᠢᠬᠦᠯᠦᠬᠦᠰᠢᠳᠡᠢ ᠲᠡᠮᠵᠢᠯᠬᠡ ᠶᠢᠨ ᠠᠷᠭ᠎ᠠ ᠬᠡᠮᠵᠢᠶ᠎ᠠ ᠶᠢ ᠲᠤᠷᠠᠳᠴᠠᠢ᠂ ︽ᠠᠷᠪᠠᠨ ᠵᠤᠷᠪᠤᠰ ᠲᠦᠷᠦ ᠶᠢᠨ ᠪᠤᠳᠤᠯᠭ᠎ᠠ︾ ᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠤ ᠡᠳ᠋ ᠪᠤᠳᠠᠰ ᠢ ᠪᠠᠳᠤᠯᠠᠬᠤ ᠠᠵᠦ ᠠᠬᠤᠢᠢᠯᠠᠯ ᠢ ᠲᠡᠮᠵᠢᠬᠦ ᠬᠠᠮᠢᠶ᠎ᠠ ᠪᠦᠬᠦᠢ ᠠᠷᠭ᠎ᠠ ᠬᠡᠮᠵᠢᠶ᠎ᠠ ᠶᠢᠨ ᠲᠤᠬᠠᠢ ᠪᠤᠳᠠᠳᠠᠶᠢᠵᠢᠭᠤᠯᠤᠯ ᠬᠡᠵᠦ ᠬᠡᠯᠡᠵᠦ ᠪᠤᠯᠤᠨ᠎ᠠ᠃ ᠡᠬᠦᠨ ᠠᠴᠠ ᠭᠠᠳᠠᠨ᠎ᠠ᠂ ᠤᠯᠠᠨ ᠤ ᠮᠡᠳᠡᠬᠡᠵᠢ ᠪᠠᠷ᠂ ᠡᠮᠴᠢᠯᠡᠬᠡᠨ ᠤ ᠡᠳ᠋ ᠪᠤᠳᠠᠰ ᠨᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠲᠦᠢᠯ ᠤᠨ ᠴᠢᠬᠤᠯᠠ ᠦᠢᠯᠡᠳᠦᠯ ᠦᠵᠡᠬᠦᠯᠵᠦ᠂ ᠴᠢᠬᠤᠯᠠ ᠡᠮᠴᠢᠯᠡᠬᠡᠨ ᠤ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠳᠤ ᠵᠤᠬᠢᠬᠤ ᠲᠡᠮᠵᠢᠯᠬᠡ ᠦᠵᠡᠬᠦᠯᠦᠨ᠂ ᠡᠳᠡᠬᠡᠷ ᠠᠵᠦ ᠠᠬᠤᠢᠢᠯᠠᠯ ᠤᠨ ᠦᠢᠯᠡᠳᠪᠦᠷᠢᠯᠡᠯ ᠢᠶᠠᠨ ᠨᠡᠮᠡᠭᠳᠡᠬᠦᠯᠦᠨ ᠬᠠᠩᠭᠠᠯᠭ᠎ᠠ ᠪᠠᠨ ᠨᠡᠮᠡᠭᠳᠡᠬᠦᠯᠬᠦ ᠶᠢ ᠵᠤᠷᠢᠬᠵᠢᠭᠤᠯᠬᠤ ᠨᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠨᠡᠩ ᠢᠳᠡᠪᠬᠢ᠂ ᠴᠢᠬᠤᠯᠠ ᠦᠢᠯᠡᠳᠦᠯ ᠪᠠᠳᠠᠷᠠᠭᠤᠯᠬᠤ ᠨᠢ ᠯᠠᠪᠳᠠᠢ᠃        ᠰᠤᠷᠪᠤᠯᠵᠢᠯᠠᠬᠴᠢ᠄ ᠲᠦᠷᠦ ᠶᠢᠨ ᠪᠤᠳᠤᠯᠭ᠎ᠠ ᠶᠢᠨ ᠦᠷ᠎ᠠ ᠠᠰᠢᠬ ᠢ ᠪᠠᠳᠠᠷᠠᠭᠤᠯᠤᠶ᠎ᠠ ᠬᠡᠪᠡᠯ᠂ ᠵᠠᠩᠬᠢᠯᠠᠭ᠎ᠠ ᠨᠢ ᠬᠠᠰᠢᠯᠠ ᠠᠵᠦ ᠠᠬᠤᠢᠢᠯᠠᠯ᠂ ᠲᠦᠷᠦᠯ ᠵᠦᠢᠯ ᠳᠤ ᠨᠠᠶᠢᠳᠠᠪᠤᠷᠢᠵᠢᠭᠤᠯᠬᠤ ᠳᠤ ᠪᠠᠶᠢᠨ᠎ᠠ᠂ ᠲᠡᠬᠡᠪᠡᠯ ᠶᠠᠮᠠᠷ ᠠᠵᠦ ᠠᠬᠤᠢᠢᠯᠠᠯ ᠪᠤᠶᠤ ᠲᠦᠷᠦᠯ ᠵᠦᠢᠯ ᠨᠢ ᠰᠠᠶ᠋ᠢ ᠲᠦᠷᠦ ᠶᠢᠨ ᠪᠤᠳᠤᠯᠭ᠎ᠠ ᠶᠢᠨ ᠲᠡᠮᠵᠢᠯᠬᠡ ᠶᠢ ᠬᠦᠷᠳᠡᠵᠦ ᠲᠡᠶᠢᠯᠬᠦ ᠪᠤᠢ︖        ᠵᠤᠤ ᠶᠦᠨ ᠹᠧᠩ᠄ ᠲᠦᠷᠦᠬᠦᠬᠡᠨ᠂ ᠤᠯᠤᠰ ᠤᠨ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠠᠴᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠬᠤ ᠡᠳ᠋ ᠪᠤᠳᠠᠰ ᠤᠨ ᠨᠠᠷᠢᠨ ᠲᠠᠩᠰᠠ ᠶᠢ ᠨᠡᠶᠢᠳᠡᠯᠡᠵᠡᠢ᠃ ᠮᠠᠨ ᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠵᠦ᠂ ︽ᠠᠷᠪᠠᠨ ᠵᠤᠷᠪᠤᠰ ᠲᠦᠷᠦ ᠶᠢᠨ ᠪᠤᠳᠤᠯᠭ᠎ᠠ︾ ᠶᠢᠨ ᠭᠤᠤᠯ ᠲᠡᠮᠵᠢᠬᠦ ᠡᠳᠡᠬᠡᠳ ᠪᠤᠯ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠡᠮᠴᠢᠯᠡᠬᠡᠨ ᠤ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ᠂ ᠡᠮᠴᠢᠯᠡᠬᠡᠨ ᠤ ᠡᠳ᠋ ᠪᠤᠳᠠᠰ ᠲᠤ ᠬᠡᠷᠡᠭᠰᠡᠬᠦ ᠴᠢᠬᠤᠯᠠ ᠲᠦᠬᠦᠬᠡᠢ ᠲᠤᠰᠠᠯᠠᠬᠤ ᠮᠠᠲ᠋ᠧᠷᠢᠶᠠᠯ ᠦᠢᠯᠡᠳᠪᠦᠷᠢᠯᠡᠬᠦ ᠠᠵᠦ ᠠᠬᠤᠢᠢᠯᠠᠯ ᠪᠤᠯᠤᠨ᠎ᠠ᠂ ᠪᠤᠳᠠᠳᠠᠢ ᠪᠠᠷ ᠶᠠᠷᠢᠪᠠᠯ᠄ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠬᠡᠷᠡᠭᠯᠡᠬᠦ ᠡᠮᠴᠢᠯᠡᠬᠡᠨ ᠤ ᠰᠡᠷᠬᠡᠶᠢᠯᠡᠯᠳᠡ ᠶᠢᠨ ᠬᠤᠪᠴᠠᠰᠤ᠂ ᠲᠤᠰᠠᠭᠠᠷᠯᠠᠯᠳᠠ ᠶᠢᠨ ᠬᠤᠪᠴᠠᠰᠤ᠂ ᠲᠤᠰᠠᠭᠠᠷᠯᠠᠯᠳᠠ ᠶᠢᠨ ᠨᠢᠭᠤᠷ ᠤᠨ ᠪᠦᠷᠬᠦᠪᠴᠢ᠂ ᠡᠮᠴᠢᠯᠡᠬᠡᠨ ᠳᠤ ᠬᠡᠷᠡᠭᠯᠡᠬᠦ ᠵᠢᠴᠢ ᠰᠡᠷᠬᠡᠶᠢᠯᠡᠨ ᠬᠠᠮᠠᠭᠠᠯᠠᠬᠤ ᠦᠢᠯᠡᠳᠦᠯ ᠪᠦᠬᠦᠢ ᠠᠷᠠᠳ ᠤᠨ ᠬᠡᠷᠡᠭᠯᠡᠬᠡᠨ ᠤ ᠠᠮᠠᠪᠴᠢ᠂ ᠡᠮᠴᠢᠯᠡᠬᠡᠨ ᠤ ᠨᠢᠳᠤ ᠬᠠᠮᠠᠭᠠᠯᠠᠬᠤ ᠰᠢᠯ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠸᠢᠷᠦ᠋ᠰ ᠢ ᠰᠢᠯᠭᠠᠨ ᠬᠡᠮᠵᠢᠬᠦ ᠤᠷᠪᠠᠯ ᠤᠨ ᠬᠠᠶᠢᠷᠴᠠᠬ᠂ ᠰᠦᠬᠡᠷᠬᠦ ᠲᠠᠷᠤᠯᠳᠠᠳᠤ ᠪᠠᠴᠢᠮ ᠠᠪᠤᠷᠠᠬᠤ ᠮᠠᠰᠢᠨ ᠲᠡᠷᠬᠡ᠂ ᠠᠷᠢᠭᠤᠳᠬᠠᠬᠤ ᠮᠠᠰᠢᠨ᠂ ᠠᠷᠢᠭᠤᠳᠬᠠᠬᠤ ᠬᠡᠷᠡᠭᠰᠡᠯ᠂ ᠤᠯᠠᠭᠠᠨ ᠤ ᠭᠠᠳᠠᠨᠠᠬᠢ ᠪᠡᠶ᠎ᠠ ᠶᠢᠨ ᠲᠤᠯᠠᠭᠠᠨ ᠤ ᠬᠡᠮᠵᠢᠬᠦᠷ᠂ ᠤᠶᠤᠨᠴᠢ ᠪᠠᠷ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠰᠢᠰᠲ᠋ᠧᠮ᠂ ᠬᠠᠮᠢᠶ᠎ᠠ ᠪᠦᠬᠦᠢ ᠡᠮᠴᠢᠯᠡᠬᠡᠨ ᠤ ᠮᠠᠰᠢᠨ ᠪᠠᠭᠠᠵᠢ ᠪᠠ ᠬᠢᠵᠢᠭ ᠢ ᠰᠡᠷᠬᠡᠶᠢᠯᠡᠬᠦ ᠡᠮ ᠤᠨ ᠵᠦᠢᠯᠡᠰ ᠵᠡᠷᠬᠡ ᠡᠮᠴᠢᠯᠡᠬᠡᠨ ᠤ ᠴᠢᠬᠤᠯᠠ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠪᠠ ᠲᠦᠷᠦᠯ ᠵᠦᠢᠯ ᠢ ᠪᠠᠭᠳᠠᠭᠠᠨ᠎ᠠ᠃ ᠡᠨᠡ ᠬᠦ ᠬᠦᠷᠢᠶ᠎ᠠ ᠬᠡᠪᠴᠢᠶ᠎ᠠ ᠨᠢ ᠬᠤᠪᠢᠷᠠᠰᠢ ᠦᠬᠡᠢ ᠪᠢᠰᠢ ᠪᠠᠶᠢᠵᠦ᠂ ᠪᠢᠳᠡ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠳᠠᠳᠠᠢ ᠬᠡᠷᠡᠭᠴᠡᠭᠡ ᠱᠠᠭᠠᠷᠳᠠᠯᠭ᠎ᠠ ᠶᠤᠰᠤᠭᠠᠷ᠂ ᠲᠡᠮᠵᠢᠯᠬᠡ ᠦᠵᠡᠬᠦᠯᠬᠦ ᠬᠦᠷᠢᠶ᠎ᠠ ᠬᠡᠪᠴᠢᠶ᠎ᠠ ᠳᠤ ᠬᠦᠳᠡᠯᠦᠩᠬᠦᠢ ᠲᠤᠬᠢᠷᠠᠭᠤᠯᠤᠯᠳᠠ ᠬᠢᠬᠦ ᠪᠤᠯᠤᠨ᠎ᠠ᠃ ᠤᠨᠴᠠᠭᠠᠢᠢᠯᠠᠨ ᠲᠤᠳᠤᠷᠬᠠᠢᠢᠯᠠᠬᠤ ᠠᠴᠠ᠂ ᠲᠡᠬᠡᠷ᠎ᠠ ᠲᠤᠷᠠᠳᠤᠬᠰᠠᠨ ᠬᠦᠷᠢᠶ᠎ᠠ ᠬᠡᠪᠴᠢᠶᠡᠨ ᠲᠤᠳᠤᠷᠠᠬᠢ ᠰᠢᠨ᠎ᠠ ᠪᠠᠷ ᠪᠦᠲᠦᠬᠡᠨ ᠪᠠᠶᠢᠭᠤᠯᠤᠬᠰᠠᠨ ᠲᠦᠷᠦᠯ ᠵᠦᠢᠯ ᠨᠢ ᠡᠷᠬᠡᠪᠰᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠢᠨᠠᠨ ᠵᠦᠪᠰᠢᠶᠡᠷᠡᠯ ᠤᠯᠤᠬᠰᠠᠨ ᠪᠠᠶᠢᠬᠤ ᠬᠡᠷᠡᠭᠳᠡᠢ᠂ ᠨᠢᠬᠡᠳᠦᠬᠡᠷ ᠵᠤᠷᠪᠤᠰ ᠲᠠᠬᠢ ᠮᠡᠷᠬᠡᠵᠢᠯ ᠤᠨ ᠦᠬᠡᠷᠡᠴᠢᠯᠡᠯᠳᠡ ᠳᠤ ᠪᠡᠯᠡ ᠤᠷᠤᠭᠤᠯᠵᠦ ᠨᠦᠬᠦᠪᠦᠷᠢ ᠦᠭᠬᠦ ᠶᠢ ᠮᠡᠳᠡᠬᠦᠯᠬᠦ ᠳᠤ ᠲᠦᠬᠦᠬᠡᠷᠦᠮᠵᠢ ᠶᠢ ᠬᠤᠳᠠᠯᠳᠤᠨ ᠠᠪᠬᠤ ᠶᠢ ᠪᠠᠰᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠦᠢᠴᠡᠳᠬᠡᠬᠦ ᠬᠡᠷᠡᠭᠳᠡᠢ᠃        ᠰᠤᠷᠪᠤᠯᠵᠢᠯᠠᠬᠴᠢ᠄ ᠠᠯᠢ ᠰᠠᠯᠠᠭ᠎ᠠ ᠮᠦᠴᠢᠷ ᠠᠴᠠ ᠭᠤᠶᠤᠴᠢᠯᠠᠨ ᠮᠡᠳᠡᠬᠦᠯᠬᠦ ᠪᠤᠢ︖ ᠶᠠᠭᠠᠬᠢᠵᠦ ᠭᠤᠶᠤᠴᠢᠯᠠᠨ ᠮᠡᠳᠡᠬᠦᠯᠬᠦ ᠪᠤᠢ︖ ᠶᠠᠮᠠᠷ ᠶᠠᠮᠠᠷ ᠮᠠᠲ᠋ᠧᠷᠢᠶᠠᠯ ᠢ ᠪᠡᠯᠡᠳᠬᠡᠬᠦ ᠴᠢᠬᠤᠯᠠᠳᠠᠢ ᠪᠤᠢ︖ ᠵᠡᠷᠬᠡ ᠶᠢ ᠠᠵᠦ ᠠᠬᠤᠢᠢᠯᠠᠯ ᠶᠡᠭᠡ ᠠᠩᠬᠠᠷᠴᠤ ᠪᠠᠶᠢᠨ᠎ᠠ᠃        ᠵᠤᠤ ᠶᠦᠨ ᠹᠧᠩ᠄ ︽ᠠᠷᠪᠠᠨ ᠵᠤᠷᠪᠤᠰ ᠲᠦᠷᠦ ᠶᠢᠨ ᠪᠤᠳᠤᠯᠭ᠎ᠠ︾ ᠶᠢᠨ ᠵᠢᠷᠭᠤᠳᠤᠭᠠᠷ ᠵᠤᠷᠪᠤᠰ ᠤᠨ ᠲᠦᠷᠦ ᠶᠢᠨ ᠪᠤᠳᠤᠯᠭ᠎ᠠ ᠨᠢ ᠡᠳ᠋ ᠤᠨ ᠵᠠᠰᠠᠬ ᠤᠨ ᠪᠡᠯᠡ ᠮᠦᠩᠬᠦ ᠶᠢᠨ ᠲᠡᠮᠵᠢᠯᠬᠡ ᠲᠠᠢ ᠬᠤᠯᠪᠤᠬᠳᠠᠵᠦ ᠪᠠᠶᠢᠨ᠎ᠠ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠦ ᠦᠢᠯᠡᠰ ᠤᠨ ᠲᠤᠰᠬᠠᠢ ᠲᠦᠷᠦᠯ ᠤᠨ ᠪᠡᠯᠡ ᠮᠦᠩᠬᠦ ᠶᠢᠨ ᠬᠠᠮᠢᠶᠠᠷᠤᠯᠳᠠ ᠶᠢᠨ ᠠᠷᠭ᠎ᠠ ᠶᠢᠨ ᠬᠠᠮᠢᠶ᠎ᠠ ᠪᠦᠬᠦᠢ ᠲᠤᠬᠳᠠᠭᠠᠯ ᠶᠤᠰᠤᠭᠠᠷ ᠪᠤᠯ ᠭᠤᠶᠤᠴᠢᠯᠠᠨ ᠮᠡᠳᠡᠬᠦᠯᠬᠦ ᠲᠠᠷᠠᠭᠠᠯᠠᠯ ᠢ ᠬᠦᠢᠴᠡᠳᠬᠡᠬᠦ ᠴᠢᠬᠤᠯᠠᠳᠠᠢ᠃ ᠨᠢᠬᠡᠳᠦᠬᠡᠷ ᠵᠤᠷᠪᠤᠰ ᠤᠨ ᠠᠵᠦ ᠠᠬᠤᠢᠢᠯᠠᠯ ᠤᠨ ᠮᠡᠷᠬᠡᠵᠢᠯ ᠤᠨ ᠦᠬᠡᠷᠡᠴᠢᠯᠡᠯᠳᠡ ᠳᠤ ᠪᠡᠯᠡ ᠤᠷᠤᠭᠤᠯᠵᠦ ᠨᠦᠬᠦᠪᠦᠷᠢ ᠦᠭᠬᠦ ᠪᠠ ᠭᠤᠷᠪᠠᠳᠤᠭᠠᠷ ᠵᠤᠷᠪᠤᠰ ᠤᠨ ᠲᠤᠮᠳᠠ ᠪᠠᠭ᠎ᠠ ᠠᠵᠦ ᠠᠬᠤᠢᠢᠯᠠᠯ ᠤᠨ ︽ᠬᠠᠪᠰᠤᠷᠤᠨ ᠲᠠᠭᠠᠭᠠᠬᠤ ᠵᠢᠬᠡᠯᠡᠯᠬᠡ︾ ᠡᠨᠡ ᠬᠤᠶᠠᠷ ᠵᠤᠷᠪᠤᠰ ᠲᠦᠷᠦ ᠶᠢᠨ ᠪᠤᠳᠤᠯᠭ᠎ᠠ ᠶᠢᠨ ᠭᠤᠶᠤᠴᠢᠯᠠᠨ ᠮᠡᠳᠡᠬᠦᠯᠬᠦ ᠯᠠᠪᠯᠠᠯᠳᠠ ᠶᠢ ᠨᠢᠬᠡᠨᠳᠡ ᠠᠶᠢᠮᠠᠬ ᠬᠤᠳᠠ ᠶᠢᠨ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠨᠢᠬᠡᠨᠳᠡ ᠲᠠᠷᠤᠮᠠᠯᠯᠠᠨ ᠲᠠᠷᠬᠠᠭᠠᠵᠦ ᠦᠭᠬᠦ ᠶᠢᠨ ᠬᠠᠮᠳᠤ᠂ ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠵᠦᠪᠯᠡᠯ ᠤᠨ ᠠᠯᠪᠠᠨ ᠤ ᠰᠦᠯᠵᠢᠶ᠎ᠠ ᠶᠢᠨ ︽ᠮᠡᠳᠡᠭᠳᠡᠯ ᠪᠤᠯᠤᠩ︾ ᠳᠤ ᠨᠡᠶᠢᠳᠡᠯᠡᠵᠦ᠂ ᠲᠡᠮᠵᠢᠬᠦ ᠴᠢᠭᠯᠡᠯ᠂ ᠭᠤᠶᠤᠴᠢᠯᠠᠨ ᠮᠡᠳᠡᠬᠦᠯᠬᠦ ᠨᠦᠬᠦᠴᠡᠯ᠂ ᠭᠤᠶᠤᠴᠢᠯᠠᠨ ᠮᠡᠳᠡᠬᠦᠯᠬᠦ ᠲᠠᠷᠠᠭᠠᠯᠠᠯ᠂ ᠭᠤᠶᠤᠴᠢᠯᠠᠨ ᠮᠡᠳᠡᠬᠦᠯᠬᠦ ᠮᠠᠲ᠋ᠧᠷᠢᠶᠠᠯ ᠵᠡᠷᠬᠡ ᠱᠠᠭᠠᠷᠳᠠᠯᠭ᠎ᠠ ᠶᠢ ᠲᠤᠳᠤᠷᠬᠠᠢᠢᠯᠠᠪᠠ᠃ ᠵᠢᠱᠢᠶᠡᠯᠡᠪᠡᠯ᠂ ᠮᠡᠷᠬᠡᠵᠢᠯ ᠤᠨ ᠦᠬᠡᠷᠡᠴᠢᠯᠡᠯᠳᠡ ᠳᠤ ᠪᠡᠯᠡ ᠤᠷᠤᠭᠤᠯᠤᠬᠰᠠᠨ ᠨᠦᠬᠦᠪᠦᠷᠢ ᠶᠢ ᠭᠤᠶᠤᠴᠢᠯᠠᠨ ᠮᠡᠳᠡᠬᠦᠯᠬᠦ ᠳᠤ᠂ ᠭᠤᠶᠤᠴᠢᠯᠠᠬᠤ ᠪᠢᠴᠢᠭ ᠮᠠᠲ᠋ᠧᠷᠢᠶᠠᠯ ︵ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠰᠠᠯᠠᠭ᠎ᠠ ᠮᠦᠴᠢᠷ᠂ ᠡᠳ᠋ ᠤᠨ ᠵᠠᠰᠠᠬ ᠤᠨ ᠰᠠᠯᠠᠭ᠎ᠠ ᠮᠦᠴᠢᠷ ᠤᠨ ᠬᠠᠮᠳᠤᠷᠠᠬᠰᠠᠨ ᠪᠢᠴᠢᠭ ᠮᠠᠲ᠋ᠧᠷᠢᠶᠠᠯ︶᠂ ᠰᠢᠨ᠎ᠠ ᠪᠠᠷ ᠪᠦᠲᠦᠬᠡᠨ ᠪᠠᠶᠢᠭᠤᠯᠤᠬᠰᠠᠨ ᠦᠷᠬᠡᠳᠬᠡᠵᠦ ᠪᠦᠲᠦᠬᠡᠨ ᠪᠠᠶᠢᠭᠤᠯᠤᠬᠰᠨᠨ ᠪᠠ ᠮᠡᠷᠬᠡᠵᠢᠯ ᠤᠨ ᠦᠬᠡᠷᠡᠴᠢᠯᠡᠯᠳᠡ ᠬᠢᠭᠰᠡᠨ ᠲᠦᠷᠦᠯ ᠵᠦᠢᠯ ᠤᠨ ᠶᠡᠷᠦᠩᠬᠡᠶᠢᠯᠡᠭᠰᠡᠨ ᠬᠦᠰᠦᠨᠦᠭ᠂ ᠰᠢᠨ᠎ᠠ ᠪᠠᠷ ᠪᠦᠲᠦᠬᠡᠨ ᠪᠠᠶᠢᠭᠤᠯᠤᠬᠰᠠᠨ ᠦᠷᠬᠡᠳᠬᠡᠵᠦ ᠪᠦᠲᠦᠬᠡᠨ ᠪᠠᠶᠢᠭᠤᠯᠤᠬᠰᠠᠨ ᠪᠠ ᠮᠡᠷᠬᠡᠵᠢᠯ ᠤᠨ ᠦᠬᠡᠷᠡᠴᠢᠯᠡᠯᠳᠡ ᠬᠢᠭᠰᠡᠨ ᠲᠦᠷᠦᠯ ᠵᠦᠢᠯ ᠢ ᠭᠤᠶᠤᠴᠢᠯᠠᠬᠰᠠᠨ ᠮᠡᠳᠡᠬᠦᠯᠦᠯᠳᠡ ᠶᠢ ᠪᠡᠯᠡᠳᠬᠡᠬᠦ ᠴᠢᠬᠤᠯᠠᠳᠠᠢ᠂ ᠡᠬᠦᠨ ᠳᠤ ᠭᠤᠶᠤᠴᠢᠯᠠᠬᠤ ᠮᠡᠳᠡᠬᠦᠯᠦᠯᠳᠡ ᠨᠢ ᠲᠦᠷᠦᠯ ᠵᠦᠢᠯ ᠤᠨ ᠪᠠᠷᠢᠯᠭ᠎ᠠ ᠡᠬᠢᠯᠡᠬᠦᠯᠬᠦ ᠴᠠᠬ᠂ ᠪᠦᠲᠦᠬᠡᠨ ᠪᠠᠶᠢᠭᠤᠯᠬᠤ ᠭᠠᠵᠠᠷ᠂ ᠠᠭᠤᠯᠭ᠎ᠠ᠂ ᠬᠡᠪᠴᠢᠶᠡᠵᠢᠯ᠂ ᠮᠡᠷᠬᠡᠵᠢᠯ ᠤᠨ ᠲᠦᠪᠰᠢᠨ᠂ ᠮᠠᠰᠢᠨ ᠲᠤᠨᠤᠬᠯᠠᠯ ᠤᠨ ᠲᠦᠪᠰᠢᠨ᠂ ᠦᠢᠯᠡᠳᠬᠦᠨ ᠤ ᠤᠷ᠎ᠠ ᠮᠡᠷᠬᠡᠰᠢᠯ᠂ ᠬᠡᠷᠡᠭᠯᠡᠭᠰᠡᠨ ᠤᠷ᠎ᠠ ᠮᠡᠷᠬᠡᠰᠢᠯ ᠮᠡᠷᠬᠡᠵᠢᠯ ᠤᠨ ᠵᠠᠮ ᠱᠤᠭᠤᠮ ᠬᠢᠬᠡᠳ ᠮᠡᠷᠬᠡᠵᠢᠯ ᠤᠨ ᠤᠨᠴᠠᠯᠢᠬ ᠵᠡᠷᠬᠡ ᠶᠢ ᠲᠤᠳᠤᠷᠬᠠᠢᠢᠯᠠᠬᠤ ᠴᠢᠬᠤᠯᠠᠳᠠᠢ ᠮᠦᠷᠳᠡᠬᠡᠨ ᠪᠠᠰᠠ ᠠᠵᠦ ᠠᠬᠤᠢᠢᠯᠠᠯ ᠤᠨ ᠨᠡᠶᠢᠬᠡᠮ ᠤᠨ ᠨᠢᠬᠡᠳᠦᠯᠳᠡᠢ ᠢᠳᠡᠬᠡᠮᠵᠢ ᠶᠢᠨ ᠤᠷᠤᠯᠠᠬᠤ ᠨᠤᠮᠧᠷ ᠤᠨ ᠡᠵᠡᠩᠨᠡᠯᠳᠡ ᠶᠢᠨ ᠦᠨᠡᠮᠯᠡᠯ᠂ ᠪᠠᠩᠬᠢ ᠶᠢᠨ ᠢᠳᠡᠬᠡᠮᠵᠢ ᠶᠢᠨ ᠲᠡᠰ ᠪᠤᠶᠤ ᠬᠢᠷᠢ ᠬᠡᠮ ᠢᠳᠡᠬᠡᠮᠵᠢ ᠶᠢᠨ ᠬᠡᠷᠡᠴᠢᠯᠡᠯᠳᠡ᠂ ᠡᠮᠴᠢᠯᠡᠬᠡᠨ ᠤ ᠮᠠᠰᠢᠨ ᠪᠠᠭᠠᠵᠢ ︵ᠡᠮ ᠤᠨ ᠵᠦᠢᠯᠡᠰ︶ ᠦᠢᠯᠡᠳᠪᠦᠷᠢᠯᠡᠬᠦ ᠠᠵᠦ ᠠᠬᠤᠢᠢᠯᠠᠯ ᠪᠤᠯ ᠪᠠᠰᠠ ᠬᠠᠷᠠᠭᠠᠯᠵᠠᠬᠰᠠᠨ ᠬᠢᠷᠢ ᠬᠡᠮ ᠤᠨ ᠬᠡᠷᠡᠴᠢᠯᠡᠯᠳᠡ᠂ ᠲᠦᠷᠦᠯ ᠵᠦᠢᠯ ᠢ ᠲᠠᠩᠰᠠᠯᠠᠭᠤᠯᠤᠬᠰᠠᠨ ᠭᠠᠷᠳᠠᠮ ᠤᠨ ᠬᠠᠭᠤᠯᠪᠤᠷᠢ᠂ ᠤᠢᠢᠷ᠎ᠠ ᠶᠢᠨ ᠭᠤᠷᠪᠠᠨ ᠵᠢᠯ ᠳᠤ ᠬᠦᠨᠳᠤ ᠶᠡᠭᠡ ᠠᠶᠤᠯᠬᠦᠢ ᠶᠢᠨ ᠠᠳᠡᠯ ᠪᠤᠶᠤ ᠤᠷᠴᠢᠨ ᠲᠤᠭᠤᠷᠢᠨ ᠤ ᠪᠤᠬᠢᠷᠳᠤᠯ ᠤᠨ ᠬᠡᠷᠡᠭ ᠡᠬᠦᠰᠦᠭᠰᠡᠨ ᠦᠬᠡᠢ ᠠᠮᠠᠯᠳᠠᠯᠭ᠎ᠠ ᠶᠢᠨ ᠪᠢᠴᠢᠭ ᠵᠢᠴᠢ ᠠᠶᠢᠮᠠᠬ ᠬᠤᠳᠠ ᠠᠴᠠ ᠬᠠᠩᠭᠠᠵᠦ ᠦᠭᠭᠦᠭᠰᠡᠨ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠬᠡᠷᠡᠴᠢᠯᠡᠯᠳᠡ᠂ ᠲᠦᠬᠦᠬᠡᠷᠦᠮᠵᠢ ᠬᠤᠳᠠᠯᠳᠤᠨ ᠠᠪᠤᠬᠰᠠᠨ ᠪᠠᠷᠢᠮᠳᠠ᠂ ᠭᠡᠷ᠎ᠠ᠂ ᠵᠤᠭᠤᠰ ᠲᠤᠭᠠᠴᠠᠬᠰᠠᠨ ᠪᠠᠷᠢᠮᠳᠠ ᠵᠡᠷᠬᠡ ᠴᠢᠬᠤᠯᠠ ᠵᠦᠢᠯᠡᠰ ᠢ ᠬᠠᠩᠭᠠᠬᠤ ᠴᠢᠬᠤᠯᠠᠳᠠᠢ᠃ ᠰᠠᠨᠠᠮᠵᠢ ᠲᠠᠢ ᠠᠵᠦ ᠠᠬᠤᠢᠢᠯᠠᠯ ᠤᠷᠤᠨ ᠨᠤᠳᠤᠬ ᠤᠨ ᠠᠵᠦ ᠦᠢᠯᠡᠳᠪᠦᠷᠢ ᠪᠠ ᠮᠠᠳᠡᠭᠡ ᠵᠠᠩᠬᠢᠴᠢᠯᠠᠯᠳᠠ ᠶᠢᠨ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠰᠢᠭᠤᠳ ᠠᠰᠠᠭᠤᠨ ᠯᠠᠪᠯᠠᠵᠦ ᠪᠤᠯᠤᠨ᠎ᠠ᠂ ᠭᠤᠶᠤᠴᠢᠯᠠᠨ ᠮᠡᠳᠡᠬᠦᠯᠬᠦ ᠯᠠᠪᠯᠠᠯᠳᠠ ᠶᠢᠨ ᠱᠠᠭᠠᠷᠳᠠᠯᠭ᠎ᠠ ᠶᠤᠰᠤᠭᠠᠷ ᠭᠤᠶᠤᠴᠢᠯᠠᠨ ᠮᠡᠳᠡᠬᠦᠯᠬᠦ ᠮᠠᠲ᠋ᠧᠷᠢᠶᠠᠯ ᠢᠶᠠᠨ ᠪᠡᠯᠡᠳᠬᠡᠵᠦ᠂ ᠪᠢᠳᠡ 3 ᠰᠠᠷ᠎ᠠ ᠶᠢᠨ ᠰᠡᠬᠦᠯᠴᠢ ᠠᠴᠠ ᠡᠮᠦᠨ᠎ᠠ ᠡᠨᠡ ᠵᠢᠯ ᠤᠨ ᠲᠦᠷᠦᠬᠦᠦ ᠪᠦᠯᠦᠭ ᠪᠡᠯᠡ ᠮᠦᠩᠬᠦ ᠶᠢ ᠪᠠᠭᠤᠯᠭᠠᠬᠤ ᠪᠠᠷ ᠲᠦᠯᠦᠪᠯᠡᠵᠦ ᠪᠠᠶᠢᠨ᠎ᠠ᠂ ᠠᠵᠦ ᠠᠬᠤᠢᠢᠯᠠᠯ ᠨᠤᠭᠤᠳ ᠡᠷᠳᠡ ᠠᠴᠠ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠵᠦ ᠠᠬᠤᠢᠢᠯᠠᠯ ᠤᠨ ᠪᠠᠶᠢᠭ᠎ᠠ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠡᠪᠰᠢᠬᠦᠯᠬᠦ ᠶᠢ ᠬᠦᠰᠡᠵᠦ ᠪᠠᠶᠢᠨ᠎ᠠ᠃ ᠬᠤᠶᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠵᠤᠷᠪᠤᠰ ᠲᠦᠷᠦ ᠶᠢᠨ ᠪᠤᠳᠤᠯᠭ᠎ᠠ ᠶᠢᠨ ᠭᠤᠶᠤᠴᠢᠯᠠᠨ ᠮᠡᠳᠡᠬᠦᠯᠬᠦ ᠯᠠᠪᠯᠠᠯᠳᠠ ᠶᠢ ᠤᠳᠤ ᠶᠠᠬ ᠰᠠᠶᠢᠬᠠᠨ ᠲᠤᠭᠳᠠᠭᠠᠵᠦ ᠪᠠᠶᠢᠨ᠎ᠠ᠂ ᠪᠢᠳᠡ ᠠᠯᠢ ᠲᠦᠷᠬᠡᠨ ᠢᠶᠠᠷ ᠲᠤᠭᠳᠠᠭᠠᠬᠤ ᠶᠢᠨ ᠬᠠᠮᠳᠤ᠂ ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠤᠨ ᠠᠯᠪᠠᠨ ᠤ ᠰᠦᠯᠵᠢᠶ᠎ᠠ ᠳᠤ ᠴᠠᠬ ᠲᠤᠬᠠᠢ ᠳᠤᠨᠢ ᠨᠡᠶᠢᠳᠡᠯᠡᠬᠦ ᠪᠤᠯᠤᠨ᠎ᠠ᠂ ᠠᠵᠦ ᠠᠬᠤᠢᠢᠯᠠᠯ ᠠᠩᠬᠠᠷᠤᠯ ᠳᠠᠭᠠᠨ ᠠᠪᠴᠤ᠂ ᠱᠠᠭᠠᠷᠳᠠᠯᠭ᠎ᠠ ᠶᠤᠰᠤᠭᠠᠷ ᠭᠤᠶᠤᠴᠢᠯᠠᠨ ᠮᠡᠳᠡᠬᠦᠯᠦᠬᠡᠷᠡᠢ᠃         ᠰᠤᠷᠪᠤᠯᠵᠢᠯᠠᠬᠴᠢ᠄ ︽ᠠᠷᠪᠠᠨ ᠵᠤᠷᠪᠤᠰ ᠲᠦᠷᠦ ᠶᠢᠨ ᠪᠤᠳᠤᠯᠭ᠎ᠠ︾ ᠶᠢᠨ ᠬᠤᠶᠠᠳᠤᠭᠠᠷ ᠵᠤᠷᠪᠤᠰ ᠲᠠᠬᠢ ︽ᠠᠵᠦ ᠠᠬᠤᠢᠢᠯᠠᠯ ᠤᠨ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠤ ᠡᠳ᠋ ᠪᠤᠳᠠᠰ ᠲᠠᠬᠢ ᠪᠤᠳᠠᠳᠠᠢ ᠬᠤᠪᠢ ᠨᠡᠮᠡᠷᠢ ᠶᠢ ᠦᠨᠳᠦᠰᠦᠯᠡᠨ ᠱᠠᠩᠨᠠᠯ ᠤᠯᠭᠤᠨ᠎ᠠ︾ ᠬᠡᠰᠡᠨ ᠢ ᠪᠢᠳᠡ ᠠᠩᠬᠠᠷᠴᠤ ᠤᠩᠰᠢᠯ᠎ᠠ᠂ ᠲᠡᠬᠡᠪᠡᠯ ᠪᠤᠳᠠᠳᠠᠢ ᠬᠤᠪᠢ ᠨᠡᠮᠡᠷᠢ ᠶᠢ ᠬᠡᠷᠬᠢᠨ ᠲᠤᠬᠳᠠᠭᠠᠬᠤ ᠪᠤᠢ︖ ᠲᠠᠪᠤᠳᠤᠭᠠᠷ᠂ ᠵᠢᠷᠭᠤᠳᠤᠭᠠᠷ ᠵᠤᠷᠪᠤᠰ ᠲᠠᠬᠢ ᠠᠵᠢᠯᠳᠠᠨ ᠬᠡᠷᠡᠭᠯᠡᠬᠦ ᠨᠦᠬᠦᠪᠦᠷᠢ᠂ ᠵᠠᠮ ᠬᠠᠷᠢᠯᠴᠠᠭᠠᠨ ᠤ ᠨᠦᠬᠦᠪᠦᠷᠢ ᠶᠢ ᠬᠡᠷᠬᠢᠨ ᠲᠤᠬᠳᠠᠭᠠᠬᠤ ᠪᠤᠢ︖ ᠠᠵᠦ ᠠᠬᠤᠢᠢᠯᠠᠯ ᠶᠠᠮᠠᠷ ᠶᠠᠮᠠᠷ ᠪᠠᠷᠢᠮᠳᠠ ᠶᠢ ᠬᠠᠩᠭᠠᠬᠤ ᠴᠢᠬᠤᠯᠠᠳᠠᠢ ᠪᠤᠢ︖        ᠵᠤᠤ ᠶᠦᠨ ᠹᠧᠩ᠄ ᠬᠤᠶᠠᠳᠤᠭᠠᠷ ᠵᠤᠷᠪᠤᠰ ᠪᠤᠯ ᠶᠠᠪᠤᠳᠠᠯ ᠤᠨ ᠲᠠᠷᠠᠭ᠎ᠠ ᠨᠦᠬᠦᠪᠦᠷᠢ ᠦᠭᠬᠦ‍ ᠨᠢᠬᠡ ᠲᠦᠷᠦ ᠶᠢᠨ ᠪᠤᠳᠤᠯᠭ᠎ᠠ ᠪᠠᠶᠢᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠢᠵᠢᠭ ᠤᠨ ᠪᠠᠶᠢᠳᠠᠯ ᠲᠠᠭᠤᠰᠤᠬᠰᠠᠨ ᠢ ᠨᠡᠶᠢᠳᠡᠯᠡᠭᠰᠡᠨ ᠤ ᠲᠠᠷᠠᠭ᠎ᠠ ᠰᠠᠶ᠋ᠢ ᠪᠡᠶᠡᠯᠡᠬᠦᠯᠤᠨ᠎ᠠ᠃ ᠪᠢᠳᠡ ᠶᠠᠬ ᠰᠠᠶᠢᠬᠠᠨ ᠡᠨᠡ ᠬᠦ ᠵᠤᠷᠪᠤᠰ ᠲᠦᠷᠦ ᠶᠢᠨ ᠪᠤᠳᠤᠯᠭ᠎ᠠ ᠶᠢᠨ ᠭᠤᠶᠤᠴᠢᠯᠠᠨ ᠮᠡᠳᠡᠬᠦᠯᠬᠦ ᠯᠠᠪᠯᠠᠯᠳᠠ ᠶᠢ ᠲᠤᠭᠳᠠᠭᠠᠵᠦ᠂ ᠠᠵᠦ ᠠᠬᠤᠢᠢᠯᠠᠯ ᠤᠨ ᠰᠡᠷᠬᠡᠶᠢᠯᠡᠨ ᠡᠵᠡᠮᠳᠡᠬᠦ ᠡᠳ᠋ ᠪᠤᠳᠠᠰ ᠢ ᠪᠤᠳᠠᠳᠠᠢ ᠦᠢᠯᠡᠳᠪᠦᠷᠢᠯᠡᠭᠰᠡᠨ ᠬᠡᠮᠵᠢᠶ᠎ᠠ᠂ ᠤᠷᠤᠨ ᠤ ᠲᠤᠳᠤᠨᠠᠬᠢ ᠵᠠᠬ᠎ᠠ ᠲᠡᠯᠬᠡᠬᠦᠷ ᠲᠤ ᠭᠠᠷᠭᠠᠬᠰᠠᠨ ᠬᠡᠮᠵᠢᠶ᠎ᠠ ᠪᠠ ᠡᠯ᠎ᠠ ᠱᠠᠳᠤᠨ ᠤ ᠵᠠᠰᠠᠬ ᠤᠨ ᠤᠷᠳᠤᠨ ᠤ ᠬᠤᠳᠠᠯᠳᠤᠨ ᠠᠪᠤᠬᠰᠠᠨ ᠬᠡᠮᠵᠢᠶ᠎ᠠ ᠵᠡᠷᠬᠡ ᠡᠯᠧᠮᠧᠨ᠋ᠲ ᠢ ᠶᠡᠷᠦᠩᠬᠡᠶᠢᠯᠡᠨ ᠪᠤᠳᠤᠯᠬᠢᠯᠠᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠪᠢ ᠨᠡᠮᠡᠷᠢ ᠲᠤᠪᠤᠶᠢᠮ᠎ᠠ ᠦᠢᠯᠡᠳᠪᠦᠷᠢᠯᠡᠭᠰᠡᠨ ᠠᠵᠦ ᠠᠬᠤᠢᠢᠯᠠᠯ ᠳᠤ ᠤᠯᠭᠤᠬᠤ ᠱᠠᠩᠨᠠᠯ ᠢ ᠦᠨᠡᠯᠡᠨ ᠲᠤᠬᠳᠠᠭᠠᠬᠤ ᠪᠤᠯᠤᠨ᠎ᠠ᠃ ᠪᠢᠳᠡ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠠᠵᠦ ᠠᠬᠤᠢᠢᠯᠠᠯ ᠤᠨ ᠲᠤᠰᠬᠠᠯ ᠨᠡᠯᠢᠶᠡᠳ ᠲᠤᠪᠤᠶᠢᠮ᠎ᠠ ᠠᠵᠢᠯᠳᠠᠨ ᠤ ᠴᠠᠯᠢᠩ ᠪᠠ ᠵᠠᠮ ᠬᠠᠷᠢᠯᠴᠠᠭ᠎ᠠ ᠲᠡᠬᠡᠬᠡᠪᠦᠷᠢ ᠶᠢᠨ ᠰᠦᠢᠳᠬᠡᠯ ᠲᠦᠷᠬᠡᠨ ᠢᠶᠠᠷ ᠦᠰᠴᠤ᠂ ᠠᠵᠦ ᠠᠬᠤᠢᠢᠯᠠᠯ ᠤᠨ ᠬᠦᠢᠯᠬᠡᠬᠡᠨ ᠤ ᠪᠡᠯᠡ ᠮᠦᠩᠬᠦ ᠮᠠᠰᠢ ᠪᠠᠴᠢᠮ ᠪᠠᠶᠢᠭ᠎ᠠ ᠠᠰᠠᠭᠤᠳᠠᠯ ᠢ ᠪᠤᠳᠤᠯᠬᠢᠯᠠᠵᠦ᠂ ᠠᠵᠦ ᠠᠬᠤᠢᠢᠯᠠᠯ ᠤᠨ ᠠᠵᠢᠯᠳᠠᠨ ᠤ ᠴᠠᠯᠢᠩ ᠤᠨ ᠵᠠᠷᠤᠯᠭ᠎ᠠ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠵᠠᠷᠤᠯᠭ᠎ᠠ ᠳᠤ ᠵᠤᠬᠢᠬᠤ ᠨᠦᠬᠦᠪᠦᠷᠢ ᠤᠯᠭᠤᠬᠤ ᠪᠠᠷ ᠲᠤᠷᠠᠳᠴᠤ᠂ ᠠᠵᠦ ᠠᠬᠤᠢᠢᠯᠠᠯ ᠤᠨ ᠬᠦᠢᠯᠬᠡᠬᠡᠨ ᠤ ᠪᠡᠯᠡ ᠮᠦᠩᠬᠦ ᠪᠠᠴᠢᠮ ᠪᠠᠶᠢᠭ᠎ᠠ ᠠᠰᠠᠭᠤᠳᠠᠯ ᠢ ᠨᠠᠮᠳᠠᠭᠤᠯᠬᠤ ᠶᠢ ᠵᠤᠷᠢᠬᠰᠠᠨ ᠪᠠᠶᠢᠨ᠎ᠠ᠃ ᠠᠵᠢᠯᠳᠠᠨ ᠬᠡᠷᠡᠭᠯᠡᠬᠦ ᠨᠦᠬᠦᠪᠦᠷᠢ ᠭᠤᠶᠤᠴᠢᠯᠠᠨ ᠮᠡᠳᠡᠬᠦᠯᠬᠦ ᠳᠤ᠂ ᠠᠵᠦ ᠠᠬᠤᠢᠢᠯᠠᠯ ᠠᠴᠠ ᠠᠵᠢᠯᠳᠠᠳ ᠲᠠᠭᠠᠨ ᠪᠤᠳᠠᠳᠠᠢ ᠲᠤᠭᠠᠴᠠᠬᠰᠠᠨ ᠴᠠᠯᠢᠩ ᠤᠨ ᠨᠠᠷᠢᠨ ᠲᠠᠩᠰᠠ ᠶᠢ ᠬᠠᠩᠭᠠᠬᠤ ᠴᠢᠬᠤᠯᠠᠳᠠᠢ ᠪᠠᠶᠢᠵᠦ᠂ ᠨᠦᠬᠦᠴᠡᠯ ᠲᠠᠢ ᠠᠵᠦ ᠠᠬᠤᠢᠢᠯᠠᠯ ᠪᠠᠰᠠ ᠠᠵᠢᠯᠳᠠᠨ ᠤ ᠪᠠᠨ ᠴᠠᠯᠢᠩ ᠤᠨ ᠪᠠᠩᠬᠢ ᠶᠢᠨ ᠨᠠᠷᠢᠨ ᠲᠠᠩᠰᠠ ᠶᠢ ᠬᠠᠩᠭᠠᠵᠦ ᠪᠤᠯᠤᠨ᠎ᠠ︔ ᠵᠠᠮ ᠬᠠᠷᠢᠯᠴᠠᠭᠠᠨ ᠤ ᠨᠦᠬᠦᠪᠦᠷᠢ ᠶᠢ ᠭᠤᠶᠤᠴᠢᠯᠠᠬᠤ ᠳᠤ᠂ ᠪᠠᠷᠠᠭᠠᠨ ᠤ ᠬᠦᠢᠯᠬᠡᠬᠡ ᠶᠢᠨ ᠠᠵᠦ ᠠᠬᠤᠢᠢᠯᠠᠯ ᠯᠤᠭ᠎ᠠ ᠲᠤᠬᠳᠠᠬᠰᠠᠨ ᠬᠡᠷ᠎ᠠ᠂ ᠪᠠᠷᠢᠮᠳᠠ ᠵᠡᠷᠬᠡ ᠪᠠᠷᠢᠮᠳᠠ ᠶᠢ ᠬᠠᠩᠭᠠᠬᠤ ᠴᠢᠬᠤᠯᠠᠳᠠᠢ᠃        ᠰᠤᠷᠪᠤᠯᠵᠢᠯᠠᠬᠴᠢ᠄ ᠠᠵᠦ ᠠᠬᠤᠢᠢᠯᠠᠯ ᠴᠢᠳᠠᠯ ᠤᠨ ᠴᠢᠨᠡᠭᠡ ᠪᠠᠷ ᠢᠶᠠᠨ ᠡᠮᠴᠢᠯᠡᠬᠡᠨ ᠤ ᠡᠳ᠋ ᠪᠤᠳᠠᠰ ᠦᠢᠯᠡᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠬᠤᠪᠢ ᠨᠡᠮᠡᠷᠢ ᠪᠠᠨ ᠦᠵᠡᠬᠦᠯᠵᠦ ᠪᠠᠶᠢᠨ᠎ᠠ᠂ ᠡᠨᠡ ᠪᠤᠯ ᠠᠵᠦ ᠠᠬᠤᠢᠢᠯᠠᠯ ᠤᠨ ᠲᠦᠯᠬᠢᠵᠦ ᠪᠤᠯᠤᠰᠢ ᠦᠬᠡᠢ ᠨᠡᠶᠢᠬᠡᠮ ᠤᠨ ᠬᠠᠷᠢᠭᠤᠴᠠᠯᠭ᠎ᠠ ᠪᠤᠯᠤᠨ᠎ᠠ᠂ ᠬᠡᠪᠡᠴᠤ ᠠᠵᠦ ᠠᠬᠤᠢᠢᠯᠠᠯ ᠳᠤ ᠪᠠᠰᠠ ᠨᠢᠬᠡ ᠰᠠᠨᠠᠭᠠᠰᠢᠷᠠᠯ ᠪᠠᠶᠢᠬᠤ ᠨᠢ ᠲᠠᠷᠤᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠤ ᠡᠳ᠋ ᠪᠤᠳᠠᠰ ᠢ ᠬᠡᠳᠦ ᠤᠯᠠᠨ ᠦᠢᠯᠡᠳᠪᠦᠷᠢᠯᠡᠭᠡᠳ ᠬᠤᠳᠠᠯᠳᠤᠵᠦ ᠭᠠᠷᠭᠠᠵᠦ ᠲᠡᠶᠢᠯᠬᠦ ᠦᠬᠡᠢ ᠪᠤᠯ ᠶᠠᠭᠠᠬᠢᠬᠤ ᠪᠤᠢ︖        ᠵᠤᠤ ᠶᠦᠨ ᠹᠧᠩ᠄ ᠡᠨᠡ ᠵᠢᠯ ᠤᠨ 2 ᠰᠠᠷ᠎ᠠ ᠶᠢᠨ 7 ᠤ ᠡᠳᠦᠷ᠂ ᠤᠯᠤᠰ ᠤᠨ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠬ ᠤᠨ ᠶᠠᠮᠤᠨ᠂ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠶᠠᠮᠤᠨ ᠬᠠᠮᠳᠤᠷᠠᠵᠦ ︽ᠵᠠᠰᠠᠬ ᠤᠨ ᠤᠷᠳᠤᠨ ᠤ ᠨᠦᠬᠡᠴᠡᠯᠡᠯᠳᠡ ᠶᠢᠨ ᠦᠢᠯᠡᠳᠦᠯ ᠢ ᠪᠠᠳᠠᠷᠠᠭᠤᠯᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠᠴᠢᠮ ᠬᠡᠷᠡᠭᠴᠡᠬᠡᠳᠤ ᠡᠳ᠋ ᠪᠤᠳᠠᠰ ᠤᠨ ᠦᠢᠯᠡᠳᠪᠦᠷᠢᠯᠡᠯ ᠢ ᠨᠡᠮᠡᠭᠳᠡᠬᠦᠯᠦᠨ ᠬᠠᠩᠭᠠᠯᠭ᠎ᠠ ᠶᠢ ᠨᠡᠮᠡᠭᠳᠡᠬᠦᠯᠬᠦ ᠶᠢ ᠲᠡᠮᠵᠢᠬᠦ ᠮᠡᠳᠡᠭᠳᠡᠯ︾ ᠲᠠᠷᠤᠮᠠᠯᠯᠠᠨ ᠲᠠᠷᠬᠠᠭᠠᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠡᠮᠴᠢᠯᠡᠬᠡᠨ ᠤ ᠡᠳ᠋ ᠪᠤᠳᠠᠰ ᠢ ᠵᠠᠰᠠᠬ ᠤᠨ ᠤᠷᠳᠤᠨ ᠠᠴᠠ ᠦᠨᠳᠦᠰᠦᠨ ᠵᠦᠢᠯ ᠢ ᠪᠠᠳᠤᠯᠠᠵᠦ ᠬᠤᠳᠠᠯᠳᠤᠨ ᠠᠪᠴᠤ ᠬᠤᠷᠢᠶᠠᠨ ᠨᠦᠬᠡᠴᠡᠯᠡᠬᠦ ᠶᠢ ᠲᠤᠳᠤᠷᠬᠠᠢᠢᠯᠠᠬᠰᠠᠨ ᠪᠠᠶᠢᠨ᠎ᠠ᠃ ᠨᠢᠬᠡ ᠲᠠᠯ᠎ᠠ ᠪᠠᠷ᠂ ᠪᠢᠳᠡ ᠮᠠᠨ ᠤ ᠤᠷᠤᠨ ᠤ ᠠᠵᠦ ᠠᠬᠤᠢᠢᠯᠠᠯ ᠤᠨ ᠤᠯᠤᠰ ᠤᠨ ᠬᠤᠷᠢᠶᠠᠨ ᠨᠦᠬᠡᠴᠡᠯᠡᠬᠦ ᠬᠦᠷᠢᠶ᠎ᠠ ᠬᠡᠪᠴᠢᠶᠡᠨ ᠳᠤ ᠤᠷᠤᠬᠤ ᠶᠢ ᠢᠳᠡᠪᠬᠢᠳᠡᠢ ᠬᠠᠪᠰᠤᠷᠴᠤ᠂ ᠨᠦᠬᠦᠬᠡ ᠲᠠᠯ᠎ᠠ ᠪᠠᠷ᠂ ︽ᠠᠷᠪᠠᠨ ᠵᠤᠷᠪᠤᠰ ᠲᠦᠷᠦ ᠶᠢᠨ ᠪᠤᠳᠤᠯᠭ᠎ᠠ︾ ᠳᠠᠬᠢ ᠲᠤᠯᠤᠳᠤᠭᠠᠷ ᠵᠤᠷᠪᠤᠰ ᠲᠤ ᠪᠠᠰᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠵᠦ ᠠᠬᠤᠢᠢᠯᠠᠯ ᠤᠨ ᠦᠯᠡᠬᠦᠦ ᠦᠢᠯᠡᠳᠪᠦᠷᠢᠯᠡᠭᠰᠡᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠬᠡᠷᠡᠭᠰᠡᠬᠦ ᠡᠮᠴᠢᠯᠡᠬᠡᠨ ᠤ ᠡᠳᠤ ᠪᠤᠳᠠᠰ ᠢ ᠤᠯᠤᠰ ᠠᠴᠠ ᠨᠡᠶᠢᠳᠡᠯᠡᠭᠰᠡᠨ ︽ᠵᠠᠰᠠᠬ ᠤᠨ ᠤᠷᠳᠤᠨ ᠠᠴᠠ ᠦᠨᠳᠦᠰᠦᠨ ᠵᠦᠢᠯ ᠢ ᠪᠠᠳᠤᠯᠠᠵᠦ ᠬᠤᠳᠠᠯᠳᠤᠨ ᠠᠪᠴᠤ ᠬᠤᠷᠢᠶᠠᠨ ᠨᠦᠬᠡᠴᠡᠯᠡᠬᠦ ᠦᠢᠯᠡᠳᠬᠦᠨ ᠤ ᠭᠠᠷᠴᠠᠬ ︵ᠨᠢᠬᠡᠳᠦᠬᠡᠷ ᠪᠦᠯᠦᠭ︶︾ ᠶᠤᠰᠤᠭᠠᠷ ᠵᠠᠰᠠᠬ ᠤᠨ ᠤᠷᠳᠤᠨ ᠠᠴᠠ ᠬᠤᠳᠠᠯᠳᠤᠨ ᠠᠪᠴᠤ ᠬᠤᠷᠢᠶᠠᠨ ᠨᠦᠬᠡᠴᠡᠯᠡᠨ᠎ᠠ᠃ ᠬᠡᠷᠡᠭ ᠲᠡᠭᠡᠷ᠎ᠡ ᠪᠠᠨ᠂ 1 ᠰᠠᠷ᠎ᠠ ᠶᠢᠨ 25 ᠤ ᠡᠳᠦᠷ ᠦᠪᠡᠷᠳᠡᠬᠡᠨ ᠵᠠᠰᠠᠬᠤ ᠤᠷᠤᠨ ᠠᠴᠠ ᠤᠯᠠᠨ ᠨᠡᠶᠢᠳᠡ ᠶᠢᠨ ᠬᠦᠨᠳᠤ ᠶᠡᠭᠡ ᠬᠡᠨᠡᠳᠳᠡ ᠡᠬᠦᠰᠬᠦ ᠡᠷᠡᠬᠦᠯ ᠬᠠᠮᠠᠭᠠᠯᠠᠯ ᠤᠨ ᠬᠡᠷᠡᠭ ᠤᠨ ᠨᠢᠬᠡᠳᠦᠬᠡᠷ ᠲᠡᠰ ᠤᠨ ᠠᠵᠢᠯᠯᠠᠭ᠎ᠠ ᠶᠢ ᠡᠬᠢᠯᠡᠬᠦᠯᠦᠭᠰᠡᠨ ᠠᠴᠠ ᠨᠠᠭᠠᠰᠢ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠡᠮᠴᠢᠯᠡᠬᠡᠨ ᠤ ᠡᠳ᠋ ᠪᠤᠳᠠᠰ᠂ ᠤᠨᠴᠠᠭᠠᠢᠢᠯᠠᠨ ᠡᠮᠴᠢᠯᠡᠬᠡᠨ ᠤ ᠠᠮᠠᠪᠴᠢ᠂ ᠡᠮᠴᠢᠯᠡᠬᠡᠨ ᠤ ᠰᠡᠷᠬᠡᠶᠢᠯᠡᠯᠳᠡ ᠶᠢᠨ ᠬᠤᠪᠴᠠᠰᠤ᠂ 84 ᠠᠷᠢᠭᠤᠳᠬᠠᠬᠤ ᠰᠢᠩᠭᠡᠨ ᠵᠡᠷᠬᠡ ᠠᠷᠢᠭᠤᠳᠬᠠᠬᠤ ᠦᠢᠯᠡᠳᠬᠦᠨ ᠤ ᠶᠡᠬᠡᠩᠬᠢ ᠶᠢ ᠪᠦᠷ ᠡᠯ᠎ᠠ ᠱᠠᠳᠤᠨ ᠤ ᠵᠠᠰᠠᠬ ᠤᠨ ᠤᠷᠳᠤᠨ ᠠᠴᠠ ᠬᠤᠳᠠᠯᠳᠤᠨ ᠠᠪᠤᠬᠰᠠᠨ ᠪᠠᠶᠢᠨ᠎ᠠ᠃ ᠲᠠᠷᠠᠭᠠᠴᠢ ᠪᠠᠷ᠂ ᠪᠢᠳᠡ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠪᠠ ᠡᠷᠡᠬᠦᠯ ᠮᠡᠨᠳᠤ ᠶᠢᠨ ᠵᠦᠪᠯᠡᠯ᠂ ᠡᠳ᠋ ᠤᠨ ᠵᠠᠰᠠᠬ ᠤᠨ ᠲᠢᠩᠬᠢᠮ᠂ ᠡᠳ᠋ ᠪᠤᠳᠠᠰ ᠨᠦᠬᠡᠴᠡᠯᠡᠬᠦ ᠲᠤᠪᠴᠢᠶ᠎ᠠ ᠵᠡᠷᠬᠡ ᠰᠠᠯᠠᠭ᠎ᠠ ᠮᠦᠴᠢᠷ ᠲᠠᠢ ᠵᠤᠯᠭᠠᠯᠴᠠᠨ᠂ ᠵᠠᠷᠢᠮ ᠠᠵᠦ ᠠᠬᠤᠢᠢᠯᠠᠯ ᠢ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠡᠮᠴᠢᠯᠡᠬᠡᠨ ᠤ ᠡᠳ᠋ ᠪᠤᠳᠠᠰ ᠢ ᠬᠤᠷᠢᠶᠠᠨ ᠨᠦᠬᠡᠴᠡᠯᠡᠬᠦ ᠬᠦᠷᠢᠶ᠎ᠠ ᠬᠡᠪᠴᠢᠶᠡᠨ ᠳᠤ ᠤᠷᠤᠭᠤᠯᠬᠤ ᠪᠤᠯᠤᠨ᠎ᠠ᠃        ᠰᠤᠷᠪᠤᠯᠵᠢᠯᠠᠬᠴᠢ᠄ ᠲᠦᠷᠦ ᠶᠢᠨ ᠪᠤᠳᠤᠯᠭ᠎ᠠ ᠶᠢᠨ ᠠᠷᠪᠠᠳᠤᠭᠠᠷ ᠵᠤᠷᠪᠤᠰ ᠲᠤ ︽︿ᠨᠢᠬᠡ ᠨᠢᠬᠡ ᠲᠠᠢ ᠬᠠᠷᠠᠭᠠᠯᠵᠠᠬᠰᠠᠨ﹀ ᠬᠠᠪᠰᠤᠷᠤᠨ ᠲᠤᠰᠠᠯᠠᠬᠤ ︿ᠴᠡᠭ ᠴᠡᠭ ᠲᠠᠢ ᠬᠠᠷᠠᠭᠠᠯᠵᠠᠬᠰᠠᠨ﹀ ᠠᠵᠦ ᠠᠬᠤᠢᠢᠯᠠᠯ ᠳᠤ ᠦᠢᠯᠡᠴᠢᠯᠡᠬᠦ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠦᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠤ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠤᠨ ᠲᠦᠬᠦᠬᠡᠢ ᠮᠠᠲ᠋ᠧᠷᠢᠶᠠᠯ ᠢ ᠬᠠᠩᠭᠠᠬᠤ᠂ ᠡᠳ᠋ ᠪᠤᠳᠠᠰ ᠲᠡᠬᠡᠬᠡᠪᠦᠷᠢᠯᠡᠬᠦ᠂ ᠠᠵᠢᠯᠳᠠᠨ ᠬᠡᠷᠡᠭᠯᠡᠬᠦ ᠵᠡᠷᠬᠡ ᠠᠰᠠᠭᠤᠳᠠᠯ ᠢ ᠴᠠᠬ ᠲᠤᠬᠠᠢ ᠳᠤᠨᠢ ᠵᠤᠬᠢᠴᠠᠭᠤᠯᠤᠨ᠂ ᠠᠵᠦ ᠠᠬᠤᠢᠢᠯᠠᠯ ᠤᠨ ᠦᠢᠯᠡᠳᠪᠦᠷᠢᠯᠡᠯ ᠢᠶᠠᠨ ᠲᠤᠭᠳᠠᠪᠤᠷᠢᠵᠢᠭᠤᠯᠬᠤ ᠶᠢ ᠪᠠᠳᠤᠯᠠᠨ᠎ᠠ ᠬᠡᠵᠦ ᠲᠤᠷᠠᠳᠴᠠᠢ︾᠂ ᠠᠵᠦ ᠠᠬᠤᠢᠢᠯᠠᠯ ᠦᠢᠯᠡᠳᠪᠦᠷᠢᠯᠡᠬᠦ ᠶᠠᠪᠤᠴᠠ ᠳᠤ ᠬᠦᠴᠢᠷᠳᠡᠯ ᠲᠤᠯᠭᠠᠷᠠᠪᠠᠯ ᠶᠠᠭᠠᠬᠢᠵᠦ ᠲᠤᠰᠬᠠᠬᠤ ᠪᠤᠢ︖        ᠵᠤᠤ ᠶᠦᠨ ᠹᠧᠩ᠄ ᠨᠢᠳᠤᠨᠤᠨ᠂ ᠪᠦᠬᠦ ᠤᠷᠤᠨ ᠤ ᠠᠷᠠᠳ ᠤᠨ ᠡᠵᠡᠩᠨᠡᠯᠳᠡ ᠶᠢᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠤᠷᠠᠯ ᠤᠨ ᠵᠤᠷᠢᠬ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠲᠤᠭᠳᠠᠭᠠᠬᠰᠠᠨ ︽ᠠᠷᠠᠳ ᠤᠨ ᠡᠵᠡᠩᠨᠡᠯᠳᠡ ᠶᠢᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠠ ᠨᠦᠭᠦᠳ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠬᠡ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠠᠴᠠ ︽ᠨᠢᠬᠡ ᠨᠢᠬᠡ ᠲᠠᠢ ᠬᠠᠷᠠᠭᠠᠯᠵᠠᠬᠰᠠᠨ︾ ᠬᠠᠪᠰᠤᠷᠤᠨ ᠲᠤᠰᠠᠯᠠᠬᠤ ︽ᠴᠡᠭ ᠴᠡᠭ ᠲᠠᠢ ᠬᠠᠷᠠᠭᠠᠯᠵᠠᠬᠰᠠᠨ︾ ᠠᠵᠦ ᠠᠬᠤᠢᠢᠯᠠᠯ ᠳᠤ ᠦᠢᠯᠡᠴᠢᠯᠡᠬᠦ ᠠᠵᠢᠯᠯᠠᠭ᠎ᠠ ᠶᠢ ᠦᠷᠨᠢᠬᠦᠯᠵᠦ᠂ ᠠᠵᠦ ᠠᠬᠤᠢᠢᠯᠠᠯ ᠤᠨ ᠵᠠᠷᠢᠮ ᠬᠦᠴᠢᠷᠳᠡᠯ ᠴᠡᠭ᠂ ᠲᠦᠭᠵᠢᠷᠡᠯ ᠴᠡᠭ ᠤᠨ ᠠᠰᠠᠭᠤᠳᠠᠯ ᠢ ᠰᠢᠢᠳᠪᠦᠷᠢᠯᠡᠵᠦ᠂ ᠡᠨᠡ ᠵᠢᠯ ᠪᠢᠳᠡ ᠪᠠᠰᠠ ᠡᠨᠡ ᠬᠦ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠬᠦ ᠶᠢᠨ ᠬᠠᠮᠳᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠢ ᠦᠢᠯᠡᠴᠢᠯᠡᠬᠦ ᠬᠦᠷᠢᠶ᠎ᠠ ᠬᠡᠪᠴᠢᠶᠡᠨ ᠳᠤ ᠤᠷᠤᠭᠤᠯᠤᠬᠰᠠᠨ ᠪᠠᠶᠢᠨ᠎ᠠ᠃ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠪᠢᠳᠡ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠠᠶᠢᠮᠠᠬ ᠬᠤᠳᠠ ᠯᠤᠭ᠎ᠠ ᠵᠤᠬᠢᠴᠠᠭᠤᠯᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠵᠠᠷᠢᠮ ᠠᠵᠦ ᠠᠬᠤᠢᠢᠯᠠᠯ᠂ ᠠᠮᠢᠳᠤᠷᠠᠯ ᠳᠤ ᠵᠠᠪᠠᠯ ᠬᠡᠷᠡᠭᠰᠡᠬᠦ ᠦᠢᠯᠡᠳᠬᠦᠨ ᠢ ᠪᠠᠳᠤᠯᠠᠬᠤ ᠵᠠᠷᠢᠮ ᠠᠵᠦ ᠠᠬᠤᠢᠢᠯᠠᠯ ᠤᠨ ᠵᠠᠮ ᠬᠠᠷᠢᠯᠴᠠᠭ᠎ᠠ ᠲᠡᠬᠡᠬᠡᠪᠦᠷᠢ᠂ ᠲᠦᠬᠦᠬᠡᠢ ᠮᠠᠲ᠋ᠧᠷᠢᠶᠠᠯ ᠬᠤᠳᠠᠯᠳᠤᠨ ᠠᠪᠬᠤ᠂ ᠬᠦᠳᠡᠯᠮᠦᠷᠢ ᠬᠦᠴᠦ ᠲᠤᠳᠠᠬᠳᠠᠬᠤ᠂ ᠪᠡᠯᠡ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ᠂ ᠭᠠᠷᠳᠠᠮ ᠬᠦᠢᠴᠡᠳᠬᠡᠬᠦ ᠵᠡᠷᠬᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠡᠳᠡᠬᠡᠷ ᠠᠵᠦ ᠠᠬᠤᠢᠢᠯᠠᠯ ᠢ ᠬᠠᠪᠰᠤᠷᠤᠨ ᠤᠬᠤᠷᠬᠠᠨ ᠬᠤᠭᠤᠴᠠᠭᠠᠨ ᠳᠤ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠶᠢ ᠪᠡᠶᠡᠯᠡᠬᠦᠯᠵᠦ᠂ ᠦᠢᠯᠡᠳᠪᠦᠷᠢᠯᠡᠯ ᠢ ᠲᠤᠬᠳᠠᠪᠤᠷᠢᠵᠢᠭᠤᠯᠤᠬᠰᠠᠨ ᠪᠠᠶᠢᠨ᠎ᠠ᠃ ᠠᠵᠦ ᠠᠬᠤᠢᠢᠯᠠᠯ ᠬᠡᠷᠪᠡ ᠠᠰᠠᠭᠤᠳᠠᠯ ᠲᠤᠯᠭᠠᠷᠠᠪᠠᠯ᠂ ᠡᠬᠦᠨ ᠳᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠵᠢᠯ ᠢᠶᠠᠨ ᠰᠡᠷᠬᠦᠬᠡᠬᠦ ᠦᠢᠯᠡᠳᠪᠦᠷᠢᠯᠡᠯ ᠢᠶᠠᠨ ᠰᠡᠷᠬᠦᠬᠡᠬᠦ ᠲᠠᠯ᠎ᠠ ᠶᠢᠨ ᠠᠰᠠᠭᠤᠳᠠᠯ ᠢ ᠪᠠᠭᠳᠠᠭᠠᠬᠰᠠᠨ ᠠᠰᠠᠭᠤᠳᠠᠯ ᠲᠤᠯᠭᠠᠷᠠᠪᠠᠯ᠂ ᠲᠤᠬᠠᠢ ᠶᠢᠨ ᠭᠠᠵᠠᠷ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠶᠤ ᠠᠵᠦ ᠠᠬᠤᠢᠢᠯᠠᠯ ᠤᠨ ᠪᠠᠶᠢᠭ᠎ᠠ ᠬᠦᠷᠢᠶᠡᠯᠡᠩ ᠲᠤᠭᠤᠷᠢᠬ ᠤᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠲᠤᠰᠬᠠᠵᠦ ᠪᠤᠯᠤᠨ᠎ᠠ᠂ ᠪᠢᠳᠡ ᠠᠶᠢᠮᠠᠬ ᠬᠤᠳᠠ ᠠᠴᠠ ᠠᠰᠠᠭᠤᠳᠠᠯ ᠤᠨ ᠨᠠᠷᠢᠨ ᠲᠠᠩᠰᠠ ᠶᠢ ᠤᠯᠵᠦ᠂ ᠬᠠᠮᠢᠶ᠎ᠠ ᠪᠦᠬᠦᠢ ᠲᠠᠯ᠎ᠠ ᠶᠢᠨ ᠬᠢᠨ ᠢ ᠴᠠᠬ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ ᠃ ᠪᠢᠳᠡ ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠤᠨ ᠠᠯᠪᠠᠨ ᠤ ᠰᠦᠯᠵᠢᠶ᠎ᠠ ᠳᠤ ︽ᠠᠷᠤ ᠲᠠᠯ᠎ᠠ ᠶᠢᠨ ᠦᠢᠯᠡᠴᠢᠯᠡᠭᠡ ᠶᠢ ᠪᠠᠳᠤᠯᠠᠬᠤ ᠲᠤᠭᠤᠢᠢᠯᠠᠩ︾ ᠤᠨ ᠬᠠᠷᠢᠯᠴᠠᠬᠤ ᠤᠳᠠᠰᠤ ᠶᠢ ᠨᠡᠶᠢᠳᠡᠯᠡᠪᠡ᠂ ᠠᠵᠦ ᠠᠬᠤᠢᠢᠯᠠᠯ ᠪᠠᠰᠠ 0471-4825053᠂ 0471-4819671᠂ 0471-4819565 ᠳᠤ ᠰᠢᠭᠤᠳ ᠤᠳᠠᠰᠤᠳᠠᠵᠦ ᠠᠰᠠᠭᠤᠳᠠᠯ ᠢᠶᠠᠨ ᠲᠤᠰᠬᠠᠵᠦ ᠪᠤᠯᠤᠨ᠎ᠠ᠂ ᠪᠠᠰᠠ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠤᠨ ᠠᠯᠪᠠᠨ ᠤ ᠰᠦᠯᠵᠢᠶ᠎ᠠ ᠳᠠᠬᠢ ︽ᠲᠢᠩᠬᠢᠮ ᠤᠨ ᠲᠠᠷᠤᠭ᠎ᠠ ᠶᠢᠨ ᠵᠠᠬᠢᠳᠠᠯ ᠤᠨ ᠬᠠᠶᠢᠷᠴᠠᠬ︾ ᠢᠶᠠᠷ ᠲᠠᠮᠵᠢᠭᠤᠯᠤᠨ ᠠᠰᠠᠭᠤᠳᠠᠯ ᠢᠶᠠᠨ ᠲᠤᠰᠬᠠᠵᠦ ᠪᠤᠯᠤᠨ᠎ᠠ᠂ ᠪᠢᠳᠡ ᠴᠠᠬ ᠲᠤᠬᠠᠢ ᠳᠤᠨᠢ ᠬᠠᠮᠢᠶ᠎ᠠ ᠪᠦᠬᠦᠢ ᠲᠠᠯ᠎ᠠ ᠶᠢᠨ ᠬᠢᠨ ᠢ ᠵᠤᠬᠢᠴᠠᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号