︽ᠬᠤᠩᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭ᠎ᠠ ᠦᠢᠯᠡᠴᠢᠯᠡᠭᠡᠨ ᠤ ᠦᠢᠯᠡᠰ ᠢ ᠠᠵᠢᠯ ᠰᠡᠷᠭᠦᠭᠡᠨ ᠡᠵᠡᠩᠨᠡᠬᠦ ᠲᠤᠬᠠᠢ︾ ᠮᠡᠳᠡᠭᠳᠡᠯ
ᠨᠡᠶᠢᠲᠡᠯᠡᠭᠰᠡᠨ ᠴᠠᠭ᠄
2020-03-30
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶᠠᠲᠤ ᠬᠠᠮᠢᠶ᠎ᠠ ᠪᠥᠬᠦᠢ ᠰᠠᠯᠠᠭ᠎ᠠ ᠮᠦᠴᠢᠷ ᠲᠤ᠄        ᠠᠷᠠᠯᠵᠢᠶ᠎ᠠ ᠬᠤᠳᠠᠯᠳᠤᠭ᠎ᠠ ᠦᠢᠯᠡᠴᠢᠯᠡᠭᠡᠨ ᠤ ᠦᠢᠯᠡᠰ ᠢ ᠡᠮᠬᠢ ᠲᠢᠭᠯᠢᠮ ᠲᠠᠢ ᠡᠬᠢᠯᠡᠭᠦᠯᠬᠦ ᠶᠢᠨ ᠲᠥᠯᠦᠭᠡ᠂ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠦᠪ ︽ᠤᠯᠠᠭᠠᠨᠬᠠᠳᠠ ᠬᠤᠲᠠ ᠶᠢᠨ ᠰᠢᠨ᠎ᠡ ᠲᠢᠲᠡᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠠᠵᠢᠯ ᠤᠨ ᠤᠳᠤᠷᠢᠳᠬᠤ ᠳᠣᠭᠤᠶᠢᠯᠠᠩ ᠤᠨ ᠦᠪᠡᠷᠲᠡᠭᠡᠨ ᠵᠠᠰᠠᠬᠤ ᠣᠷᠤᠨ ᠤ ︿ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠲᠦᠷᠦᠯ ᠬᠤᠪᠢᠶᠠᠨ ᠵᠢᠯᠤᠭᠤᠳᠴᠤ᠂ ᠤᠨᠤᠴᠢᠲᠠᠢ ᠠᠷᠭ᠎ᠠ ᠠᠪᠴᠠᠯ ᠠᠪᠴᠤ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠬᠢᠬᠦ ᠠᠵᠢᠯ ᠤᠨ ᠲᠤᠬᠠᠢ ᠰᠠᠨᠠᠯ﹀ ᠢ ᠬᠡᠷᠡᠭᠵᠢᠭᠦᠯᠬᠦ ᠲᠥᠰᠦᠯ︾ ᠂ ︽ᠣᠯᠠᠭᠠᠨᠬᠠᠳᠠ ᠬᠤᠲᠠ ᠶᠢᠨ ᠠᠷᠠᠯᠵᠢᠶᠠᠨ ᠤ ᠶᠠᠪᠤᠳᠠᠯ ᠤᠨ ᠲᠣᠪᠴᠢᠶᠠᠨ ᠤ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠳᠡᠯᠭᠡᠷᠡᠵᠦ ᠪᠠᠶᠢᠭ᠎ᠠ ᠬᠤᠭᠤᠴᠠᠭᠠᠨ ᠳᠤ ᠪᠠᠭᠤᠳᠠᠯ᠂ ᠠᠷᠢᠬᠢᠨ ᠮᠤᠬᠤᠯᠠᠭ ᠢ ᠰᠡᠷᠭᠡᠶᠢᠯᠡᠨ ᠡᠵᠡᠮᠳᠡᠬᠦ ᠵᠦᠭᠯᠡᠭᠦᠷ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾᠂ ︽ᠤᠯᠠᠭᠠᠨᠬᠠᠳᠠ ᠬᠤᠲᠠ ᠶᠢᠨ ᠠᠷᠠᠯᠵᠢᠶᠠᠨ ᠤ ᠶᠠᠪᠤᠳᠠᠯ ᠤᠨ ᠲᠣᠪᠴᠢᠶ᠎ᠠ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ︿ᠰᠢᠨ᠎ᠡ ᠲᠢᠳᠡᠮᠯᠢᠭ ᠠᠭᠤᠰᠬᠢᠨ ᠦᠷᠪᠢᠰᠦᠯ ᠤᠨ ᠳᠡᠯᠭᠡᠷᠡᠵᠦ ᠪᠠᠶᠢᠭ᠎ᠠ ᠬᠤᠭᠤᠴᠠᠭᠠᠨ ᠳᠤ ᠠᠷᠠᠯᠵᠢᠶᠠᠨ ᠤ ᠦᠢᠯᠡᠰ ᠤᠨ ᠡᠵᠡᠩᠨᠡᠯᠲᠡ ᠶᠢᠨ ᠲᠠᠯᠠᠪᠤᠷ ᠤᠨ ᠠᠶᠦᠯᠭᠦᠢ ᠶᠢ ᠰᠡᠷᠭᠡᠶᠢᠯᠡᠨ ᠡᠵᠡᠮᠳᠡᠬᠦ ᠵᠦᠭᠯᠡᠭᠦᠷ﹀ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠪᠠ ᠠᠵᠢᠯ ᠤᠨ ᠪᠤᠳᠠᠲᠠᠢ ᠲᠠᠢ ᠤᠶᠠᠯᠳᠤᠭᠤᠯᠤᠨ᠂  ︽ᠬᠤᠩᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭ᠎ᠠ ᠦᠢᠯᠡᠴᠢᠯᠡᠭᠡᠨ ᠤ ᠦᠢᠯᠡᠰ ᠢ ᠠᠵᠢᠯ ᠰᠡᠷᠭᠦᠭᠡᠨ ᠡᠵᠡᠩᠨᠡᠬᠦ ᠲᠤᠬᠠᠢ ᠮᠡᠳᠡᠭᠳᠡᠯ︾ ᠢ ᠲᠤᠭᠲᠠᠭᠠᠨ᠂  ᠡᠳᠦᠭᠡ ᠬᠡᠪᠯᠡᠵᠦ ᠲᠠ ᠪᠦᠬᠦᠨ ᠳᠤ ᠲᠠᠷᠬᠠᠭᠠᠨ ᠶᠠᠪᠤᠭᠤᠯᠪᠠ᠂ ᠳᠠᠷᠤᠶᠢᠬᠠᠨ ᠪᠠᠶᠢᠭᠤᠯᠭ᠎ᠠ ᠶᠢᠨ ᠲᠤᠲᠤᠭᠠᠳᠤ ᠳᠠᠬᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠦᠢᠯᠡᠴᠢᠯᠡᠭᠡᠨ ᠤ ᠠᠵᠣ ᠠᠬᠤᠶᠢᠯᠠᠯ᠂ ᠠᠷᠠᠯᠵᠢᠶᠠᠨ ᠤ ᠡᠷᠦᠬᠡ ᠠᠯᠢ ᠲᠦᠷᠭᠡᠨ ᠢᠶᠠᠷ ᠡᠵᠡᠩᠨᠡᠯᠲᠡ ᠡᠬᠢᠯᠡᠬᠦ ᠶᠢ ᠵᠢᠯᠤᠭᠤᠳᠴᠤ᠂ ᠠᠵᠤ ᠠᠬᠤᠶᠢᠯᠠᠯ ᠠᠷᠠᠯᠵᠢᠶᠠᠨ ᠤ ᠡᠷᠦᠬᠡ ᠶᠢᠨ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠬᠤ ᠶᠢ ᠬᠢᠨᠠᠨ ᠱᠠᠪᠳᠠᠭᠤᠯᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠦᠭᠵᠢᠯᠲᠡ ᠶᠢ ︽ᠬᠤᠶᠠᠭᠤᠯᠠ ᠶᠢ ᠬᠠᠷᠰᠢᠯᠠᠬᠤ ᠦᠭᠡᠢ︾᠂ ︽ᠬᠤᠶᠠᠭᠤᠯᠠ ᠶᠢ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ᠃                                          2020 ᠤᠨ ᠤ 2 ᠰᠠᠷ᠎ᠠ ᠶᠢᠨ 22 ᠤ ᠡᠳᠦᠷ                            ᠬᠤᠩᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢ ᠰᠡᠷᠭᠦᠭᠡᠬᠦ ᠮᠡᠳᠡᠭᠳᠡᠯ        ᠨᠢᠭᠡ᠂ ᠦᠨᠳᠦᠰᠦᠨ ᠱᠠᠭᠠᠷᠳᠠᠯᠭ᠎ᠠ        ︵ᠨᠢᠭᠡ︶ ᠡᠷᠡᠭᠦᠯ ᠴᠢᠬᠢᠷᠠᠭ ᠤᠨ ᠬᠢᠨᠠᠨ ᠪᠠᠶᠢᠴᠠᠭᠠᠯᠲᠠ ᠬᠠᠩᠭᠠᠯᠲᠠᠲᠠᠢ ᠪᠠᠶᠢᠬᠤ ᠬᠡᠷᠡᠭᠲᠡᠢ᠃ ᠠᠵᠢᠯᠲᠠᠨ ᠤ ᠡᠷᠡᠭᠦᠯ ᠴᠢᠬᠢᠷᠠᠭ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠤ᠂ ︽ᠨᠢᠭᠡ ᠬᠦᠮᠦᠨ ᠨᠢᠭᠡ ᠨᠠᠮᠲᠠᠷ︾  ᠪᠦᠬᠦᠢ ᠡᠷᠡᠭᠦᠯ ᠬᠠᠮᠠᠭᠠᠯᠠᠯ ᠤᠨ ᠲᠡᠮᠳᠡᠭᠯᠡᠯ ᠢ ᠰᠠᠶᠢᠲᠤᠷ ᠬᠢᠵᠦ᠂ ᠡᠷᠡᠭᠦᠯ ᠴᠢᠬᠢᠷᠠᠭ ᠤᠨ ᠬᠢᠨᠠᠨ ᠪᠠᠶᠢᠴᠠᠭᠠᠯᠲᠠ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠎ᠠ᠃ ᠮᠠᠨ ᠤ ᠬᠤᠲᠠ ᠶᠢᠨ ᠪᠤᠰᠤ ᠠᠵᠢᠯᠲᠠᠨ ᠢ ᠠᠩᠭᠢᠯᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠂  ᠪᠦᠬᠦ ᠤᠯᠤᠰ ᠤᠨ ᠬᠢᠵᠢᠭ ᠤᠨ ᠪᠠᠶᠢᠳᠠᠯ ᠤᠨ ᠳᠠᠩᠰᠠᠯᠠᠯᠲᠠ ᠶᠢᠨ ᠣᠷᠤᠨ ᠬᠡᠪᠴᠢᠶᠡᠨ ᠤ ᠬᠤᠪᠢᠶᠠᠷᠢᠯᠠᠯᠲᠠ ᠶᠤᠰᠤᠭᠠᠷ᠂ ᠲᠦᠭᠰᠢᠭᠦᠷᠢ ᠶᠡᠭᠡ ᠭᠠᠵᠠᠷ ᠣᠷᠤᠨ ᠤ ᠬᠦᠮᠦᠰ ᠲᠦᠷ ᠴᠠᠭ ᠤᠯᠠᠭᠠᠨᠬᠠᠳᠠ ᠬᠤᠲᠠ ᠳᠤ ᠪᠤᠴᠠᠵᠤ ᠢᠷᠡᠵᠦ ᠪᠣᠯᠬᠤ ᠦᠭᠡᠢ᠂  ᠲᠦᠭᠰᠢᠭᠦᠷᠢ ᠨᠡᠯᠢᠶᠡᠳ ᠶᠡᠭᠡ ᠪᠠ ᠳᠤᠮᠳᠠ ᠵᠡᠷᠭᠡ ᠶᠢᠨ ᠭᠠᠵᠠᠷ ᠣᠷᠤᠨ ᠤ ᠬᠦᠮᠦᠰ ᠪᠣᠴᠠᠵᠤ ᠢᠷᠡᠭᠰᠡᠨ ᠤ ᠳᠠᠷᠠᠭ᠎ᠠ᠂ ᠠᠵᠤ ᠠᠬᠤᠶᠢᠯᠠᠯ ᠤᠨ ᠠᠵᠢᠯᠲᠠᠨ ᠤ ᠪᠠᠶᠢᠷᠢ ᠪᠤᠶᠤ ᠳᠦᠷᠢᠶᠡᠰᠦᠯᠡᠵᠦ ᠪᠠᠶᠢᠭ᠎ᠠ ᠭᠡᠷ ᠤᠨ ᠬᠠᠷᠢᠶᠠᠯᠠᠭᠳᠠᠵᠤ ᠪᠠᠶᠢᠭ᠎ᠠ ᠨᠡᠶᠢᠭᠡᠮ ᠲᠣᠭᠤᠷᠢᠭ᠂ ᠵᠠᠰᠠᠭ ᠵᠠᠬᠢᠷᠭᠠᠨ ᠤ ᠲᠤᠰᠬᠤᠨ ᠳᠤ ᠲᠤᠰᠠᠭᠠᠷᠯᠠᠨ᠎ᠠ ︵14 ᠬᠤᠨᠤᠭ︶᠃ ᠲᠦᠭᠰᠢᠭᠦᠷᠢ ᠨᠡᠯᠢᠶᠡᠳ ᠪᠠᠭ᠎ᠠ ᠪᠠ ᠪᠠᠭ᠎ᠠ ᠭᠠᠵᠠᠷ ᠣᠷᠤᠨ ᠤ ᠬᠦᠮᠦᠰ ᠢ ᠠᠵᠤ ᠠᠬᠤᠶᠢᠯᠠᠯ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ︾ ᠶᠤᠰᠤᠭᠠᠷ ᠬᠢᠨᠠᠨ ᠪᠠᠶᠢᠴᠠᠭᠠᠵᠤ ᠳᠠᠩᠰᠠᠯᠠᠬᠤ ᠶᠢᠨ ᠬᠠᠮᠲᠤ ᠠᠵᠤ ᠦᠢᠯᠡᠰ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠪᠡᠯᠡᠳᠬᠡᠨ ᠳᠠᠩᠰᠠᠯᠠᠵᠤ᠂  ᠬᠢᠷᠢ ᠲᠡᠩᠴᠡᠪᠡᠯ ᠰᠢᠭᠤᠳ ᠠᠵᠢᠯᠯᠠᠵᠤ ᠪᠣᠯᠤᠨ᠎ᠠ᠃        ︵ᠬᠤᠶᠠᠷ︶ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠬᠠᠩᠭᠠᠯᠲᠠᠲᠠᠢ ᠪᠡᠯᠡᠳᠬᠡᠬᠦ ᠬᠡᠷᠡᠭᠲᠡᠢ᠃ ᠡᠵᠡᠩᠨᠡᠯᠲᠡ ᠶᠢ ᠰᠡᠷᠭᠦᠬᠡᠬᠦ ᠠᠴᠠ ᠡᠮᠦᠨ᠎ᠡ ᠲᠠᠯᠠᠪᠤᠷ ᠤᠨ ᠬᠦᠷᠢᠶ᠎ᠡ ᠬᠡᠪᠴᠢᠶ᠎ᠡ ᠪᠠ ᠠᠵᠢᠯᠲᠠᠨ ᠤ ᠲᠤᠭ᠎ᠠ ᠬᠡᠮᠵᠢᠶ᠎ᠡ ᠶᠢ ᠦᠨᠳᠦᠰᠦᠯᠡᠨ ᠦᠪᠡᠷᠲᠡᠭᠡᠨ ᠬᠢᠵᠢᠭ ᠢ ᠰᠡᠷᠭᠡᠶᠢᠯᠡᠨ ᠡᠵᠡᠮᠳᠡᠬᠦ᠂ ᠠᠶᠦᠯᠭᠦᠢ ᠦᠢᠯᠡᠳᠪᠦᠷᠢᠯᠡᠯ ᠪᠠ ᠭᠠᠯ ᠢ ᠰᠡᠷᠭᠡᠶᠢᠯᠡᠬᠦ ᠡᠳ᠋ ᠪᠤᠳᠠᠰ ᠢ ᠬᠠᠩᠭᠠᠯᠲᠠᠲᠠᠢ ᠪᠡᠯᠡᠳᠬᠡᠨ᠎ᠡ᠃ ᠡᠭᠦᠨ ᠳᠤ ᠠᠮᠠᠪᠴᠢ᠂ ᠠᠷᠢᠭᠤᠳᠬᠠᠯ ᠤᠨ ᠪᠤᠳᠠᠰ᠂ ᠰᠫᠢᠷᠲ᠂ ᠭᠠᠷ ᠤᠭᠢᠶᠠᠬᠤ ᠰᠢᠩᠭᠡᠨ ᠵᠡᠷᠭᠡ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠠ ᠪᠡᠶ᠎ᠡ ᠶᠢᠨ ᠳᠤᠯᠠᠭᠠᠨ ᠤ ᠬᠡᠮᠵᠢᠭᠦᠷ ᠢ ᠪᠠᠭᠲᠠᠭᠠᠨ᠎ᠠ᠃        ︵ᠭᠤᠷᠪᠠ︶ ᠠᠵᠢᠯᠯᠠᠭᠠᠨ ᠤ ᠲᠠᠯᠠᠪᠤᠷ ᠢ ᠭᠦᠢᠴᠡᠳ ᠠᠷᠢᠭᠤᠳᠬᠠᠬᠤ ᠬᠡᠷᠡᠭᠲᠡᠢ᠃ ᠪᠤᠳᠠᠲᠠᠢ ᠲᠠᠢ ᠤᠶᠠᠯᠳᠤᠭᠤᠯᠤᠨ ᠠᠵᠤ ᠦᠢᠯᠡᠰ ᠤᠨ ᠰᠡᠷᠭᠡᠶᠢᠯᠡᠨ ᠬᠠᠮᠠᠭᠠᠯᠠᠬᠤ ᠵᠦᠭᠯᠡᠭᠦᠷ ᠶᠤᠰᠤᠭᠠᠷ ᠦᠢᠯᠡᠳᠪᠦᠷᠢ ᠶᠢᠨ ᠲᠠᠰᠤᠭ᠂ ᠠᠯᠪᠠᠯᠠᠬᠤ ᠲᠠᠯᠠᠪᠤᠷ᠂ ᠪᠠᠶᠢᠷᠢ᠂ ᠬᠤᠭᠤᠯᠠᠨ ᠭᠡᠷ᠂  ᠤᠭᠢᠶᠠᠯᠭ᠎ᠠ ᠶᠢᠨ ᠲᠠᠰᠤᠭ ᠵᠡᠷᠭᠡ ᠲᠠᠯᠠᠪᠤᠷ ᠪᠠ ᠴᠠᠬᠢᠯᠭᠠᠨ ᠱᠠᠲᠤ᠂ ᠤᠯᠠᠨ ᠨᠡᠶᠢᠲᠡ ᠶᠢᠨ ᠰᠠᠨᠳᠠᠯᠢ᠂ ᠲᠤᠭᠠᠴᠠᠭ᠎ᠠ ᠬᠢᠬᠦ ᠭᠠᠵᠠᠷ᠂ ᠳᠤᠯᠠᠭᠠᠯᠠᠮᠵᠢ ᠵᠡᠷᠭᠡ ᠲᠦᠬᠦᠭᠡᠷᠦᠮᠵᠢ ᠶᠢ ᠠᠷᠢᠭᠤᠳᠬᠠᠨ᠎ᠠ᠃        ︵ᠳᠥᠷᠪᠡ︶ ᠬᠦᠮᠦᠨ ᠤ ᠤᠷᠤᠰᠬᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠵᠡᠩᠨᠡᠯᠲᠡ ᠶᠢᠨ ᠲᠠᠯᠠᠪᠤᠷ ᠲᠤ ᠣᠷᠤᠬᠤ ᠬᠦᠮᠦᠰ ᠤᠨ ᠠᠮᠠᠪᠴᠢ ᠵᠡᠭᠦᠨ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠎ᠠ᠃  ᠬᠦᠮᠦᠨ ᠤ ᠣᠷᠤᠰᠬᠠᠯ ᠢ ᠴᠡᠭᠴᠡᠯᠡᠭᠴᠢ ᠶᠢ ᠲᠣᠬᠢᠷᠠᠭᠤᠯᠤᠨ᠂ ᠬᠦᠮᠦᠨ ᠬᠠᠷ᠎ᠠ ᠬᠡᠲᠦ ᠲᠦᠪᠯᠡᠷᠡᠬᠦ ᠠᠴᠠ ᠵᠠᠶᠢᠯᠠᠰᠬᠢᠨ᠎ᠠ᠃ ᠪᠡᠶ᠎ᠡ ᠶᠢᠨ ᠳᠤᠯᠠᠭᠠᠨ ᠨᠢ 37.3 ᠼᠧᠯᠸᠢᠰ ᠤᠨ ᠭᠷᠡᠳᠦ᠋ᠰ ᠢ ᠬᠡᠲᠦᠷᠡᠭᠰᠡᠨ ᠬᠦᠮᠦᠨ ᠪᠠᠶᠢᠪᠠᠯ ᠳᠠᠩᠰᠠᠯᠠᠵᠤ᠂ ᠬᠠᠷᠢᠶ᠎ᠠ ᠣᠷᠤᠨ ᠤ ᠪᠠᠯᠭᠠᠰᠤ ᠵᠡᠭᠡᠯᠢ ᠶᠢᠨ ᠵᠢᠯᠤᠭᠤᠳᠬᠤ ᠬᠡᠯᠲᠡᠰ ᠲᠤ ᠮᠡᠳᠡᠭᠦᠯᠦᠨ᠎ᠡ᠃ ᠡᠭᠦᠨ ᠤ ᠬᠠᠮᠲᠤ ᠵᠢᠭᠠᠨ ᠲᠤᠭᠲᠠᠭᠠᠭᠰᠠᠨ ᠡᠮᠨᠡᠯᠭᠡ ᠳᠤ ᠡᠮᠴᠢᠯᠡᠭᠦᠯᠬᠦ ᠶᠢ ᠬᠦᠲᠦᠯᠦᠨ ᠵᠢᠯᠤᠭᠤᠳᠤᠨ᠎ᠠ᠃        ︵ᠲᠠᠪᠤ︶ ᠠᠶᠦᠯᠭᠦᠢ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ᠃ ᠡᠵᠡᠩᠨᠡᠯᠲᠡ ᠪᠠᠨ ᠰᠡᠷᠭᠦᠭᠡᠬᠦ ᠠᠴᠠ ᠡᠮᠦᠨ᠎ᠡ ᠠᠵᠢᠯᠲᠠᠨ ᠤ ᠠᠶᠦᠯᠭᠦᠢ ᠶᠢᠨ ᠬᠦᠮᠦᠵᠢᠯ ᠤᠨ ᠪᠣᠯᠪᠠᠰᠤᠷᠠᠯ ᠶᠠᠪᠤᠭᠳᠠᠭᠤᠯᠵᠤ᠂  ᠣᠰᠤ ᠴᠠᠬᠢᠯᠭᠠᠨ ᠲᠤᠯᠠᠭᠠᠯᠠᠯᠭ᠎ᠠ᠂ ᠲᠦᠬᠦᠭᠡᠷᠦᠮᠵᠢ᠂ ᠪᠡᠯᠡᠳᠬᠡᠯ ᠲᠦᠬᠦᠭᠡᠷᠦᠮᠵᠢ᠂ ᠦᠢᠯᠡᠳᠪᠦᠷᠢ ᠶᠢᠨ ᠲᠠᠰᠤᠭ᠂ ᠬᠦᠮᠦᠷᠭᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠪᠠ ᠭᠤᠤᠯᠳᠠᠯᠭ᠎ᠠ ᠲᠠᠢ ᠬᠡᠰᠡᠭ ᠤᠨ ᠠᠶᠦᠯᠭᠦᠢ ᠶᠢᠨ ᠪᠠᠶᠢᠴᠠᠭᠠᠯᠲᠠ ᠶᠢ ᠰᠠᠶᠢᠲᠤᠷ ᠬᠢᠨ᠎ᠡ᠃        ︵ᠵᠢᠷᠭᠤᠭ᠎ᠠ︶ ᠤᠬᠠᠭᠤᠯᠭ᠎ᠠ ᠬᠦᠮᠦᠵᠢᠯ ᠬᠠᠩᠭᠠᠯᠲᠠᠲᠠᠢ ᠪᠠᠶᠢᠬᠤ ᠬᠡᠷᠡᠭᠲᠡᠢ᠃ ᠠᠵᠢᠯᠲᠠᠨ ᠢ ᠵᠣᠬᠢᠶᠠᠨ ᠪᠠᠶᠢᠭᠤᠯᠵᠤ ᠡᠯ᠎ᠡ ᠱᠠᠲᠤᠨ ᠤ ᠰᠡᠷᠭᠡᠶᠢᠯᠡᠨ ᠡᠵᠡᠮᠳᠡᠬᠦ ᠪᠢᠴᠢᠭ ᠮᠠᠲ᠋ᠧᠷᠢᠶᠠᠯ ᠪᠠ ᠤᠬᠠᠭᠤᠯᠭ᠎ᠠ ᠶᠢᠨ ᠭᠠᠷ ᠳᠡᠪᠲᠡᠷ ᠢ ᠰᠤᠷᠤᠯᠴᠠᠭᠤᠯᠵᠤ᠂ ᠨᠢᠳᠦᠨ ᠳᠤ ᠢᠯᠡ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠨᠠᠭᠠᠨ᠎ᠠ᠃        ᠬᠤᠶᠠᠷ᠂ ᠡᠯ᠎ᠡ ᠠᠵᠤ ᠦᠢᠯᠡᠰ ᠤᠨ ᠰᠡᠷᠭᠡᠶᠢᠯᠡᠬᠦ ᠱᠠᠭᠠᠷᠳᠠᠯᠭ᠎ᠠ        ︵ᠨᠢᠭᠡ︶ ᠬᠤᠳᠠᠯᠳᠤᠭᠠᠨ ᠤ ᠲᠠᠯᠠᠪᠤᠷ᠂  ᠬᠠᠮ ᠳᠡᠯᠭᠡᠭᠦᠷ᠂  ᠵᠠᠬ᠎ᠠ ᠳᠡᠯᠭᠡᠭᠦᠷ        1. ᠣᠷᠤᠵᠤ ᠭᠠᠷᠬᠤ ᠡᠭᠦᠳᠡᠨ ᠳᠡᠭᠡᠷ᠎ᠡ ᠪᠡᠶ᠎ᠡ ᠶᠢᠨ ᠳᠤᠯᠠᠭᠠᠨ ᠢ ᠬᠡᠮᠵᠢᠨ ᠪᠠᠶᠢᠴᠠᠭᠠᠬᠤ ᠴᠡᠭ ᠭᠠᠷᠭᠠᠨ᠂ ᠲᠤᠰᠬᠠᠢ ᠬᠦᠮᠦᠨ ᠬᠠᠮᠢᠶᠠᠷᠤᠨ᠎ᠠ᠃        2. ᠬᠡᠦᠬᠡᠳ ᠤᠨ ᠴᠡᠩᠭᠡᠯ ᠤᠨ ᠣᠷᠳᠤᠨ᠂ ᠺᠢᠨᠤ᠋ ᠶᠢᠨ ᠣᠷᠳᠤᠨ᠂ KTV ᠪᠦᠷ ᠲᠦᠷ ᠡᠵᠡᠩᠨᠡᠬᠦ ᠦᠭᠡᠢ᠃        3. ᠢᠲᠡᠭᠡᠨ ᠤᠮᠳᠠᠭᠠᠨ ᠤ ᠳᠡᠯᠭᠡᠭᠦᠷ ᠬᠤᠳᠠᠯᠳᠤᠭᠠᠯᠠᠵᠤ ᠪᠣᠯᠬᠤ ᠠᠴᠠ ᠪᠢᠰᠢ᠂ ᠳᠡᠯᠭᠡᠭᠦᠷ ᠲᠤ ᠬᠤᠭᠤᠯᠠᠯᠠᠵᠤ ᠪᠣᠯᠬᠤ ᠦᠭᠡᠢ᠃        4. ᠡᠵᠡᠩᠨᠡᠯᠲᠡ ᠶᠢᠨ ᠴᠠᠭ᠄ 07᠄ 00-19᠄ 00        ︵ᠬᠤᠶᠠᠷ︶  ᠪᠠᠭᠤᠳᠠᠯ᠂ ᠠᠷᠢᠬᠢᠨ ᠮᠤᠬᠤᠯᠠᠭ        1. ᠡᠭᠦᠳᠡᠨ ᠳᠡᠭᠡᠷ᠎ᠡ ᠪᠡᠶ᠎ᠡ ᠶᠢᠨ ᠳᠤᠯᠠᠭᠠᠨ ᠢ ᠬᠡᠮᠵᠢᠨ ᠪᠠᠶᠢᠴᠠᠭᠠᠬᠤ ᠴᠡᠭ ᠭᠠᠷᠭᠠᠨ᠂  ᠵᠣᠴᠢᠳ ᠤᠨ ᠪᠡᠶ᠎ᠡ ᠶᠢᠨ ᠳᠤᠯᠠᠭᠠᠨ ᠢ ᠬᠡᠮᠵᠢᠨ᠎ᠡ᠃        2. ᠪᠠᠭᠤᠳᠠᠯ᠂ ᠠᠷᠢᠬᠢᠨ ᠮᠤᠬᠤᠯᠠᠭ ᠬᠤᠨᠤᠭ ᠤᠨ ᠵᠣᠴᠢᠨ ᠢ ᠯᠠ ᠬᠦᠯᠢᠶᠡᠨ ᠠᠪᠴᠤ ᠪᠣᠯᠬᠤ ᠠᠴᠠ ᠪᠢᠰᠢ ᠂ ᠢᠳᠡᠭᠡᠨ ᠤᠮᠳᠠᠭᠠᠨ ᠤ ᠦᠢᠯᠡᠰ ᠢᠶᠠᠨ ᠲᠦᠷ ᠡᠷᠬᠢᠯᠡᠵᠦ ᠪᠣᠯᠬᠤ ᠦᠭᠡᠢ᠃        3. ᠵᠣᠴᠢᠳ ᠪᠠ ᠠᠵᠢᠯᠲᠠᠳ ᠡᠷᠬᠡᠪᠰᠢ ᠲᠤᠰᠠᠭᠠᠷ ᠬᠤᠭᠤᠯᠠᠯᠠᠵᠤ᠂ ᠬᠤᠭᠤᠯᠠᠨ ᠭᠡᠷ ᠢᠶᠠᠨ ᠬᠠᠩᠭᠠᠵᠤ ᠪᠣᠯᠬᠤ ᠦᠭᠡᠢ᠃        4. ᠲᠤᠲᠤᠭᠠᠳᠤ ᠳᠠᠬᠢ ᠪᠠᠶᠠᠷ ᠴᠡᠩᠭᠡᠯ ᠤᠨ᠂ ᠪᠡᠶ᠎ᠡ ᠪᠣᠯᠪᠠᠰᠤᠷᠠᠭᠤᠯᠬᠤ᠂  ᠭᠤᠶᠤᠯᠠᠯ ᠤᠨ ᠦᠢᠯᠡᠴᠢᠯᠡᠭᠡ ᠶᠢ ᠲᠦᠷ ᠡᠷᠬᠢᠯᠡᠵᠦ ᠪᠣᠯᠬᠤ ᠦᠭᠡᠢ᠃          ︵ᠭᠤᠷᠪᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ        1. ᠢᠳᠡᠭᠡᠨ ᠤᠮᠳᠠᠭᠠᠨ ᠤ ᠢᠷᠡᠯᠲᠡ ᠶᠢᠨ ᠬᠢᠨᠠᠯᠲᠠ ᠪᠠ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠎ᠠ        2. ᠰᠦᠯᠵᠢᠶ᠎ᠡ ᠪᠠᠷ ᠪᠣᠷᠤᠯᠠᠭᠤᠯᠬᠤ ᠪᠠ ᠲᠦᠷᠭᠡᠨ ᠬᠦᠷᠭᠡᠯᠲᠡ ᠶᠢ ᠵᠣᠷᠢᠭᠵᠢᠭᠤᠯᠤᠨ᠂ ᠳᠡᠯᠭᠡᠭᠦᠷ ᠲᠤ ᠬᠤᠭᠤᠯᠠᠯᠠᠬᠤ ᠶᠢ ᠡᠷᠡᠰ ᠲᠡᠪᠴᠢᠨ᠎ᠡ᠃        3. ᠡᠵᠡᠩᠨᠡᠯᠲᠡ ᠶᠢᠨ ᠴᠠᠭ ᠨᠢ 07᠄ 00-19᠄ 00        ︵ᠳᠥᠷᠪᠡ︶  ᠦᠰᠦ ᠭᠤᠶᠤᠯᠠᠯ ᠤᠨ ᠦᠢᠯᠡᠴᠢᠯᠡᠭᠡᠨ ᠤ ᠨᠢᠭᠡᠴᠡ        1. ᠦᠰᠦ ᠭᠤᠶᠤᠯᠠᠬᠤ ᠦᠢᠯᠡᠰ ᠵᠥᠪᠬᠡᠨ ᠦᠰᠦ ᠵᠠᠰᠠᠵᠤ ᠪᠣᠯᠬᠤ ᠠᠴᠠ ᠪᠢᠰᠢ᠂ ᠪᠣᠳᠤᠬᠤ᠂ ᠠᠲᠤᠷᠢᠭᠤᠯᠬᠤ ᠵᠡᠷᠭᠡ ᠦᠢᠯᠡᠴᠢᠯᠡᠭᠡ ᠶᠢ ᠬᠠᠩᠭᠠᠵᠤ ᠪᠣᠯᠬᠤ ᠦᠭᠡᠢ᠃        2. ᠰᠦᠯᠵᠢᠶ᠎ᠡ ᠪᠠᠷ ᠣᠷᠢᠳᠴᠢᠯᠠᠨ ᠪᠣᠯᠵᠤᠬᠤ ᠦᠢᠯᠡᠴᠢᠯᠡᠭᠡ ᠶᠢ ᠵᠣᠷᠢᠭᠵᠢᠭᠤᠯᠤᠨ᠂  ᠴᠡᠭᠴᠡᠯᠡᠨ ᠲᠠᠷᠬᠠᠭᠠᠭᠴᠢ ᠲᠣᠬᠢᠷᠠᠭᠤᠯᠤᠨ᠂  ᠳᠡᠯᠭᠡᠭᠦᠷ ᠤᠨ ᠲᠤᠲᠤᠷ᠎ᠠ ᠬᠦᠮᠦᠨ ᠬᠠᠷ᠎ᠠ ᠲᠦᠪᠯᠡᠷᠡᠬᠦ ᠶᠢ ᠡᠷᠡᠰ ᠴᠡᠭᠡᠷᠯᠡᠨ᠎ᠡ᠃        3. ᠡᠵᠡᠩᠨᠡᠯᠲᠡ ᠶᠢᠨ ᠴᠠᠭ ᠨᠢ 07᠄ 00-19᠄ 00        ︵ᠲᠠᠪᠤ︶  ᠡᠩ ᠤᠨ ᠬᠡᠰᠡᠭᠯᠡᠨ ᠪᠣᠷᠤᠯᠠᠭᠤᠯᠬᠤ ᠦᠢᠯᠡᠰ        1. ᠪᠠᠷᠢᠮᠵᠢᠶ᠎ᠠ ᠶᠤᠰᠤᠭᠠᠷ ᠠᠮᠠᠪᠴᠢ ᠵᠡᠭᠦᠬᠦ᠂  ᠪᠡᠶ᠎ᠡ ᠶᠢᠨ ᠳᠤᠯᠠᠭᠠᠨ ᠢ ᠬᠡᠮᠵᠢᠬᠦ᠂ ᠠᠷᠢᠭᠤᠳᠬᠠᠬᠤ ᠶᠢ ᠡᠷᠬᠢᠮᠯᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠎ᠠ᠃        2. ᠰᠦᠯᠵᠢᠶ᠎ᠡ ᠪᠠᠷ ᠪᠣᠷᠤᠯᠠᠭᠤᠯᠬᠤ᠂ ᠲᠣᠬᠢᠷᠠᠭᠤᠯᠤᠨ ᠬᠦᠷᠭᠡᠬᠦ ᠬᠡᠯᠪᠡᠷᠢ ᠶᠢ ᠵᠣᠷᠢᠭᠵᠢᠭᠤᠯᠤᠨ᠂ ᠬᠦᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠨ᠎ᠠ᠃        3. ᠡᠵᠡᠩᠨᠡᠯᠲᠡ ᠶᠢᠨ ᠴᠠᠭ ᠨᠢ 07᠄ 00-19᠄ 00
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号