ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ 3 ᠰᠠᠯᠠᠭ᠎ᠠ ᠮᠥᠴᠢᠷ ᠤᠨ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠯᠠᠮᠵᠢᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2020-03-24
                 ᠦᠪᠦᠷ ᠵᠠᠰᠠᠭ ᠠᠯᠪᠠᠨ ᠲᠠᠷᠬᠠᠭᠠᠭᠰᠠᠨ ︹2020︺ 5 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ᠡᠳᠦᠭᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ 3 ᠰᠠᠯᠠᠭ᠎ᠠ ᠮᠥᠴᠢᠷ ᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠬᠤᠭᠤᠴᠠᠭᠠᠨ ᠳᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠰᠠᠨᠠᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠤᠯᠠᠮᠵᠢᠯᠠᠨ ᠶᠠᠪᠤᠭᠤᠯᠤᠯ᠎ᠠ᠂ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃                    2020 ᠣᠨ ᠤ 2 ᠳ᠋ᠣᠭᠠᠷ ᠰᠠᠷ᠎ᠠ ᠶᠢᠨ 25 ᠤ ᠡᠳᠦᠷ                    ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠰᠠᠨᠠᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠠᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠣ᠂ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠠᠮᠢᠶᠠᠷᠣᠯᠳᠠ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ︿ᠲᠥᠷᠥᠯ ᠬᠤᠪᠢᠶᠠᠨ ᠵᠢᠯᠣᠭᠤᠣᠡᠴᠣ ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠨᠠᠮ ᠢᠯᠡ ᠴᠠᠬᠢᠯᠭᠠᠨ ︹2020︺ 6 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠳᠣᠤᠷᠠᠬᠢ ᠮᠡᠲᠦ ᠰᠠᠨᠠᠯ ᠢ ᠲᠣᠷᠠᠣᠡᠪᠠ᠃        ᠨᠢᠭᠡ᠂ ᠦᠢᠯᠡᠴᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠰᠢᠯᠢᠳᠡᠭᠵᠢᠬᠦᠯᠦᠨ᠎ᠠ        ᠭᠤᠤᠯᠳᠠᠯᠭ᠎ᠠ ᠶᠢ ᠳᠣᠪᠤᠶᠢᠯᠭᠠᠬᠤ᠂ ᠨᠢᠭᠡᠳᠦᠯᠲᠡᠶ ᠲᠥᠯᠥᠪᠯᠡᠨ ᠨᠡᠶᠢᠳᠡ ᠳᠤ ᠨᠢ ᠬᠠᠷᠠᠭᠠᠯᠵᠠᠬᠤ᠂ ᠲᠥᠷᠥᠯ ᠬᠤᠪᠢᠶᠠᠨ ᠵᠢᠯᠣᠭᠤᠳᠬᠤ᠂ ᠣᠷᠣᠨ ᠪᠦᠰᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠦᠢᠯᠡᠴᠢᠯᠡᠭᠡ ᠶᠢ ᠪᠦᠬᠦ ᠲᠠᠯ᠎ᠠ ᠪᠠᠷ ᠰᠡᠷᠭᠦᠭᠡᠵᠦ᠂ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠪᠠ ᠡᠵᠡᠩᠨᠡᠯᠲᠡ ᠶᠢᠨ ᠲᠣᠤᠷ ᠴᠡᠭ ᠤᠨ ᠭᠠᠳᠠᠭᠰᠢ ᠦᠢᠯᠡᠴᠢᠯᠡᠬᠦ ᠴᠠᠭ ᠢ ᠵᠦᠶ ᠵᠣᠬᠢᠰᠲᠠᠶ ᠲᠣᠬᠢᠷᠠᠭᠤᠯᠣᠨ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠬᠥᠮᠦᠰ ᠤᠨ ᠰᠡᠷᠭᠡᠶᠢᠯᠡᠯᠳᠠ ᠬᠠᠮᠠᠭᠠᠯᠠᠯᠳᠠ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ ᠪᠠ ᠴᠡᠪᠡᠷᠯᠡᠨ ᠠᠷᠢᠭᠤᠳᠬᠠᠬᠤ ᠠᠵᠢᠯ ᠢ ᠰᠠᠶᠢᠲᠤᠷ ᠬᠢᠨ᠎ᠠ᠃ ᠪᠣᠯᠵᠣᠵᠤ ᠭᠦᠢᠴᠡᠳᠬᠡᠬᠦ ᠪᠠ ᠶᠠᠭᠠᠷᠠᠯᠳᠠᠢ ᠴᠠᠭ ᠢ ᠦᠩᠭᠡᠷᠡᠭᠡᠵᠣ ᠭᠦᠢᠴᠡᠳᠬᠡᠬᠦ ᠶᠢ ᠬᠡᠷᠡᠭᠵᠢᠭᠦᠯᠵᠦ᠂ ᠬᠥᠮᠦᠰ ᠤᠨ ᠴᠣᠭᠯᠠᠷᠠᠨ ᠪᠦᠭᠡᠮᠨᠡᠷᠡᠭᠦ ᠶᠢ ᠪᠠᠭᠠᠰᠬᠠᠨ᠎ᠠ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠲᠤᠬᠠᠶᠢᠯᠠᠭᠰᠠᠨ ᠠᠵᠢᠯ ᠳᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠦ᠂ ᠭᠦᠢᠴᠡᠳᠬᠡᠬᠦ ᠶᠢ ᠨᠢ ᠲᠦᠷᠬᠡᠳᠬᠡᠨ᠎ᠠ᠃ ᠰᠦᠯᠵᠢᠶ᠎ᠡ ᠪᠠᠷ ᠭᠦᠢᠴᠡᠳᠬᠡᠬᠦ ᠲᠤᠬᠠᠶᠢᠯᠠᠭᠰᠠᠨ ᠠᠵᠢᠯ ᠢ ᠢᠳᠡᠪᠬᠢᠲᠡᠶ ᠳᠡᠯᠭᠡᠷᠡᠭᠦᠯᠵᠦ᠂ ᠲᠤᠰᠢᠶᠠᠨ ᠬᠠᠳᠠᠭᠠᠯᠠᠭᠤᠯᠬᠤ ᠨᠢᠭᠡᠴᠢ ᠪᠠ ᠠᠵᠢᠯᠲᠠᠨ ᠠᠵᠢᠯᠴᠢᠨ ᠢ ᠭᠦᠳᠣᠯᠣᠨ ᠵᠢᠯᠣᠭᠤᠣᠡᠴᠣ ᠪᠠᠶᠢᠭᠠᠣᠨ ᠰᠦᠯᠵᠢᠶᠡᠨ ᠲᠡᠬᠡᠷᠡᠬᠢ ᠠᠵᠢᠯᠯᠠᠬᠤ ᠲᠢᠩᠬᠢᠮ᠂ ᠸᠢᠴᠠᠲ ᠤᠨ ᠣᠯᠠᠨ ᠨᠡᠶᠢᠲᠡ ᠶᠢᠨ ᠨᠤᠮᠧᠷ᠂ ᠭᠠᠷ ᠤᠲᠠᠰᠤᠨ ᠤ APP ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠲᠤᠬᠠᠶᠢᠯᠠᠭᠰᠠᠨ ᠠᠵᠢᠯ ᠢ ᠭᠦᠢᠴᠡᠣᠡᠭᠡᠯᠭᠡᠵᠣ᠂ ᠪᠠᠰᠠ 12329 ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠳᠠᠮᠵᠢᠭᠤᠯᠵᠣ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠭᠦᠢᠴᠡᠳᠬᠡᠬᠦ ᠶᠢ ᠵᠢᠯᠤᠭᠤᠳᠴᠤ ᠪᠣᠯᠤᠨ᠎ᠠ᠃        ᠬᠤᠶᠠᠷ᠂ ᠲᠣᠰᠢᠶᠠᠵᠣ ᠬᠤᠷᠢᠶᠠᠬᠤ ᠱᠠᠭᠠᠷᠳᠠᠯᠭ᠎ᠠ ᠶᠢ ᠲᠦᠷ ᠴᠠᠭ ᠠᠭᠤᠵᠢᠭᠤ ᠪᠤᠯᠭᠠᠨ᠎ᠠ        ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠠᠵᠤ ᠠᠬᠤᠶᠢᠯᠠᠯ ᠤᠳ ᠲᠣᠭᠲᠠᠭᠠᠯ ᠶᠣᠰᠣᠭᠠᠷ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠤᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠲᠤᠰᠢᠶᠠᠨ ᠬᠠᠳᠠᠭᠠᠯᠠᠬᠤ ᠴᠠᠭ ᠬᠤᠭᠤᠴᠠᠭ᠎ᠠ ᠶᠢ ᠦᠷᠭᠦᠯᠵᠢᠯᠡᠨ ᠪᠣᠳᠣᠵᠤ᠂ ᠠᠵᠢᠯᠲᠠᠨ ᠠᠵᠢᠯᠴᠢᠨ ᠤ ᠣᠷᠣᠨ ᠰᠠᠭᠤᠴᠨ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠬᠡᠪ ᠤᠨ ᠪᠠᠶᠢᠳᠠᠯ ᠢᠶᠠᠷ ᠭᠠᠷᠭᠠᠨ ᠠᠪᠬᠤ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠭᠤᠶᠤᠴᠢᠯᠠᠬᠤ ᠶᠢ ᠨᠢ ᠨᠥᠯᠥᠭᠡᠯᠡᠬᠦ ᠦᠭᠡᠢ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠦᠶ᠋ᠯᠡᠳᠪᠦᠷᠢᠯᠡᠯ ᠡᠵᠡᠩᠨᠡᠯᠲᠡ ᠨᠢ ᠬᠦᠴᠢᠷᠳᠠᠯᠳᠠᠢ ᠪᠤᠯᠤᠨᠨᠰᠠᠨ ᠠᠵᠤ ᠠᠬᠤᠶᠢᠯᠠᠯ ᠤᠳ ᠬᠠᠷᠢᠶ᠎ᠠ ᠭᠠᠵᠠᠷ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠠᠵᠢᠯᠲᠠᠨ ᠠᠵᠢᠯᠴᠢᠨ ᠯᠤᠭ᠎ᠠ ᠭᠦᠶ᠋ᠴᠡᠳ ᠵᠥᠪᠳᠡᠯᠴᠡᠭᠰᠡᠨ ᠤᠷᠢᠲᠠᠯ ᠳᠣᠤᠷ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠲᠤᠰᠢᠶᠠᠨ ᠬᠠᠳᠠᠭᠠᠯᠠᠭᠤᠯᠬᠤ ᠬᠠᠷᠢᠴᠠᠯ ᠢᠶᠠᠨ ᠪᠠᠭᠤᠷᠠᠭᠤᠯᠬᠤ ᠪᠠᠷ ᠭᠤᠶᠤᠴᠢᠯᠠᠵᠦ ᠪᠤᠯᠤᠨ᠎ᠠ᠂ ᠲᠤᠰᠢᠶᠠᠨ ᠬᠠᠳᠠᠭᠠᠯᠠᠭᠤᠯᠬᠤ ᠨᠠᠭᠠᠳᠤ ᠵᠠᠬ᠎ᠠ ᠶᠢᠨ ᠬᠠᠷᠢᠴᠠᠯ ᠢ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠳᠠᠭᠠᠯ ᠤᠨ 5% ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠴᠠᠭ ᠲᠤ ᠪᠠᠨ ᠲᠤᠰᠢᠶᠠᠨ ᠬᠠᠳᠠᠭᠠᠯᠠᠭᠤᠯᠵᠣ ᠴᠢᠳᠠᠭᠰᠠᠨ ᠦᠭᠡᠢ ᠨᠢᠭᠡᠴᠢ ᠪᠣᠯᠤᠨ ᠬᠤᠪᠢ ᠬᠥᠮᠦᠨ ᠨᠢ ᠪᠠᠶᠢᠳᠠᠯ ᠢᠶᠠᠨ ᠲᠣᠳᠣᠷᠬᠠᠶᠢᠯᠠᠬᠤ ᠶᠢᠨ ᠬᠠᠮᠲᠤ ᠵᠣᠬᠢᠬᠤ ᠬᠤᠭᠤᠴᠠᠭᠠᠨ ᠳᠤ ᠨᠥᠬᠦᠵᠦ ᠲᠤᠰᠢᠶᠠᠭᠰᠠᠨ ᠤ ᠳᠠᠷᠠᠭ᠎ᠠ᠂ ᠬᠡᠪ ᠤᠨ ᠶᠣᠰᠣᠭᠠᠷ ᠲᠤᠰᠢᠶᠠᠨ ᠬᠠᠳᠠᠭᠠᠯᠠᠭᠤᠯᠣᠭᠰᠠᠨ ᠢᠶᠠᠷ ᠪᠤᠳᠤᠨ᠎ᠠ᠂ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠭᠤᠶᠤᠴᠢᠯᠠᠬᠤ ᠶᠢ ᠨᠢ ᠨᠥᠯᠥᠭᠡᠯᠡᠬᠦ ᠦᠭᠡᠢ᠃        ᠭᠤᠷᠪᠠ᠂ ᠭᠠᠷᠭᠠᠨ ᠠᠪᠬᠤ ᠠᠷᠭ᠎ᠠ ᠬᠡᠮᠵᠢᠶ᠎ᠡ ᠳᠤ ᠵᠦᠶ ᠵᠣᠬᠢᠰᠲᠠᠶ ᠲᠣᠬᠢᠷᠠᠭᠤᠯᠤᠯᠲᠠ ᠬᠢᠨ᠎ᠠ        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠡᠷ ᠪᠠᠶᠢᠰᠢᠩ ᠬᠤᠳᠠᠯᠳᠤᠨ ᠠᠪᠣᠭᠰᠠᠨ ᠵᠢᠭᠡᠯᠡᠯᠭᠡ ᠶᠢᠨ ᠡᠬᠡ ᠪᠠ ᠬᠦᠦ ᠮᠦᠩᠭᠦ ᠶᠢ ᠪᠣᠴᠠᠭᠠᠬᠤ ᠪᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠳᠤ᠂ ᠵᠢᠭᠡᠯᠡᠯᠭᠡ ᠶᠢᠨ ᠭᠡᠷ᠎ᠡ ᠶᠢᠨ ᠬᠤᠭᠤᠴᠠᠭ᠎ᠠ ᠲᠤᠯᠤᠭᠰᠠᠨ ᠠᠴᠠ ᠪᠣᠯᠵᠣ ᠴᠠᠭ ᠲᠤ ᠪᠠᠨ ᠭᠦᠢᠴᠡᠳᠬᠡᠵᠦ ᠴᠢᠳ᠋ᠬᠠᠰᠠᠨ ᠥᠬᠡᠶ ᠪᠤᠯᠪᠠᠯ᠂ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠣᠯᠲᠠᠯ᠎ᠠ ᠤᠷᠳᠤᠳᠬᠠᠵᠦ ᠪᠣᠯᠤᠨ᠎ᠠ᠃ ᠭᠡᠷ ᠤᠨ ᠲᠦᠷᠢᠶᠡᠰᠣ ᠪᠠᠨ ᠲᠤᠰᠢᠶᠠᠬᠤ ᠳᠤ ᠨᠡᠯᠢᠶᠡᠳ ᠶᠡᠭᠡ ᠲᠠᠷᠤᠭᠠᠰᠤ ᠲᠠᠢ ᠲᠤᠰᠢᠶᠠᠨ ᠬᠠᠳᠠᠭᠠᠯᠠᠭᠤᠯᠣᠭᠰᠠᠨ ᠠᠵᠢᠯᠳᠠᠨ ᠠᠵᠢᠯᠴᠢᠨ ᠳᠤ᠂ ᠡᠯ᠎ᠡ ᠭᠠᠵᠠᠷ ᠣᠷᠣᠨ ᠨᠢ ᠪᠣᠳᠠᠳᠠᠢ ᠲᠠᠢ ᠪᠠᠨ ᠤᠶᠠᠯᠳᠤᠭᠤᠯᠵᠣ ᠭᠡᠷ ᠲᠦᠷᠢᠶᠡᠰᠣᠯᠡᠭᠦ ᠳᠤ ᠭᠠᠷᠭᠠᠨ ᠠᠪᠬᠤ ᠵᠤᠭᠤᠰᠤᠨ ᠤ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠳᠡᠭᠡᠭᠰᠢᠯᠡᠭᠦᠯᠵᠦ᠂ ᠭᠠᠷᠭᠠᠨ ᠠᠪᠬᠤ ᠴᠠᠭ ᠢ ᠠᠮᠢᠳᠤᠯᠢᠭ ᠢᠶᠠᠷ ᠲᠣᠬᠢᠷᠠᠭᠤᠯᠵᠤ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠦᠨᠳᠦ ᠡᠪᠡᠳᠴᠢᠨ ᠳᠤ ᠨᠡᠷᠪᠡᠭᠳᠡᠭᠰᠡᠨ ᠠᠴᠠ ᠪᠤᠯᠵᠦ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠬᠡᠪᠴᠢᠶᠡᠨ ᠳᠤ ᠣᠷᠣᠭᠤᠯᠵᠤ᠂ ᠡᠪᠡᠳᠴᠢᠲᠡᠣᠨ ᠡᠮᠨᠡᠨ ᠵᠠᠰᠠᠬᠤ ᠵᠠᠷᠤᠳᠠᠯ ᠢᠶᠠᠨ ᠨᠦᠭᠦᠪᠣᠷᠢᠯᠡᠭᠦ ᠪᠠᠷ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠪᠣᠯᠤᠨ᠎ᠠ᠃        ᠳᠥᠷᠪᠠ᠂ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠵᠣᠬᠢᠬᠤ ᠬᠡᠮᠵᠢᠶᠠᠨ ᠤ ᠲᠣᠬᠢᠷᠠᠭᠤᠯᠣᠯᠳᠠ ᠬᠢᠨ᠎ᠠ        ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠠᠴᠠ ᠪᠣᠯᠵᠣ ᠡᠮᠨᠡᠯᠭᠡ ᠳᠤ ᠰᠠᠭᠤᠵᠤ ᠡᠮᠨᠡᠬᠦᠯᠵᠦ ᠪᠠᠶᠢᠭ᠎ᠠ ᠪᠤᠶᠤ ᠲᠤᠰᠠᠭᠠᠷᠯᠠᠵᠣ ᠪᠠᠶᠢᠭ᠎ᠠ ᠭᠦᠮᠣᠰ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠠᠴᠠ ᠪᠣᠯᠵᠣ ᠲᠤᠰᠠᠭᠠᠷᠯᠠᠨ ᠠᠵᠢᠭᠯᠠᠬᠤ ᠴᠢᠬᠤᠯᠠᠳᠠᠢ ᠭᠦᠮᠣᠰ᠂ ᠨᠢᠭᠡᠳᠦᠭᠡᠷ ᠹᠷᠣᠨᠲ ᠲᠤ ᠠᠵᠢᠯᠯᠠᠵᠦ ᠪᠠᠶᠢᠭ᠎ᠠ ᠡᠮᠨᠡᠯᠭᠡ ᠶᠢᠨ ᠠᠵᠢᠯᠲᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠳᠤ ᠣᠷᠣᠯᠴᠠᠵᠣ ᠪᠠᠶᠢᠭ᠎ᠠ ᠭᠦᠮᠣᠰ ᠵᠢᠴᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠢᠯᠲᠠᠨ ᠠᠵᠢᠯᠴᠢᠨ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠪᠠᠨ ᠬᠡᠪ ᠤᠨ ᠪᠠᠶᠢᠳᠠᠯ ᠢᠶᠠᠷ ᠪᠤᠴᠠᠭᠠᠵᠤ ᠴᠢᠳᠠᠬᠤ ᠦᠭᠡᠢ ᠪᠠᠶᠢᠪᠡᠯ᠂ ᠬᠤᠭᠤᠴᠠᠭ᠎ᠠ ᠬᠡᠲᠦᠷᠡᠭᠰᠡᠨ ᠢᠶᠠᠷ ᠰᠢᠢᠳᠪᠦᠷᠢᠯᠡᠬᠦ ᠥᠬᠡᠶ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢ ᠭᠤᠶᠤᠴᠢᠯᠠᠬᠤ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠬᠤᠭᠤᠴᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠤᠭᠤᠴᠠᠭ᠎ᠠ ᠲᠤᠯᠤᠭᠰᠠᠨ ᠪᠠᠶᠢᠪᠡᠯ᠂ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠤᠷᠳᠤᠳᠬᠠᠵᠦ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠠᠵᠢᠯᠯᠠᠵᠦ ᠪᠠᠶᠢᠭ᠎ᠠ ᠬᠥᠮᠦᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠤᠰᠢᠶᠠᠨ ᠬᠠᠳᠠᠭᠠᠯᠠᠭᠤᠯᠬᠤ ᠨᠢᠭᠡᠴᠢ ᠨᠢ ᠦᠪᠡᠷᠳᠡᠭᠡᠨ ᠵᠠᠰᠠᠬᠤ ᠣᠷᠣᠨ ᠤ ᠲᠤᠰ ᠱᠠᠲᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠭᠲᠠᠭᠠᠭᠰᠠᠨ ᠲᠣᠭᠲᠠᠭᠠᠯ ᠶᠣᠰᠣᠭᠠᠷ ᠬᠡᠷᠡᠭᠵᠢᠭᠦᠯᠵᠦ᠂ ᠡᠯ᠎ᠡ ᠠᠶᠢᠮᠠᠭ ᠬᠤᠲᠠ ᠨᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号