ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020-03-06
                 ᠥᠪᠥᠷ ᠵᠠᠰᠠᠭ ᠲᠠᠷᠬᠠᠭᠠᠭᠰᠠᠨ ︹2019︺ 14 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ︽ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠦᠭᠡᠷᠡᠴᠢᠯᠡᠯᠲᠡ ᠶᠢ ᠬᠡᠷᠡᠭᠵᠢᠭᠦᠯᠬᠦ ᠲᠣᠬᠠᠢ ᠡᠳ᠋ ᠤᠨ ᠵᠠᠰᠠᠭ ᠤᠨ ᠶᠠᠮᠦᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠮᠡᠳᠡᠭᠳᠡᠯ︾ ︵ᠡᠳ᠋ ᠭᠠᠶᠢᠯᠢ ︹2014︺ 72 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠴᠣᠬᠤᠯᠠᠪᠤᠷᠢ︾ ︵ᠡᠳ᠋ ᠭᠠᠶᠢᠯᠢ ︹2019︺ 73 ᠳ᠋ᠤᠭᠠᠷ ᠲᠣᠭᠠᠲᠤ︶ ᠶᠢ ᠦᠨᠳᠦᠰᠦᠯᠡᠨ᠂ ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ 9% ᠪᠠᠶᠢᠭᠰᠠᠨ ᠠᠴᠠ 10% ᠪᠣᠯᠭᠠᠨ ᠲᠣᠬᠢᠷᠠᠭᠤᠯᠵᠤ᠂ 2019 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ ᠃ ᠤᠤᠯ ᠤᠨ ︽ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ︾ ︵ᠥᠪᠥᠷ ᠵᠠᠰᠠᠭ ᠲᠠᠷᠬᠠᠭᠠᠭᠰᠠᠨ ︹2014︺ 135 ᠳ᠋ᠤᠭᠠᠷ ᠲᠣᠭᠠᠲᠤ︶ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃          2020 ᠣᠨ ᠤ 9 ᠳ᠋ᠤᠭᠡᠷ ᠰᠠᠷ᠎ᠠ ᠶᠢᠨ 1 ᠤ ᠡᠳᠦᠷ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠠᠰᠲᠠᠭᠠᠨ ᠲᠣᠭᠲᠠᠭᠠᠯ ᠪᠠᠭᠤᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号