ᠬᠤᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠡᠷᠦᠬᠡ ᠳᠤ ᠭᠦᠨᠵᠡᠭᠡᠶᠢᠷᠡᠬᠦ ᠶᠢ ᠵᠤᠭᠰᠤᠭᠰᠠᠨ ᠪᠣᠯᠪᠠᠴᠤ ᠮᠡᠷᠭᠡᠵᠢᠯ ᠤᠨ ᠦᠢᠯᠡᠴᠢᠯᠡᠭᠡ ᠶᠢ ᠵᠤᠭᠰᠤᠭᠠᠭᠰᠠᠨ ᠦᠭᠡᠢ
ᠨᠡᠶᠢᠲᠡᠯᠡᠭᠰᠡᠨ ᠴᠠᠭ᠄
2020/3/2
       ᠬᠤᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠠᠵᠢᠯᠲᠠᠨ ᠰᠦᠯᠵᠢᠶᠡᠨ ᠤ ᠬᠢᠴᠢᠶᠡᠯ ᠤᠨ ᠬᠡᠯᠪᠡᠷᠢ ᠪᠠᠷ ᠲᠠᠷᠢᠶᠠᠴᠢᠳ ᠲᠤ ᠲᠠᠷᠢᠶᠠᠯᠠᠩ ᠤᠨ ᠮᠡᠳᠡᠯᠭᠡ᠂ ᠲᠤᠰᠬᠠᠢ ᠮᠡᠷᠭᠡᠵᠢᠯᠲᠡᠳ ᠤᠨ ᠠᠰᠠᠭᠤᠨ ᠯᠠᠪᠯᠠᠯᠲᠠ ᠵᠡᠷᠭᠡ ᠦᠢᠯᠡᠴᠢᠯᠡᠭᠡ ᠬᠠᠩᠭᠠᠵᠤ᠂  ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤ ᠰᠠᠭᠤᠷᠢ ᠲᠠᠯᠪᠢᠪᠠ᠃ ᠰᠦᠯᠵᠢᠶᠡᠨ ᠤ ᠬᠢᠴᠢᠶᠡᠯ ᠢ ᠨᠢᠭᠡ ᠭᠠᠷᠠᠭ ᠲᠤ ᠠᠳᠠᠭ ᠲᠤ ᠪᠠᠨ ᠭᠤᠷᠪᠠᠨ ᠬᠢᠴᠢᠶᠡᠯ ᠲᠣᠬᠢᠷᠠᠭᠤᠯᠵᠤ᠂  ᠲᠠᠷᠢᠶᠠᠴᠢᠳ ᠢ ᠤᠨᠴᠠᠭᠠᠢ ᠴᠠᠭ ᠦᠶ᠎ᠡ ᠳᠤ ᠲᠤᠭᠲᠠᠪᠤᠷᠢ ᠠᠯᠳᠠᠬᠤ ᠦᠭᠡᠢ᠂  ᠭᠠᠳᠠᠭᠰᠢ ᠭᠠᠷᠬᠤ ᠦᠭᠡᠢ᠂  ᠰᠤᠷᠤᠯᠴᠠᠵᠤ ᠳᠡᠶᠢᠯᠬᠦ᠂  ᠣᠯᠤᠯᠲᠠ ᠲᠠᠢ ᠪᠠᠶᠢᠬᠤ ᠪᠠᠷ ᠵᠣᠷᠢᠯᠭ᠎ᠠ ᠪᠤᠯᠭᠠᠵᠤ᠂  ᠬᠢᠵᠢᠭ ᠢ ᠰᠡᠷᠭᠡᠶᠢᠯᠡᠬᠦ ᠪᠠ ᠰᠤᠷᠤᠯᠴᠠᠯᠭ᠎ᠠ ᠶᠢ ᠠᠯᠢ ᠶᠢ ᠨᠢ ᠴᠦ ᠬᠠᠷᠰᠢᠯᠠᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠪᠡ᠃  ᠰᠦᠯᠵᠢᠶᠡᠨ ᠤ ᠬᠢᠴᠢᠶᠡᠯ ᠡᠷᠬᠢᠯᠡᠬᠦ ᠠᠴᠠ ᠭᠠᠳᠠᠨ᠎ᠠ᠂ ᠬᠤᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠬᠠᠮᠢᠶ᠎ᠠ ᠪᠦᠬᠦᠢ ᠠᠵᠤ ᠠᠬᠤᠶᠢᠯᠠᠯ ᠳᠤ ᠠᠵᠢᠯ ᠰᠡᠷᠭᠦᠭᠡᠭᠰᠡᠨ ᠤ ᠳᠠᠷᠠᠭᠠᠬᠢ ᠲᠤᠰᠬᠠᠢ ᠮᠡᠷᠭᠡᠵᠢᠯ ᠤᠨ ᠵᠢᠯᠤᠭᠤᠳᠤᠯᠭ᠎ᠠ ᠬᠢᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号