ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠳᠤᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020-03-06
                 ᠥᠪᠥᠷ ᠵᠠᠰᠠᠭ ᠠᠯᠪᠠᠨ ᠥᠰᠥᠭ ︹2019︺ 47 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠳᠤᠭᠲᠠᠭᠠᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠳᠤᠭᠲᠠᠭᠠᠯ        ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠲᠠ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2018︺ 115 ᠳ᠋ᠤᠭᠠᠷ ᠲᠤᠭᠠᠲᠤ︶ ᠢ ᠦᠨᠳᠦᠰᠦᠯᠡᠨ᠂ ᠠᠵᠢᠯ ᠤᠨ ᠪᠤᠲᠠᠲᠠᠢ ᠲᠠᠢ ᠪᠠᠨ ᠤᠶᠠᠯᠳᠤᠭᠤᠯᠵᠣ᠂ ᠲᠤᠰ ᠲᠤᠭᠲᠠᠭᠠᠯ ᠢ ᠳᠤᠭᠲᠠᠭᠠᠪᠠ᠃        ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠵᠢᠴᠢ ᠠᠯᠪᠠᠨ ᠲᠢᠩᠬᠢᠮ ᠤᠨ ᠲᠤᠭᠤᠷᠪᠢᠨ ᠲᠤᠭᠲᠠᠭᠠᠵᠤ ᠨᠡᠶᠢᠳᠡᠯᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠤᠯᠤᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠦ ᠪᠣᠳᠤᠯᠭ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ ︵ᠳᠤᠷᠤᠭᠰᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠭᠡᠵᠦ ᠲᠤᠪᠴᠢᠯᠠᠨ᠎ᠠ︶ ᠪᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠬᠢᠷᠠᠯᠴᠬᠠᠰᠠᠨ ᠭᠡᠷ᠎ᠡ᠂ ᠵᠥᠪᠯᠡᠯᠴᠡᠭᠡᠷ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ ᠲᠤᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃        ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠲᠤᠭᠠᠳᠤ ᠳᠤ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠵᠢᠷᠤᠮᠵᠢᠯ᠂ ᠠᠵᠢᠯ ᠤᠨ ᠳᠥᠷᠢᠮ᠂ ᠪᠠᠶᠢᠭᠤᠯᠤᠮᠵᠢ ᠶᠢᠨ ᠤᠷᠤᠨ ᠲᠤᠭ᠎ᠠ᠂ ᠬᠤᠷᠠᠯ ᠤᠨ ᠲᠣᠪᠴᠢ᠂ ᠠᠵᠢᠯ ᠤᠨ ᠲᠥᠰᠥᠪ᠂ ᠳ᠋ᠦᠩᠨᠡᠯᠲᠡ ᠶᠢᠨ ᠮᠡᠳᠡᠭᠦᠯᠦᠯᠲᠡ᠂ ᠮᠠᠭᠲᠠᠨ ᠰᠠᠶᠢᠰᠢᠶᠠᠵᠤ ᠱᠠᠩᠨᠠᠨ ᠬᠥᠬᠢᠭᠦᠯᠬᠦ ᠪᠠ ᠠᠵᠢᠯᠲᠠᠨ ᠤ ᠶᠠᠪᠤᠳᠠᠯ ᠤᠨ ᠲᠣᠮᠢᠯᠠᠵᠤ ᠤᠨᠨᠴᠠᠷᠠᠭᠤᠯᠬᠤ ᠵᠡᠷᠭᠡ ᠪᠢᠴᠢᠭ ᠮᠠᠲ᠋ᠧᠷᠢᠶᠠᠯ ᠨᠢ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠡᠪᠴᠢᠶᠡᠨ ᠳᠤ ᠪᠠᠭᠲᠠᠬᠤ ᠦᠭᠡᠢ᠃        ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠨᠢ ᠳᠤᠤᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄ ︵ᠨᠢᠭᠡ︶ ᠨᠡᠶᠢᠭᠡᠮ ᠵᠢᠷᠦᠮ ᠤᠨ ᠬᠠᠤᠯᠢ ᠳᠥᠷᠢᠮ ᠤᠨ ᠨᠢᠭᠡᠳᠦᠯ ᠢ ᠬᠠᠮᠠᠭᠠᠯᠠᠬᠤ ᠬᠡᠷᠡᠭᠲᠡᠢ︔ ︵ᠬᠤᠶᠠᠷ︶ ᠡᠷᠭᠡᠲᠦ ᠠᠷᠠᠳ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ︔ ︵ᠭᠤᠷᠪᠠ︶ ᠳᠡᠰ ᠳᠠᠷᠠᠭᠠᠯᠠᠯ ᠬᠢᠭᠡᠳ ᠪᠤᠲᠠᠲᠠᠢ ᠬᠢᠨᠠᠨ ᠬᠠᠷᠭᠤᠭᠤᠯᠤᠯᠳᠠ ᠶᠢ ᠵᠡᠷᠭᠡ ᠳᠤ ᠨᠢ ᠴᠢᠬᠤᠯᠠᠴᠢᠯᠠᠬᠤ ᠶᠢ ᠪᠠᠷᠢᠮᠲᠠᠯᠠᠬᠤ ᠬᠡᠷᠡᠭᠲᠡᠢ︔ ︵ᠳᠥᠷᠪᠡ︶ ᠬᠠᠤᠯᠢ ᠶᠤᠰᠤᠴᠢ ᠴᠢᠨᠠᠷ ᠬᠢᠭᠡᠳ ᠵᠦᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ︔ ︵ᠲᠠᠪᠤ︶ ᠥᠨᠳᠦᠷ ᠪᠦᠲᠦᠮᠵᠢ ᠲᠠᠢ ᠳᠥᠭᠦᠮ ᠠᠪᠰᠠᠷᠬᠠᠨ ᠪᠠᠶᠢᠬᠤ ᠪᠠ ᠡᠷᠬᠡ ᠡᠭᠦᠷᠭᠡ ᠶᠢᠨ ᠨᠢᠭᠡᠳᠦᠯ ᠢ ᠪᠠᠷᠢᠮᠲᠠᠯᠠᠬᠤ ᠬᠡᠷᠡᠭᠲᠡᠢ᠃        ᠳᠠᠪᠤᠳᠤᠭᠠᠷ ᠵᠦᠢᠯ    ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠲᠤᠭᠲᠠᠭᠠᠬᠤ ᠪᠠᠶᠢᠭᠤᠯᠭ᠎ᠠ ᠵᠤᠬᠢᠶᠠᠨ ᠪᠠᠶᠢᠭᠤᠯᠵᠤ ᠨᠤᠤᠷᠬᠠᠯᠠᠨ᠎ᠠ᠃ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠨᠢᠭᠡ ᠪᠤᠶᠤ ᠬᠡᠳᠦᠨ ᠠᠵᠢᠯ ᠤᠨ ᠰᠠᠯᠠᠭ᠎ᠠ ᠮᠦᠴᠢᠷ ᠢᠶᠠᠷ ᠬᠠᠷᠢᠭᠤᠴᠠᠭᠤᠯᠤᠨ ᠨᠤᠤᠷᠬᠠᠯᠠᠭᠤᠯᠬᠤ ᠪᠠᠷ ᠲᠣᠭᠲᠠᠭᠠᠵᠤ ᠪᠤᠯᠤᠨ᠎ᠠ᠃ ᠬᠤᠶᠠᠷ ᠪᠤᠶᠤ ᠬᠤᠶᠠᠷ ᠠᠴᠠ ᠳᠡᠭᠡᠭᠰᠢ ᠠᠵᠢᠯ ᠤᠨ ᠰᠠᠯᠠᠭ᠎ᠠ ᠮᠦᠴᠢᠷ ᠤᠨ ᠡᠭᠦᠷᠭᠡ ᠴᠢᠳᠠᠪᠬᠢ ᠲᠠᠢ ᠬᠤᠯᠪᠤᠭᠳᠠᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠬᠤᠯᠪᠤᠭᠠᠯᠠᠨ ᠨᠤᠤᠷᠬᠠᠯᠠᠬᠤ ᠶᠢᠨ ᠬᠠᠮᠲᠤ ᠲᠦᠷᠦᠭᠦᠯᠡᠨ ᠨᠤᠤᠷᠬᠠᠯᠠᠬᠤ ᠰᠠᠯᠠᠭ᠎ᠠ ᠮᠦᠴᠢᠷ ᠢ ᠲᠤᠳᠤᠷᠬᠠᠶᠢᠯᠠᠬᠤ ᠬᠡᠷᠡᠭᠲᠡᠢ᠃        ᠵᠢᠷᠭᠤᠳᠤᠭᠠᠷ ᠵᠦᠢᠯ    ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠨᠤᠤᠷᠬᠠᠯᠠᠬᠤ ᠳᠤ᠂ ᠬᠠᠤᠯᠢ ᠶᠤᠰᠤᠭᠠᠷ ᠢᠯᠡ ᠪᠤᠯᠭᠠᠵᠦ ᠪᠣᠯᠬᠤ ᠦᠭᠡᠢ ᠠᠴᠠ ᠪᠤᠰᠤᠳ ᠢ ᠨᠢ ᠂ ᠨᠤᠤᠷᠬᠠᠯᠠᠬᠤ ᠰᠠᠯᠠᠭ᠎ᠠ ᠮᠦᠴᠢᠷ ᠨᠢ ᠨᠡᠶᠢᠭᠡᠮ ᠨᠡᠶᠢᠲᠡ ᠶᠢᠨ ᠤᠷᠤᠯᠴᠠᠬᠤ ᠳᠤ ᠳᠦᠭᠦᠮ ᠬᠡᠯᠪᠡᠷᠢ ᠪᠠᠷ ᠰᠠᠨᠠᠯ ᠰᠤᠨᠤᠰᠬᠤ ᠬᠡᠷᠡᠭᠲᠡᠢ᠃ ᠪᠢᠴᠢᠭᠯᠡᠭᠰᠡᠨ ᠰᠠᠨᠠᠯ ᠢ ᠬᠤᠷᠢᠶᠠᠬᠤ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠤᠯᠠᠨ ᠬᠡᠯᠪᠡᠷᠢ ᠪᠠᠷ ᠰᠠᠨᠠᠯ ᠰᠤᠨᠤᠰᠴᠦ ᠪᠣᠯᠤᠨ᠎ᠠ᠃ ᠣᠨᠴᠠᠭᠠᠢ ᠭᠦᠮᠦᠰ ᠤᠨ ᠡᠷᠬᠡ ᠠᠰᠢᠭ ᠲᠠᠢ ᠬᠤᠯᠪᠤᠭᠳᠠᠬᠤ ᠦᠶᠡᠰ ᠬᠠᠮᠢᠶ᠎ᠠ ᠪᠦᠬᠦᠢ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠣᠯᠠᠨ ᠲᠦᠮᠡᠨ ᠤ ᠲᠦᠯᠦᠭᠡᠯᠡᠭᠴᠢ ᠲᠠᠢ ᠣᠶᠢᠯᠠᠭᠠᠯᠴᠠᠨ ᠵᠦᠪᠳᠡᠯᠴᠡᠵᠦ᠂ ᠬᠠᠮᠢᠶ᠎ᠠ ᠪᠦᠬᠦᠢ ᠭᠦᠮᠦᠰ ᠤᠨ ᠰᠠᠨᠠᠯ ᠢ ᠰᠠᠶᠢᠲᠤᠷ ᠬᠤᠷᠢᠶᠠᠬᠤ ᠬᠡᠷᠡᠭᠲᠡᠢ᠃ ᠣᠯᠠᠨ ᠰᠠᠯᠠᠭ᠎ᠠ ᠮᠦᠴᠢᠷ ᠤᠨ ᠡᠭᠦᠷᠭᠡ ᠴᠢᠳᠠᠪᠬᠢ ᠲᠠᠢ ᠬᠤᠯᠪᠤᠭᠳᠠᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ ᠬᠡᠷᠡᠭᠲᠡᠢ᠃          ᠳᠤᠯᠤᠳᠤᠭᠠᠷ ᠵᠦᠢᠯ    ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠨᠤᠤᠷᠬᠠᠯᠠᠬᠤ ᠳᠤ᠂ ᠨᠤᠤᠷᠬᠠᠯᠠᠬᠤ ᠰᠠᠯᠠᠭ᠎ᠠ ᠮᠦᠴᠢᠷ ᠤᠨ ᠬᠠᠤᠯᠢ ᠶᠤᠰᠤᠴᠢ ᠴᠢᠨᠠᠷ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠦᠩᠭᠦ ᠶᠢ ᠬᠡᠷᠡᠭᠯᠡᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠭᠠᠵᠠᠷ ᠰᠢᠷᠤᠢ ᠬᠡᠷᠡᠭᠯᠡᠬᠦ᠂ ᠠᠭᠤᠷᠬᠠᠢ ᠶᠢᠨ ᠡᠷᠬᠡ ᠪᠠᠨ ᠰᠢᠯᠵᠢᠭᠦᠯᠦᠨ ᠬᠤᠳᠠᠯᠳᠤᠬᠤ ᠵᠡᠷᠭᠡ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠪᠣᠯ ᠨᠤᠤᠷᠬᠠᠯᠠᠬᠤ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠲᠤᠬᠠᠶᠢᠯᠬᠠᠰᠠᠨ ᠠᠵᠢᠯ ᠤᠨ ᠭᠠᠵᠠᠷ ᠲᠠᠰᠤᠭ ᠠᠴᠠ ᠬᠠᠤᠯᠢ ᠶᠤᠰᠤᠴᠢ ᠴᠢᠨᠠᠷ ᠤᠨ ᠲᠤᠳᠤᠷᠬᠠᠶᠢᠯᠠᠯᠲᠠ ᠭᠠᠷᠭᠠᠵᠤ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠰᠠᠨᠠᠯ ᠠᠰᠳᠠᠭᠠᠨ ᠭᠠᠷᠭᠠᠬᠤ ᠴᠢᠬᠤᠯᠠ ᠦᠭᠡᠢ᠃        ᠨᠠᠢᠮᠠᠳᠤᠭᠠᠷ ᠵᠦᠢᠯ    ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠨᠤᠤᠷᠬᠠᠯᠠᠬᠤ ᠠᠭᠤᠯᠭ᠎ᠠ ᠨᠢ ᠵᠠᠬ᠎ᠠ ᠳᠡᠯᠭᠡᠭᠦᠷ ᠲᠤ ᠵᠦᠪᠰᠢᠶᠡᠷᠡᠨ ᠤᠷᠤᠭᠤᠯᠬᠤ᠂ ᠠᠵᠤ ᠦᠢᠯᠡᠰ ᠢ ᠬᠦᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭᠠᠨ ᠤ ᠵᠢᠷᠤᠮᠵᠢᠯ᠂ ᠬᠢᠷᠢ ᠴᠢᠳᠠᠮᠵᠢ ᠶᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠠᠵᠤ ᠠᠬᠤᠢ ᠶᠢᠨ ᠠᠵᠢᠯᠯᠠᠭ᠎ᠠ ᠲᠠᠢ ᠬᠤᠯᠪᠤᠭᠳᠠᠪᠠᠯ᠂ ᠨᠤᠤᠷᠬᠠᠯᠬᠠᠰᠠᠨ ᠰᠠᠯᠠᠭ᠎ᠠ ᠮᠦᠴᠢᠷ ᠨᠢ ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃        ᠶᠢᠰᠦᠳᠦᠭᠡᠷ ᠵᠦᠢᠯ    ᠨᠤᠤᠷᠬᠠᠯᠠᠬᠤ ᠰᠠᠯᠠᠭ᠎ᠠ ᠮᠦᠴᠢᠷ ᠠᠴᠠ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠦᠷᠭᠡᠬᠦ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠨᠢ ᠳᠤᠤᠷᠠᠬᠢ ᠮᠠᠲ᠋ᠧᠷᠢᠶᠠᠯ ᠤᠳ ᠢ ᠪᠠᠭᠲᠠᠭᠠᠬᠤ ᠬᠡᠷᠡᠭᠲᠡᠢ᠄ ︵ᠨᠢᠭᠡ︶ ᠬᠦᠷᠭᠡᠵᠦ ᠬᠢᠨᠠᠭᠤᠯᠬᠤ ᠨᠤᠤᠷᠠᠭ᠂ ᠨᠤᠤᠷᠬᠠᠯᠠᠬᠤ ᠲᠤᠳᠤᠷᠬᠠᠶᠢᠯᠠᠯᠲᠠ ᠪᠤᠯᠤᠨ ᠲᠤᠨᠨᠳᠠᠭᠠᠬᠤ ᠦᠨᠳᠦᠰᠦᠯᠡᠯ︔ ︵ᠬᠤᠶᠠᠷ︶ ᠬᠤᠷᠢᠶᠠᠭᠰᠠᠨ ᠰᠠᠨᠠᠯ ᠪᠤᠯᠤᠨ ᠰᠠᠨᠠᠯ ᠢ ᠬᠦᠯᠢᠶᠡᠨ ᠠᠪᠤᠭᠰᠠᠨ ᠪᠠᠶᠢᠳᠠᠯ︔ ︵ᠭᠤᠷᠪᠠ︶ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠰᠠᠨᠠᠯ ᠪᠤᠶᠤ ᠬᠠᠤᠯᠢ ᠶᠤᠰᠤᠴᠢ ᠴᠢᠨᠠᠷ ᠤᠨ ᠲᠤᠳᠤᠷᠬᠠᠶᠢᠯᠠᠯᠲᠠ᠃ ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠳᠠ ᠬᠢᠬᠦ ᠴᠢᠬᠤᠯᠠ ᠲᠠᠢ ᠨᠢ ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠤᠲᠤᠷᠬᠠᠶᠢᠯᠠᠯᠲᠠ ᠪᠠᠨ ᠵᠡᠷᠭᠡ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃        ᠠᠷᠪᠠᠳᠤᠭᠠᠷ ᠵᠦᠢᠯ    ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠦ ᠪᠣᠳᠤᠯᠭ᠎ᠠ ᠶᠢᠨ ᠲᠦᠷᠥᠯ ᠤᠨ ᠪᠢᠴᠢᠭ ᠮᠠᠲ᠋ᠧᠷᠢᠶᠠᠯ ᠢ ᠨᠤᠤᠷᠬᠠᠯᠠᠬᠤ ᠳᠤ᠂ ᠨᠡᠶᠢᠳᠡ ᠤᠯᠠᠨ ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢ ᠭᠦᠢᠴᠡᠳᠬᠡᠬᠦ ᠴᠢᠬᠤᠯᠠ ᠲᠠᠢ ᠪᠣᠯ ᠨᠤᠤᠷᠬᠠᠯᠠᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠮᠠᠲ᠋ᠧᠷᠢᠶᠠᠯ ᠢ ᠪᠠᠨ ᠮᠡᠳᠡᠭᠦᠯᠦᠨ ᠬᠦᠷᠭᠡᠬᠦ ᠬᠡᠷᠡᠭᠲᠡᠢ᠃        ᠠᠷᠪᠠᠨ ᠨᠢᠭᠡᠳᠦᠭᠡᠷ ᠵᠦᠢᠯ    ᠨᠤᠤᠷᠬᠠᠯᠠᠬᠤ ᠰᠠᠯᠠᠭ᠎ᠠ ᠮᠦᠴᠢᠷ ᠨᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠷ᠎ᠡ ᠪᠠᠷ ᠲᠤᠭᠲᠠᠬᠤ ᠪᠠᠷ ᠪᠠᠶᠢᠭ᠎ᠠ ᠭᠡᠷ᠎ᠡ᠂ ᠵᠦᠪᠯᠡᠯᠴᠡᠭᠡᠷ ᠢᠶᠠᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠦᠷᠭᠡᠬᠦ ᠳᠤ᠂ ᠰᠠᠯᠠᠭ᠎ᠠ ᠮᠦᠴᠢᠷ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠰᠠᠨᠠᠯ ᠪᠤᠶᠤ ᠰᠠᠯᠠᠭ᠎ᠠ ᠮᠦᠴᠢᠷ ᠤᠨ ᠬᠠᠤᠯᠢ ᠵᠦᠪᠯᠡᠭᠴᠢ ᠶᠢᠨ ᠭᠠᠷᠭᠠᠭᠰᠠᠨ ᠬᠠᠤᠯᠢ ᠴᠠᠭᠠᠵᠠ ᠶᠢᠨ ᠰᠠᠨᠠᠯ ᠢ ᠬᠠᠮᠲᠤ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃        ᠠᠷᠪᠠᠨ ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ︵ᠳᠤᠷᠤᠭᠰᠢ ᠵᠠᠰᠠᠭ ᠤᠨ ᠤᠷᠳᠤᠨ ᠤ ᠠᠯᠪᠠᠨ ᠲᠢᠩᠬᠢᠮ ᠭᠡᠵᠦ ᠲᠤᠪᠴᠢᠯᠠᠨ᠎ᠠ︶ ᠨᠢ ᠨᠤᠤᠷᠬᠠᠯᠠᠬᠤ ᠰᠠᠯᠠᠭ᠎ᠠ ᠮᠦᠴᠢᠷ ᠤᠨ ᠮᠡᠳᠡᠭᠦᠯᠦᠨ ᠬᠦᠷᠭᠡᠭᠰᠡᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠭᠠᠷᠳ᠋ᠬᠠᠰᠠᠨ ᠤ ᠳᠠᠷᠠᠭ᠎ᠠ᠂ ᠮᠠᠲ᠋ᠧᠷᠢᠶᠠᠯ ᠤᠨ ᠭᠦᠢᠴᠡᠳ ᠴᠢᠨᠠᠷ᠂ ᠵᠢᠷᠤᠮᠵᠢᠯᠳᠦ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠢ᠃ ᠮᠠᠲ᠋ᠧᠷᠢᠶᠠᠯ ᠨᠢ ᠭᠦᠢᠴᠡᠳ ᠦᠭᠡᠢ ᠪᠣᠯ ᠪᠤᠴᠠᠭᠠᠬᠤ ᠪᠤᠶᠤ ᠨᠤᠤᠷᠬᠠᠯᠠᠬᠰᠠᠨ ᠰᠠᠯᠠᠭ᠎ᠠ ᠮᠦᠴᠢᠷ ᠢ ᠱᠠᠭᠠᠷᠳᠠᠵᠤ ᠪᠠᠶᠢᠭᠠᠳ ᠲᠤᠭᠲᠠᠭᠰᠠᠨ ᠬᠤᠭᠤᠴᠠᠭᠠᠨ ᠳᠤ ᠮᠠᠲ᠋ᠧᠷᠢᠶᠠᠯ ᠢ ᠨᠢ ᠨᠦᠬᠦᠪᠦᠷᠢᠯᠡᠭᠦᠯᠬᠦ ᠪᠤᠶᠤ ᠪᠠᠶᠢᠳᠠᠯ ᠢ ᠨᠢ ᠲᠣᠳᠤᠷᠬᠠᠶᠢᠯᠠᠭᠤᠯᠬᠤ ᠬᠡᠷᠡᠭᠲᠡᠢ᠃        ᠠᠷᠪᠠᠨ ᠭᠤᠷᠪᠠᠳᠤᠭᠠᠷ ᠵᠦᠢᠯ    ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ ᠶᠡᠷᠦ ᠳᠤ ᠪᠠᠨ ᠪᠢᠴᠢᠭᠯᠡᠭᠰᠡᠨ ᠬᠡᠯᠪᠡᠷᠢ ᠶᠢᠨ ᠬᠢᠨᠠᠨ ᠬᠠᠷᠭᠤᠭᠤᠯᠬᠤ ᠬᠡᠯᠪᠡᠷᠢ ᠶᠢ ᠬᠡᠷᠡᠭᠯᠡᠵᠦ᠂ ᠪᠠᠰᠠ ᠰᠠᠭᠤᠳᠠᠯ ᠤᠨ ᠬᠤᠷᠠᠯ ᠪᠠ ᠨᠤᠲᠠᠯᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠤᠯᠪᠤᠭᠳᠠᠯ ᠪᠦᠬᠦᠢ ᠲᠠᠯ᠎ᠠ ᠶᠢᠨ ᠰᠠᠨᠠᠯ ᠢ ᠰᠤᠨᠤᠰᠴᠦ ᠪᠤᠯᠤᠨ᠎ᠠ᠃        ᠠᠷᠪᠠᠨ ᠳᠦᠷᠪᠡᠳᠦᠭᠡᠷ ᠵᠦᠢᠯ    ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ᠂ ᠯᠣᠭᠢᠭ ᠢᠶᠠᠷ ᠴᠢᠩᠭ᠎ᠠ ᠪᠢᠰᠢ᠂ ᠪᠦᠲᠦᠴᠡ ᠨᠢ ᠠᠪᠴᠠᠯᠳᠤᠩᠭᠤᠢ ᠪᠤᠰᠤ᠂ ᠪᠤᠲᠠᠲᠠᠢ ᠠᠭᠤᠯᠭ᠎ᠠ ᠦᠭᠡᠢ᠂ ᠦᠰᠦᠭ ᠪᠢᠴᠢᠭ ᠤᠨ ᠢᠯᠡᠳᠭᠡᠮᠵᠢ ᠨᠢ ᠵᠢᠷᠦᠮᠵᠢᠯ ᠢᠶᠠᠷ ᠠᠨᠠᠢ᠂ ᠲᠤᠨᠨᠳᠠᠭᠠᠵᠦ ᠨᠡᠶᠢᠳᠡᠯᠡᠬᠦ ᠨᠦᠬᠦᠴᠡᠯ ᠳᠤ ᠨᠡᠶᠢᠴᠡᠬᠦ ᠦᠭᠡᠢ ᠪᠢᠴᠢᠭ ᠮᠠᠲ᠋ᠧᠷᠢᠶᠠᠯ ᠢ᠂ ᠨᠤᠤᠷᠬᠠᠯᠬᠠᠰᠠᠨ ᠰᠠᠯᠠᠭ᠎ᠠ ᠮᠦᠴᠢᠷ ᠲᠤ ᠪᠤᠴᠠᠭᠠᠬᠤ ᠰᠠᠨᠠᠯ ᠳᠤᠷᠠᠳᠴᠦ᠂ ᠨᠤᠤᠷᠬᠠᠯᠬᠠᠰᠠᠨ ᠰᠠᠯᠠᠭ᠎ᠠ ᠮᠦᠴᠢᠷ ᠢ ᠪᠢᠴᠢᠭ ᠮᠠᠲ᠋ᠧᠷᠢᠶᠠᠯ ᠢᠶᠠᠨ ᠪᠦᠷᠢᠨ ᠪᠣᠯᠭᠠᠭᠰᠠᠨ ᠤ ᠳᠠᠷᠠᠭ᠎ᠠ ᠳᠠᠬᠢᠨ ᠮᠡᠳᠡᠭᠦᠯᠦᠨ ᠬᠦᠷᠭᠡᠬᠦ ᠪᠠᠷ ᠱᠠᠭᠠᠷᠳᠠᠬᠤ ᠬᠡᠷᠡᠭᠲᠡᠢ᠃        ᠠᠷᠪᠠᠨ ᠲᠠᠪᠤᠳᠤᠭᠠᠷ ᠵᠦᠢᠯ    ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠳᠤᠤᠷᠠᠬᠢ ᠮᠡᠲᠦ ᠬᠡᠳᠦᠨ ᠵᠦᠢᠯᠡᠰ ᠢ ᠬᠢᠨᠠᠨ ᠬᠠᠷᠭᠤᠭᠤᠯᠬᠤ ᠬᠡᠷᠡᠭᠲᠡᠢ᠄ ︵ᠨᠢᠭᠡ︶ ᠲᠤᠭᠲᠠᠭᠠᠭᠰᠠᠨ ᠭᠤᠣᠯ ᠴᠤᠭᠴᠨ ᠨᠢ ᠬᠠᠤᠯᠢ ᠳᠤ ᠨᠡᠶᠢᠴᠡᠬᠦ ᠡᠰᠡᠬᠦ︔ ︵ᠬᠤᠶᠠᠷ︶ ᠬᠠᠤᠯᠢ ᠪᠠᠷ ᠲᠤᠭᠲᠠᠭᠰᠠᠨ ᠡᠭᠦᠷᠭᠡ ᠲᠤᠰᠢᠶᠠᠯ ᠳᠤ ᠨᠡᠶᠢᠴᠡᠬᠦ ᠡᠰᠡᠬᠦ︔ ︵ᠭᠤᠷᠪᠠ︶ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ ᠪᠤᠯᠤᠨ ᠤᠯᠤᠰ ᠤᠨ ᠪᠢᠴᠢᠭ ᠮᠠᠲ᠋ᠧᠷᠢᠶᠠᠯ ᠤᠨ ᠲᠤᠭᠲᠠᠭᠠᠯ ᠳᠤ ᠨᠡᠶᠢᠴᠡᠬᠦ ᠡᠰᠡᠭᠦ︔ ︵ᠳᠥᠷᠪᠡ︶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢ᠂ ᠵᠠᠰᠠᠭ ᠵᠠᠬᠢᠷᠭᠠᠨ ᠤ ᠰᠦᠢᠳᠭᠡᠯ ᠬᠤᠷᠢᠶᠠᠯᠳᠠ ᠵᠡᠷᠭᠡ ᠵᠦᠢᠯᠡᠰ ᠢ ᠬᠠᠤᠯᠢ ᠠᠴᠠ ᠵᠦᠷᠢᠴᠡᠵᠦ ᠲᠤᠬᠢᠷᠠᠭᠤᠯᠤᠨᠨᠰᠠᠨ ᠡᠰᠡᠭᠦ︔ ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠦᠨᠳᠦᠰᠦᠯᠡᠯ ᠦᠭᠡᠢ ᠪᠠᠷ ᠡᠷᠬᠡᠳᠦ ᠠᠷᠠᠳ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠤᠶᠤ ᠡᠭᠦᠷᠭᠡ ᠶᠢ ᠨᠢ ᠬᠦᠨᠳᠦᠷᠡᠭᠦᠯᠦᠭᠰᠡᠨ ᠪᠠᠶᠢᠳᠠᠯ ᠤᠷᠤᠰᠢᠵᠤ ᠪᠠᠶᠢᠬᠤ ᠡᠰᠡᠬᠦ︔ ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠦᠨᠳᠦᠰᠦᠯᠡᠯ ᠦᠭᠡᠢ ᠪᠠᠷ ᠲᠤᠨᠨᠳᠠᠭᠠᠬᠤ ᠪᠠᠶᠢᠭᠤᠯᠭ᠎ᠠ ᠶᠢᠨ ᠡᠷᠬᠡ ᠶᠢ ᠨᠢ ᠨᠡᠮᠡᠭᠳᠡᠭᠦᠯᠦᠭᠰᠡᠨ ᠪᠤᠶᠤ ᠬᠠᠤᠯᠢ ᠪᠠᠷ ᠲᠤᠭᠲᠠᠭᠰᠠᠨ ᠡᠭᠦᠷᠭᠡ ᠬᠠᠷᠢᠭᠤᠴᠠᠯᠭ᠎ᠠ ᠶᠢ ᠨᠢ ᠪᠠᠭᠠᠰᠬᠠᠨᠨᠰᠠᠨ ᠪᠠᠶᠢᠳᠠᠯ ᠤᠷᠤᠰᠢᠵᠤ ᠪᠠᠶᠢᠬᠤ ᠡᠰᠡᠬᠦ︔ ︵ᠳᠣᠯᠤᠭ᠎ᠠ︶ ᠲᠤᠭᠲᠠᠭᠠᠬᠤ ᠳᠡᠰ ᠳᠠᠷᠠᠭᠠᠯᠠᠯ ᠳᠤ ᠨᠡᠶᠢᠴᠡᠵᠦ ᠪᠠᠶᠢᠬᠤ ᠡᠰᠡᠬᠦ︔ ︵ᠨᠠᠢᠮᠠ︶ ᠲᠤᠬᠢᠷᠠᠮᠵᠢᠲᠠᠢ ᠪᠠᠶᠢᠬᠤ ᠡᠰᠡᠬᠦ︔ ︵ᠶᠢᠰᠦ︶ ᠬᠢᠨᠠᠨ ᠬᠠᠷᠭᠤᠭᠤᠯᠬᠤ ᠴᠢᠬᠤᠯᠠ ᠲᠠᠢ ᠪᠤᠰᠤᠳ ᠵᠦᠢᠯᠡᠰ᠃        ᠠᠷᠪᠠᠨ ᠵᠢᠷᠭᠤᠳᠤᠭᠠᠷ ᠵᠦᠢᠯ    ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠲᠤᠬᠠᠢ ᠪᠢᠴᠢᠭᠯᠡᠭᠰᠡᠨ ᠰᠠᠨᠠᠯ ᠤᠨ ᠪᠢᠴᠢᠭ ᠭᠠᠷᠭᠠᠬᠤ ᠶᠢᠨ ᠬᠠᠮᠲᠤ ᠳᠤᠤᠷᠠᠬᠢ ᠳᠤᠭᠲᠠᠭᠠᠯ ᠶᠤᠰᠤᠭᠠᠷ ᠰᠠᠨᠠᠯ ᠳᠤᠷᠠᠳᠬᠤ ᠬᠡᠷᠡᠭᠲᠡᠢ᠄ ︵ᠨᠢᠭᠡ︶ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠬᠠᠤᠯᠢ ᠳᠤ ᠨᠡᠶᠢᠴᠡᠵᠦ ᠪᠠᠶᠢᠪᠠᠯ᠂ ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ ᠵᠢᠴᠢ ᠤᠯᠤᠰ ᠤᠨ ᠪᠢᠴᠢᠭ ᠮᠠᠲ᠋ᠧᠷᠢᠶᠠᠯ ᠤᠨ ᠲᠤᠭᠲᠠᠭᠠᠯ ᠳᠤ ᠨᠡᠶᠢᠴᠡᠬᠦ ᠰᠠᠨᠠᠯ ᠢ ᠳᠤᠷᠠᠳᠬᠤ ᠬᠡᠷᠡᠭᠲᠡᠢ︔ ︵ᠬᠤᠶᠠᠷ︶ ᠡᠷᠬᠡ ᠶᠢᠨ ᠬᠡᠪᠴᠢᠶ᠎ᠡ ᠠᠴᠠ ᠪᠠᠨ ᠳᠠᠪᠠᠵᠣ᠂ ᠭᠤᠣᠯ ᠠᠭᠤᠯᠭ᠎ᠠ ᠨᠢ ᠬᠠᠤᠯᠢ ᠶᠢ ᠵᠦᠷᠢᠴᠡᠭᠰᠡᠨ ᠪᠤᠶᠤ ᠲᠤᠨᠨᠳᠠᠵᠦ ᠪᠠᠶᠢᠭ᠎ᠠ ᠭᠤᠣᠯ ᠪᠣᠯᠬᠤ ᠳᠥᠷᠢᠮ ᠪᠤᠯᠤᠨ ᠠᠷᠭ᠎ᠠ ᠬᠡᠮᠵᠢᠶ᠎ᠡ ᠨᠢ ᠢᠯᠡᠳᠲᠡ ᠵᠦᠢ ᠵᠣᠬᠢᠰ ᠦᠭᠡᠢ ᠪᠠᠶᠢᠪᠠᠯ᠂ ᠲᠤᠰ ᠪᠢᠴᠢᠭ ᠮᠠᠲ᠋ᠧᠷᠢᠶᠠᠯ ᠢ ᠲᠤᠨᠨᠳᠠᠭᠠᠵᠦ ᠨᠡᠶᠢᠳᠡᠯᠡᠬᠦ ᠦᠭᠡᠢ ᠰᠠᠨᠠᠭᠤᠯᠭ᠎ᠠ ᠭᠠᠷᠭᠠᠬᠤ ᠬᠡᠷᠡᠭᠲᠡᠢ︔ ︵ᠭᠤᠷᠪᠠ︶ ᠤᠯᠤᠰ ᠤᠨ ᠪᠢᠴᠢᠭ ᠮᠠᠲ᠋ᠧᠷᠢᠶᠠᠯ ᠢ ᠲᠡᠷᠡ ᠬᠡᠪ ᠢᠶᠠᠷ ᠨᠢ ᠬᠠᠭᠤᠯᠵᠤ ᠰᠢᠯᠵᠢᠭᠦᠯᠦᠭᠰᠡᠨ ᠪᠠᠶᠢᠪᠠᠯ᠂ ᠲᠤᠰ ᠪᠢᠴᠢᠭ ᠮᠠᠲ᠋ᠧᠷᠢᠶᠠᠯ ᠢ ᠲᠤᠨᠨᠳᠠᠭᠠᠵᠦ ᠨᠡᠶᠢᠳᠡᠯᠡᠬᠦ ᠦᠭᠡᠢ ᠰᠠᠨᠠᠭᠤᠯᠭ᠎ᠠ ᠭᠠᠷᠭᠠᠬᠤ ᠬᠡᠷᠡᠭᠲᠡᠢ︔ ︵ᠳᠥᠷᠪᠡ︶ ᠨᠡᠶᠢᠳᠡ ᠤᠯᠠᠨ ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ᠂ ᠬᠠᠮᠲᠤ ᠪᠠᠷ ᠶᠠᠷᠢᠯᠴᠠᠬᠤ ᠪᠤᠶᠤ ᠡᠷᠬᠡ ᠲᠡᠭᠰᠢ ᠦᠷᠢᠰᠦᠯᠳᠦᠭᠡᠨ ᠢ ᠬᠢᠨᠠᠨ ᠪᠠᠶᠢᠴᠠᠭᠠᠬᠤ ᠵᠡᠷᠭᠡ ᠳᠡᠰ ᠳᠠᠷᠠᠭᠠᠯᠠᠯ ᠢ ᠭᠦᠢᠴᠡᠳᠭᠡᠬᠦ ᠴᠢᠬᠤᠯᠠ ᠲᠠᠢ ᠪᠣᠯᠪᠠᠴᠦ ᠭᠦᠢᠴᠡᠳᠭᠡᠭᠰᠡᠨ ᠦᠭᠡᠢ ᠪᠣᠯ᠂ ᠨᠤᠤᠷᠬᠠᠯᠬᠠᠰᠠᠨ ᠰᠠᠯᠠᠭ᠎ᠠ ᠮᠦᠴᠢᠷ ᠲᠤ ᠪᠤᠴᠠᠭᠠᠵᠤ ᠳᠡᠰ ᠳᠠᠷᠠᠭᠠᠯᠠᠯ ᠢ ᠨᠢ ᠨᠦᠭᠦᠪᠦᠷᠢᠯᠡᠵᠦ ᠵᠠᠯᠠᠷᠠᠭᠤᠯᠬᠤ ᠰᠠᠨᠠᠭᠤᠯᠭ᠎ᠠ ᠭᠠᠷᠭᠠᠬᠤ ᠬᠡᠷᠡᠭᠲᠡᠢ︔ ︵ᠲᠠᠪᠤ︶ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠭᠤᠣᠯ ᠠᠭᠤᠯᠭ᠎ᠠ ᠳᠤ ᠮᠠᠷᠭᠤᠭᠠᠨ ᠶᠡᠬᠡᠲᠡᠢ ᠪᠠᠶᠢᠵᠤ᠂ ᠵᠦᠪᠯᠡᠯᠴᠡᠵᠣ ᠰᠠᠨᠠᠯ ᠨᠢᠭᠡᠲᠦᠭᠡᠳᠦᠢ ᠪᠣᠯ᠂ ᠨᠤᠤᠷᠬᠠᠯᠬᠠᠰᠠᠨ ᠰᠠᠯᠠᠭ᠎ᠠ ᠮᠦᠴᠢᠷ ᠲᠤ ᠪᠤᠴᠠᠭᠠᠵᠤ ᠵᠦᠪᠳᠡᠯᠴᠡᠨ ᠰᠠᠨᠠᠯ ᠢᠶᠠᠨ ᠨᠢᠭᠡᠳᠭᠡᠬᠦ ᠰᠠᠨᠠᠭᠤᠯᠭ᠎ᠠ ᠭᠠᠷᠭᠠᠬᠤ ᠬᠡᠷᠡᠭᠲᠡᠢ︔ ︵ᠵᠢᠷᠭᠤᠭ᠎ᠠ︶ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠪᠤᠲᠠᠲᠠᠢ ᠠᠭᠤᠯᠭ᠎ᠠ ᠨᠢ ᠬᠠᠤᠯᠢ ᠳᠤ ᠨᠡᠶᠢᠴᠡᠬᠦ ᠦᠭᠡᠢ ᠪᠣᠯ᠂ ᠪᠤᠲᠠᠲᠠᠢ ᠵᠠᠰᠠᠪᠤᠷᠢ ᠤᠷᠤᠭᠤᠯᠬᠤ ᠰᠠᠨᠠᠯ ᠳᠤᠷᠠᠳᠬᠤ ᠬᠡᠷᠡᠭᠲᠡᠢ︔        ᠠᠷᠪᠠᠨ ᠳᠤᠯᠤᠳᠤᠭᠠᠷ ᠵᠦᠢᠯ    ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠳᠤ ᠡᠩ ᠤᠨ ᠪᠠᠶᠢᠳᠠᠯ ᠳᠣᠣᠷ᠎ᠠ 5 ᠠᠵᠢᠯᠯᠠᠬᠤ ᠡᠳᠦᠷ ᠠᠴᠠ ᠣᠬᠤᠷ ᠪᠠᠶᠢᠯᠭᠠᠵᠦ ᠪᠤᠯᠬᠤ ᠦᠭᠡᠢ︔ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠤᠯᠭ᠎ᠠ ᠶᠢᠨ ᠲᠦᠷᠥᠯ ᠤᠨ ᠪᠢᠴᠢᠭ ᠮᠠᠲ᠋ᠧᠷᠢᠶᠠᠯ ᠪᠤᠯᠤᠨ ᠭᠡᠷ᠎ᠡ᠂ ᠵᠦᠪᠯᠡᠯᠴᠡᠭᠡᠷ ᠢ ᠬᠢᠨᠠᠨ ᠬᠠᠷᠭᠤᠭᠤᠯᠬᠤ ᠳᠤ ᠡᠩ ᠤᠨ ᠪᠠᠶᠢᠳᠠᠯ ᠳᠣᠣᠷ᠎ᠠ 7 ᠠᠵᠢᠯᠯᠠᠬᠤ ᠡᠳᠦᠷ ᠠᠴᠠ ᠣᠬᠤᠷ ᠪᠠᠶᠢᠯᠭᠠᠵᠦ ᠪᠤᠯᠬᠤ ᠦᠭᠡᠢ︔ ᠳᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠠᠤᠯᠢ ᠴᠠᠭᠠᠵᠠ ᠶᠢᠨ ᠬᠠᠷᠢᠴᠠᠭ᠎ᠠ ᠨᠢ ᠪᠤᠳᠤᠯᠢᠶᠠᠨ ᠲᠠᠢ ᠲᠦᠪᠡᠭ ᠭᠦᠴᠢᠷ ᠪᠢᠴᠢᠭ ᠮᠠᠲ᠋ᠧᠷᠢᠶᠠᠯ ᠢ 15 ᠠᠵᠢᠯᠯᠠᠬᠤ ᠡᠳᠦᠷ ᠲᠤ ᠬᠢᠨᠠᠨ ᠬᠠᠷᠭᠤᠭᠤᠯᠵᠤ ᠳᠠᠭᠤᠰᠬᠠᠬᠤ ᠬᠡᠷᠡᠭᠲᠡᠢ︔ ᠭᠡᠨᠡᠳᠲᠡ ᠶᠢᠨ ᠬᠡᠷᠡᠭ ᠢ ᠰᠡᠷᠭᠡᠶᠢᠯᠡᠬᠦ᠂ ᠠᠷᠭᠠᠴᠠᠭᠠᠬᠤ ᠪᠠ ᠰᠢᠢᠳᠪᠦᠷᠢᠯᠡᠬᠦ ᠶᠢᠨ ᠲᠤᠰᠠᠲᠠ᠂ ᠡᠰᠡᠬᠦᠯ᠎ᠡ ᠳᠡᠭᠡᠳᠦ ᠱᠠᠲᠤᠨ ᠤ ᠪᠠᠶᠢᠭᠤᠯᠭ᠎ᠠ ᠶᠢᠨ ᠪᠠᠴᠢᠮ ᠵᠠᠷᠯᠢᠭ ᠪᠤᠯᠤᠨ ᠲᠣᠭᠲᠠᠭᠠᠯ ᠢ ᠭᠦᠢᠴᠡᠳᠬᠡᠬᠦ ᠵᠡᠷᠭᠡ ᠳᠠᠷᠦ᠋ᠢᠬᠠᠨ ᠲᠤᠭᠲᠠᠭᠠᠵᠤ ᠬᠡᠷᠡᠭᠵᠢᠭᠦᠯᠬᠦ ᠴᠢᠬᠤᠯᠠ ᠲᠠᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠢ ᠪᠣᠯ᠂ ᠱᠠᠭᠠᠷᠳᠠᠵᠤ ᠪᠠᠶᠢᠭ᠎ᠠ ᠬᠤᠭᠤᠴᠠᠭ᠎ᠠ ᠶᠤᠰᠤᠭᠠᠷ ᠪᠡᠶᠡᠯᠡᠭᠦᠯᠬᠦ ᠬᠡᠷᠡᠭᠲᠡᠢ᠃        ᠠᠷᠪᠠᠨ ᠨᠠᠢᠮᠠᠳᠤᠭᠠᠷ ᠵᠦᠢᠯ    ᠨᠤᠤᠷᠬᠠᠯᠠᠬᠤ ᠰᠠᠯᠠᠭ᠎ᠠ ᠮᠦᠴᠢᠷ ᠤᠨ ᠮᠠᠲ᠋ᠧᠷᠢᠶᠠᠯ ᠢᠶᠠᠨ ᠨᠦᠬᠦᠪᠦᠷᠢᠯᠡᠬᠦ ᠬᠤᠭᠤᠴᠠᠭ᠎ᠠ ᠶᠢ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠤᠭᠤᠴᠠᠭᠠᠨ ᠳᠤ ᠪᠤᠳᠤᠵᠦ ᠤᠷᠤᠭᠤᠯᠬᠤ ᠦᠭᠡᠢ᠃ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠨᠤᠤᠷᠬᠠᠯᠬᠠᠰᠠᠨ ᠰᠠᠯᠠᠭ᠎ᠠ ᠮᠦᠴᠢᠷ ᠲᠤ ᠨᠢ ᠪᠤᠴᠠᠭᠠᠵᠤ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠷ ᠳᠠᠬᠢᠵᠤ ᠲᠤᠰᠢᠶᠠᠭᠰᠠᠨ ᠪᠠᠶᠢᠪᠠᠯ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠤᠭᠤᠴᠠᠭ᠎ᠠ ᠶᠢ ᠠᠬᠢᠵᠤ ᠪᠤᠳᠤᠨ᠎ᠠ᠃        ᠠᠷᠪᠠ ᠶᠢᠰᠦᠳᠦᠭᠡᠷ ᠵᠦᠢᠯ    ᠨᠤᠤᠷᠬᠠᠯᠠᠬᠤ ᠰᠠᠯᠠᠭ᠎ᠠ ᠮᠦᠴᠢᠷ ᠨᠢ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠦᠨᠳᠦᠰᠦᠯᠡᠵᠦ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠤᠷᠤᠯᠠᠨ ᠲᠤᠭᠤᠷᠪᠢᠨᠨᠰᠠᠨ ᠨᠤᠤᠷᠠᠭ ᠲᠤ ᠵᠠᠰᠠᠪᠤᠷᠢ ᠤᠷᠤᠭᠤᠯᠬᠤ ᠬᠡᠷᠡᠭᠲᠡᠢ︔ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠬᠦᠯᠢᠶᠡᠨ ᠠᠪᠤᠭᠰᠠᠨ ᠦᠭᠡᠢ ᠪᠤᠶᠤ ᠪᠦᠷᠢᠮᠦᠰᠦᠨ ᠬᠦᠯᠢᠶᠡᠨ ᠠᠪᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠳᠡᠪᠰᠢᠭᠦᠯᠦᠨ ᠬᠠᠮᠲᠤ ᠪᠠᠷ ᠶᠠᠷᠢᠯᠴᠠᠬᠤ ᠦᠶ᠎ᠡ ᠳᠤ ᠰᠢᠯᠲᠠᠭᠠᠨ ᠢ ᠪᠠᠨ ᠲᠤᠳᠤᠷᠬᠠᠶᠢᠯᠠᠬᠤ ᠬᠡᠷᠡᠭᠲᠡᠢ᠃        ᠬᠤᠷᠢᠳᠤᠭᠠᠷ ᠵᠦᠢᠯ    ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠵᠢᠴᠢ ᠭᠡᠷ᠎ᠡ᠂ ᠵᠥᠪᠯᠡᠯᠴᠡᠭᠡᠷ ᠢ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠠᠤᠯᠢ ᠵᠦᠪᠯᠡᠭᠴᠢ ᠶᠢᠨ ᠠᠵᠢᠯ ᠤᠨ ᠳᠤᠭᠲᠠᠭᠠᠯ︾ ᠶᠤᠰᠤᠭᠠᠷ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠤᠯᠢ ᠵᠦᠪᠯᠡᠭᠴᠢ ᠠᠴᠠ ᠬᠠᠤᠯᠢ ᠴᠠᠭᠠᠵᠠ ᠶᠢᠨ ᠰᠠᠨᠠᠯ ᠭᠠᠷᠭᠠᠵᠤ ᠪᠤᠯᠤᠨ᠎ᠠ᠃        ᠬᠤᠷᠢᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠲᠤᠭᠲᠠᠭᠠᠬᠤ ᠪᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠶᠠᠪᠤᠴᠠ ᠳᠤ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠲᠠᠢ ᠬᠤᠯᠪᠤᠭᠳᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠲᠠᠭᠠᠯ ᠢ ᠵᠢᠷᠤᠮᠯᠠᠬᠤ ᠬᠡᠷᠡᠭᠲᠡᠢ᠃        ᠬᠤᠷᠢᠨ ᠬᠤᠶᠠᠳᠤᠭᠠᠷ ᠵᠦᠢᠯ    ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠭᠰᠡᠨ ᠦᠭᠡᠢ ᠠᠴᠠ ᠪᠣᠯᠵᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠠᠤᠯᠢ ᠠᠴᠠ ᠵᠦᠷᠢᠴᠡᠭᠰᠡᠨ ᠠᠭᠤᠯᠭ᠎ᠠ ᠲᠠᠢ ᠪᠤᠯᠭᠠᠵᠦ᠂ ᠬᠦᠨᠳᠦ ᠨᠤᠴᠢᠲᠠᠢ ᠦᠷ᠎ᠡ ᠨᠦᠯᠦᠭᠡ ᠭᠠᠷᠭᠠᠭᠰᠠᠨ ᠪᠠᠶᠢᠪᠠᠯ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠦᠭᠡᠢ ᠪᠤᠶᠤ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠬᠦᠯᠢᠶᠡᠨ ᠠᠪᠤᠭᠰᠠᠨ ᠦᠭᠡᠢ ᠠᠴᠠ ᠪᠤᠯᠵᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠠᠤᠯᠢ ᠠᠴᠠ ᠵᠦᠷᠢᠴᠡᠭᠰᠡᠨ ᠠᠭᠤᠯᠭ᠎ᠠ ᠲᠠᠢ ᠪᠤᠯᠭᠠᠵᠦ᠂ ᠬᠦᠨᠳᠦ ᠨᠤᠴᠢᠲᠠᠢ ᠦᠷ᠎ᠡ ᠨᠦᠯᠦᠭᠡ ᠭᠠᠷᠭᠠᠭᠰᠠᠨ ᠪᠠᠶᠢᠪᠠᠯ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃        ᠬᠤᠷᠢᠨ ᠭᠤᠷᠪᠠᠳᠤᠭᠠᠷ ᠵᠦᠢᠯ    ᠲᠤᠰ ᠲᠤᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠣᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠵᠢᠷᠣᠮᠯᠠᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ︹2018︺ 57 ᠳ᠋ᠤᠭᠠᠷ ᠲᠤᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃        ᠳᠠᠭᠠᠯᠳᠤᠭᠤᠯᠤᠯ᠄ 1. ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠬᠠᠤᠯᠢ ᠶᠤᠰᠤᠴᠢ ᠴᠢᠨᠠᠷ ᠤᠨ ᠳᠤᠳᠤᠷᠬᠠᠶᠢᠯᠠᠯᠲᠠ︶ ᠤᠨ ᠯᠠᠪᠯᠠᠬᠤ ᠬᠡᠪ ᠶᠠᠩᠵᠤ 2. ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ 3. ᠬᠤᠷᠢᠶᠠᠭᠰᠠᠨ ᠰᠠᠨᠠᠯ ᠤᠨ ᠬᠠᠷᠢᠭᠤ ᠳᠤᠰᠬᠠᠭᠰᠠᠨ ᠪᠠᠶᠢᠳᠠᠯ ᠢ ᠬᠤᠷᠢᠶᠠᠩᠭᠤᠶᠢᠯᠠᠭᠰᠠᠨ ᠬᠦᠰᠦᠨᠦᠭᠲᠦ ᠶᠢᠨ ᠯᠠᠪᠯᠠᠬᠤ ᠬᠡᠪ ᠶᠠᠩᠵᠤ ᠳᠠᠭᠠᠯᠳᠤᠭᠤᠯᠤᠯ 1 ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠬᠠᠤᠯᠢ ᠶᠤᠰᠤᠴᠢ ᠴᠢᠨᠠᠷ ᠤᠨ ᠳᠤᠳᠤᠷᠬᠠᠶᠢᠯᠠᠯᠲᠠ︶ ᠤᠨ ᠯᠠᠪᠯᠠᠬᠤ ᠬᠡᠪ ᠶᠠᠩᠵᠤ ︽︾ ᠶᠢᠨ ︵ ᠤᠨ︶ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠲᠦᠷᠦᠯ ᠤᠨ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ ᠲᠣᠬᠢᠷᠠᠭᠤᠯᠤᠨ ᠬᠡᠷᠡᠭᠯᠡᠨ᠎ᠡ︶ ︵︶ ᠣᠨ ᠤ ︵︶ ᠳ᠋ᠤᠭᠠᠷ ︵ᠳ᠋ᠤᠭᠡᠷ︶ ᠰᠠᠷ᠎ᠠ ᠶᠢᠨ ︵︶ ᠤ ︵ ᠤᠨ︶ ᠡᠳᠦᠷ᠂ ︽︾ ᠶᠢ ︵ ᠢ︶ ᠤᠯᠠᠮᠵᠢᠯᠠᠵᠤ ᠢᠷᠡᠪᠡ᠂ ᠨᠠᠷᠢᠨ ᠬᠢᠨᠠᠮᠠᠭᠠᠢ ᠰᠤᠳᠤᠯᠬᠤ ︵ᠬᠡᠷᠪᠡ ᠰᠠᠭᠤᠳᠠᠯ ᠤᠨ ᠬᠤᠷᠠᠯ᠂ ᠨᠤᠲᠠᠯᠠᠭᠤᠯᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠪᠠᠶᠢᠪᠠᠯ ᠳᠠᠶᠢᠯᠪᠤᠷᠢ ᠬᠠᠳᠠᠵᠤ ᠪᠤᠯᠤᠨ᠎ᠠ︶ ᠪᠠᠷ ᠳᠠᠮᠵᠢᠨ ᠳᠤᠤᠷᠠᠬᠢ ᠮᠡᠲᠦ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠳᠤᠷᠠᠳᠪᠠ᠄        ᠨᠢᠭᠡ᠂ ᠪᠢᠴᠢᠭ ᠮᠠᠲ᠋ᠧᠷᠢᠶᠠᠯ ᠢ ᠲᠤᠭᠲᠠᠭᠠᠬᠤ ᠳᠡᠰ ᠳᠠᠷᠠᠭᠠᠯᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠨᠢᠭᠡ︶ ᠪᠢᠴᠢᠭ ᠮᠠᠲ᠋ᠧᠷᠢᠶᠠᠯ ᠢ ᠲᠤᠭᠲᠠᠭᠠᠬᠤ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠶᠢ ᠬᠢᠨᠠᠨ ᠬᠠᠷᠭᠤᠭᠤᠯᠤᠭᠰᠠᠨ ᠰᠠᠨᠠᠯ ᠲᠤᠰ ᠪᠢᠴᠢᠭ ᠮᠠᠲ᠋ᠧᠷᠢᠶᠠᠯ ᠢ ︵︶ ᠠᠴᠠ ᠨᠤᠤᠷᠬᠠᠯᠠᠵᠦ᠂ ᠨᠢᠭᠡᠨᠲᠡ ︵︶ ᠶᠢ ︵ ᠢ︶ ᠭᠦᠢᠴᠡᠳᠭᠡᠪᠡ᠂ ᠳᠡᠰ ᠳᠠᠷᠠᠭᠠᠯᠠᠯ ᠨᠢ ᠬᠠᠤᠯᠢ ᠳᠤ ᠨᠡᠶᠢᠴᠡᠵᠦ ᠪᠤᠢ᠃ ︵ᠦᠷᠬᠡᠨ ᠢᠶᠠᠷ ᠰᠠᠨᠠᠯ ᠬᠤᠷᠢᠶᠠᠬᠤ᠂ ᠨᠡᠶᠢᠳᠡ ᠤᠯᠠᠨ ᠤᠷᠤᠯᠴᠠᠬᠤ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢ ᠭᠦᠢᠴᠡᠳᠭᠡᠬᠦ ᠴᠢᠬᠤᠯᠠ ᠲᠠᠢ ᠪᠠᠶᠢᠵᠤ᠂ ᠲᠤᠭᠲᠠᠭᠰᠠᠨ ᠳᠡᠰ ᠳᠠᠷᠠᠭᠠᠯᠠᠯ ᠢ ᠨᠢᠭᠡᠨᠲᠡ ᠭᠦᠢᠴᠡᠳᠭᠡᠭᠰᠡᠨ ᠪᠠᠶᠢᠬᠤ︔ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠠᠵᠤ ᠠᠬᠤᠢ ᠶᠢᠨ ᠠᠵᠢᠯᠯᠠᠭᠠᠨ ᠲᠠᠢ ᠬᠤᠯᠪᠤᠭᠳᠠᠵᠤ᠂ ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠡᠰ ᠳᠠᠷᠠᠭᠠᠯᠠᠯ ᠢ ᠨᠢᠭᠡᠨᠲᠡ ᠭᠦᠢᠴᠡᠳᠭᠡᠭᠰᠡᠨ ᠪᠠᠶᠢᠬᠤ︶ ︵ᠬᠤᠶᠠᠷ︶ ᠪᠢᠴᠢᠭ ᠮᠠᠲ᠋ᠧᠷᠢᠶᠠᠯ ᠢ ᠲᠤᠭᠲᠠᠭᠠᠬᠤ ᠳᠡᠰ ᠳᠠᠷᠠᠭᠠᠯᠠᠯ ᠤᠨ ᠬᠠᠤᠯᠢ ᠳᠤ ᠦᠯᠦ ᠨᠡᠶᠢᠴᠡᠬᠦ ᠶᠢ ᠬᠢᠨᠠᠨ ᠬᠠᠷᠭᠤᠭᠤᠯᠤᠭᠰᠠᠨ ᠰᠠᠨᠠᠯ ᠲᠤᠰ ᠪᠢᠴᠢᠭ ᠮᠠᠲ᠋ᠧᠷᠢᠶᠠᠯ ᠢ ︵︶ ᠠᠴᠠ ᠨᠤᠤᠷᠬᠠᠯᠠᠵᠦ᠂ ︵︶ ᠶᠢ ︵ ᠢ︶ ᠭᠦᠢᠴᠡᠳᠭᠡᠭᠰᠡᠨ ᠦᠭᠡᠢ᠂ ᠳᠡᠰ ᠳᠠᠷᠠᠭᠠᠯᠠᠯ ᠢ ᠨᠦᠬᠦᠪᠦᠷᠢᠯᠡᠵᠣ ᠵᠠᠯᠠᠷᠠᠭᠤᠯᠬᠤ ᠪᠤᠶᠤ ᠲᠤᠭᠲᠠᠭᠰᠠᠨ ᠬᠤᠭᠤᠴᠠᠭᠠᠨ ᠳᠤ ᠮᠠᠲ᠋ᠧᠷᠢᠶᠠᠯ ᠢᠶᠠᠨ ᠨᠦᠬᠦᠪᠦᠷᠢᠯᠡᠬᠦ ᠪᠤᠶᠤ ᠪᠠᠶᠢᠳᠠᠯ ᠢᠶᠠᠨ ᠲᠤᠳᠤᠷᠬᠠᠶᠢᠯᠠᠬᠤ ᠬᠡᠷᠡᠭᠲᠡᠢ᠃ ︵ᠦᠷᠬᠡᠨ ᠢᠶᠠᠷ ᠰᠠᠨᠠᠯ ᠬᠤᠷᠢᠶᠠᠬᠤ᠂ ᠨᠡᠶᠢᠳᠡ ᠤᠯᠠᠨ ᠤᠷᠤᠯᠴᠠᠬᠤ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢ ᠭᠦᠢᠴᠡᠳᠭᠡᠬᠦ ᠴᠢᠬᠤᠯᠠ ᠲᠠᠢ ᠪᠠᠶᠢᠨᠨᠰᠠᠨ ᠴᠤ᠂ ᠲᠤᠭᠲᠠᠭᠰᠠᠨ ᠳᠡᠰ ᠳᠠᠷᠠᠭᠠᠯᠠᠯ ᠢ ᠭᠦᠢᠴᠡᠳᠭᠡᠭᠰᠡᠨ ᠦᠭᠡᠢ ᠪᠠᠶᠢᠬᠤ︔ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠠᠵᠤ ᠠᠬᠤᠢ ᠶᠢᠨ ᠠᠵᠢᠯᠯᠠᠭᠠᠨ ᠲᠠᠢ ᠬᠤᠯᠪᠤᠨᠨᠳᠠᠬᠤ ᠤᠳ ᠨᠢ᠂ ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠡᠰ ᠳᠠᠷᠠᠭᠠᠯᠠᠯ ᠢ ᠭᠦᠢᠴᠡᠳᠭᠡᠭᠰᠡᠨ ᠦᠭᠡᠢ ᠪᠠᠶᠢᠬᠤ᠃ ᠰᠠᠨᠠᠯ ᠬᠤᠷᠢᠶᠠᠬᠤ ᠳᠡᠰ ᠳᠠᠷᠠᠭᠠᠯᠠᠯ ᠢ ᠪᠡᠶᠡᠯᠡᠭᠦᠯᠦᠭᠰᠡᠨ ᠪᠣᠯᠪᠠᠴᠤ᠂ ᠰᠠᠨᠠᠯ ᠨᠢᠭᠡᠳᠴᠦ ᠳᠡᠶᠢᠯᠦᠭᠰᠡᠨ ᠦᠭᠡᠢ ᠪᠠᠶᠢᠳᠠᠯ ᠳᠤ ᠤᠴᠢᠷ ᠰᠢᠯᠲᠠᠭᠠᠨ ᠢᠶᠠᠨ ᠳᠤᠳᠤᠷᠬᠠᠶᠢᠯᠠᠭᠰᠠᠨ ᠦᠭᠡᠢ ᠪᠠᠶᠢᠬᠤ᠃ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠪᠤᠶᠤ ᠬᠠᠤᠯᠢ ᠶᠤᠰᠤᠴᠢ ᠴᠢᠨᠠᠷ ᠤᠨ ᠳᠤᠳᠤᠷᠬᠠᠶᠢᠯᠠᠯᠲᠠ ᠬᠢᠭᠰᠡᠨ ᠪᠣᠯᠪᠠᠴᠤ᠂ ᠬᠠᠤᠯᠢ ᠳᠤ ᠬᠤᠯᠪᠤᠨᠨᠳᠠᠬᠤ ᠭᠤᠤᠯ ᠠᠭᠤᠯᠭ᠎ᠠ ᠳᠤ ᠳᠤᠳᠤᠷᠬᠠᠶᠢᠯᠠᠯᠲᠠ ᠬᠢᠭᠰᠡᠨ ᠦᠭᠡᠢ ᠪᠠᠶᠢᠬᠤ︶        ᠬᠤᠶᠠᠷ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠨᠢᠭᠡ︶ ᠪᠢᠴᠢᠭ ᠮᠠᠲ᠋ᠧᠷᠢᠶᠠᠯ ᠨᠢ ᠳᠡᠭᠡᠳᠦ ᠪᠠᠶᠢᠷᠢ ᠶᠢᠨ ᠬᠠᠤᠯᠢ ᠲᠠᠢ ᠪᠦᠷᠢᠮᠦᠰᠦᠨ ᠨᠢᠭᠡᠳᠦᠯ ᠲᠠᠢ ᠪᠠᠶᠢᠬᠤ ᠶᠢ ᠰᠢᠢᠳᠪᠦᠷᠢᠯᠡᠭᠰᠡᠨ ᠰᠠᠨᠠᠯ ᠲᠤᠰ ᠪᠢᠴᠢᠭ ᠮᠠᠲ᠋ᠧᠷᠢᠶᠠᠯ ᠢ ᠳᠤᠭᠲᠠᠭᠠᠭᠰᠠᠨ ᠦᠨᠳᠦᠰᠦᠯᠡᠯ ᠪᠣᠯ ︽︾ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠪᠣᠯᠤᠨ ︽︾ ︵ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠪᠠᠶᠢᠵᠤ᠂ ᠲᠤᠰ ᠪᠢᠴᠢᠭ ᠮᠠᠲ᠋ᠧᠷᠢᠶᠠᠯ ᠤᠨ ᠭᠤᠣᠯ ᠠᠭᠤᠯᠭ᠎ᠠ ᠨᠢ ᠳᠡᠭᠡᠷ᠎ᠡ ᠳᠤᠷᠠᠳᠤᠭᠰᠠᠨ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ ᠪᠤᠶᠤ ᠪᠢᠴᠢᠭ ᠮᠠᠲ᠋ᠧᠷᠢᠶᠠᠯ︶ ︵︶ ᠶᠢᠨ ︵ ᠤᠨ︶ ᠲᠤᠭᠲᠠᠭᠠᠯ ᠲᠠᠢ ᠨᠢᠭᠡᠳᠦᠯ ᠲᠠᠢ ᠪᠠᠶᠢᠨ᠎ᠠ᠃ ︵ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠳᠤ ᠬᠠᠤᠯᠢ ᠳᠤ ᠬᠤᠯᠪᠤᠭᠳᠠᠭᠰᠠᠨ ᠭᠤᠣᠯ ᠠᠭᠤᠯᠭ᠎ᠠ ᠶᠢᠨ ᠲᠤᠬᠠᠢ ᠬᠠᠤᠯᠢ ᠴᠠᠭᠠᠵᠠ᠂ ᠬᠠᠤᠯᠢ ᠳᠤᠭᠲᠠᠭᠠᠯ᠂ ᠲᠤᠭᠲᠠᠭᠠᠯ ᠳᠥᠷᠢᠮ᠂ ᠲᠥᠷᠥ ᠶᠢᠨ ᠪᠣᠳᠤᠯᠭ᠎ᠠ ᠶᠢᠨ ᠲᠤᠳᠤᠷᠬᠠᠢ ᠦᠨᠳᠦᠰᠦᠯᠡᠯ ᠪᠤᠯᠤᠨ ᠪᠤᠲᠠᠲᠠᠢ ᠰᠠᠨᠠᠯ ᠢ ᠳᠤᠷᠠᠳᠬᠤ ᠬᠡᠷᠡᠭᠲᠡᠢ᠂ ᠪᠤᠲᠠᠲᠠᠢ ᠵᠦᠢᠯ ᠵᠤᠷᠪᠤᠰ ᠤᠨ ᠦᠨᠳᠦᠰᠦᠯᠡᠯ ᠪᠠᠶᠢᠪᠠᠯ ᠡᠰᠢᠯᠡᠬᠦ ᠬᠡᠷᠡᠭᠲᠡᠢ︶ ︵ᠬᠤᠶᠠᠷ︶ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠬᠠᠤᠯᠢ ᠠᠴᠠ ᠵᠦᠷᠢᠴᠡᠬᠦ ᠪᠤᠶᠤ ᠵᠣᠬᠢᠰ ᠦᠭᠡᠢ ᠪᠠᠶᠢᠬᠤ ᠶᠢ ᠰᠢᠢᠳᠪᠦᠷᠢᠯᠡᠭᠰᠡᠨ ᠰᠠᠨᠠᠯ ᠲᠤᠰ ᠪᠢᠴᠢᠭ ᠮᠠᠲ᠋ᠧᠷᠢᠶᠠᠯ ᠬᠠᠤᠯᠢ ᠳᠤ ᠲᠤᠭᠲᠠᠭᠰᠠᠨ ᠡᠷᠬᠡ ᠶᠢᠨ ᠬᠡᠪᠴᠢᠶᠡᠨ ᠠᠴᠠ ᠳᠠᠪᠠᠵᠣ᠂ ᠭᠤᠣᠯ ᠠᠭᠤᠯᠭ᠎ᠠ ᠨᠢ ᠬᠠᠤᠯᠢ ᠠᠴᠠ ᠵᠦᠷᠢᠴᠡᠭᠰᠡᠨ ᠪᠤᠶᠤ ᠲᠤᠨᠨᠳᠠᠵᠦ ᠪᠠᠶᠢᠭ᠎ᠠ ᠭᠤᠣᠯ ᠪᠣᠯᠬᠤ ᠳᠥᠷᠢᠮ ᠪᠠ ᠠᠷᠭ᠎ᠠ ᠬᠡᠮᠵᠢᠶ᠎ᠡ ᠨᠢ ᠢᠯᠡᠳᠲᠡ ᠵᠣᠬᠢᠰ ᠦᠭᠡᠢ ᠪᠣᠯᠪᠠ︔ ᠤᠯᠤᠰ ᠤᠨ ᠪᠢᠴᠢᠭ ᠮᠠᠲ᠋ᠧᠷᠢᠶᠠᠯ ᠢ ᠲᠡᠷᠡ ᠬᠡᠪ ᠢᠶᠠᠷ ᠨᠢ ᠬᠠᠭᠤᠯᠪᠤᠷᠢᠯᠠᠵᠤ ᠪᠠᠭᠤᠯᠭᠠᠭᠰᠠᠨ ᠳᠤ ᠨᠢ᠂ ᠲᠤᠰ ᠪᠢᠴᠢᠭ ᠮᠠᠲ᠋ᠧᠷᠢᠶᠠᠯ ᠢ ᠲᠤᠭᠲᠠᠭᠠᠬᠤ ᠦᠭᠡᠢ ᠰᠠᠨᠠᠭᠤᠯᠭ᠎ᠠ ᠭᠠᠷᠭᠠᠪᠠ᠃ ︵ᠭᠤᠷᠪᠠ︶ ᠪᠢᠴᠢᠭ ᠮᠠᠲ᠋ᠧᠷᠢᠶᠠᠯ ᠤᠨ ᠬᠡᠰᠡᠭ ᠠᠭᠤᠯᠭ᠎ᠠ ᠨᠢ ᠬᠠᠤᠯᠢ ᠠᠴᠠ ᠵᠦᠷᠢᠴᠡᠬᠦ ᠪᠤᠶᠤ ᠵᠣᠬᠢᠰ ᠦᠭᠡᠢ ᠪᠠᠶᠢᠬᠤ ᠶᠢ ᠰᠢᠢᠳᠪᠦᠷᠢᠯᠡᠭᠰᠡᠨ ᠰᠠᠨᠠᠯ ᠲᠤᠰ ᠪᠢᠴᠢᠭ ᠮᠠᠲ᠋ᠧᠷᠢᠶᠠᠯ ᠢ ᠳᠤᠭᠲᠠᠭᠠᠭᠰᠠᠨ ᠦᠨᠳᠦᠰᠦᠯᠡᠯ ᠪᠣᠯ ︽︾ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠪᠣᠯᠤᠨ ︽︾ ︵ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠪᠠᠶᠢᠵᠤ᠂ ᠡᠳᠦᠭᠡ ᠪᠢᠴᠢᠭ ᠮᠠᠲ᠋ᠧᠷᠢᠶᠠᠯ ᠤᠨ ᠬᠡᠰᠡᠭ ᠠᠭᠤᠯᠭ᠎ᠠ ᠳᠤ ᠳᠤᠤᠷᠠᠬᠢ ᠮᠡᠳᠦ ᠵᠠᠰᠠᠪᠤᠷᠢ ᠤᠷᠤᠭᠤᠯᠬᠤ ᠰᠠᠨᠠᠭᠤᠯᠭ᠎ᠠ ᠭᠠᠷᠭᠠᠪᠠ᠄ 1. ︵︶ ᠰᠢᠯᠲᠠᠭᠠᠨ ᠠᠴᠠ ᠪᠣᠯᠵᠤ᠂ ︵︶ ᠠᠭᠤᠯᠭ᠎ᠠ ᠶᠢ ᠬᠠᠰᠤᠬᠤ ᠰᠠᠨᠠᠭᠤᠯᠭ᠎ᠠ ᠭᠠᠷᠭᠠᠪᠠ᠃ 2. ︵︶ ᠰᠢᠯᠲᠠᠭᠠᠨ ᠠᠴᠠ ᠪᠣᠯᠵᠤ᠂ ︵︶ ᠠᠭᠤᠯᠭ᠎ᠠ ᠳᠤ ᠵᠠᠰᠠᠪᠤᠷᠢ ᠤᠷᠤᠭᠤᠯᠬᠤ ᠰᠠᠨᠠᠭᠤᠯᠭ᠎ᠠ ᠭᠠᠷᠭᠠᠪᠠ᠃ ︵ᠳᠥᠷᠪᠡ︶ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠴᠢᠨᠠᠷᠵᠢᠭᠤᠨ ᠪᠤᠰᠤ ᠪᠠᠶᠢᠬᠤ ᠶᠢ ᠰᠢᠢᠳᠪᠦᠷᠢᠯᠡᠭᠰᠡᠨ ᠰᠠᠨᠠᠯ ᠲᠤᠰ ᠪᠢᠴᠢᠭ ᠮᠠᠲ᠋ᠧᠷᠢᠶᠠᠯ ᠯᠣᠭᠢᠭ ᠴᠢᠨᠠᠷ ᠢᠶᠠᠷ ᠴᠢᠩᠭ᠎ᠠ ᠪᠢᠰᠢ᠂ ᠪᠦᠲᠦᠴᠡ ᠨᠢ ᠠᠪᠴᠠᠯᠳᠤᠩᠭᠤᠢ ᠪᠤᠰᠤ᠂ ᠪᠤᠳᠠᠲᠠᠢ ᠠᠭᠤᠯᠭ᠎ᠠ ᠦᠭᠡᠢ᠂ ᠦᠰᠦᠭ ᠪᠢᠴᠢᠭ ᠤᠨ ᠢᠯᠡᠳᠭᠡᠮᠵᠢ ᠨᠢ ᠵᠢᠷᠦᠮᠵᠢᠯ ᠢᠶᠠᠷ ᠠᠨᠠᠢ᠂ ᠡᠬᠡ ᠨᠤᠤᠷᠠᠭ ᠤᠨ ᠴᠢᠨᠠᠷ ᠨᠢ ᠪᠠᠷᠤᠨᠨᠳᠠᠢ ᠪᠠᠶᠢᠵᠤ᠂ ᠲᠣᠭᠲᠠᠭᠠᠵᠤ ᠶᠠᠪᠤᠭᠤᠯᠬᠤ ᠨᠦᠬᠦᠴᠡᠯ ᠳᠤ ᠨᠡᠶᠢᠴᠡᠬᠦ ᠦᠭᠡᠢ ᠲᠤᠯᠠ᠂ ᠨᠤᠤᠷᠬᠠᠯᠬᠠᠰᠠᠨ ᠰᠠᠯᠠᠭ᠎ᠠ ᠮᠦᠴᠢᠷ ᠨᠢ ᠲᠤᠭᠲᠠᠭᠰᠠᠨ ᠬᠤᠭᠤᠴᠠᠭᠠᠨ ᠳᠤ ᠵᠠᠰᠠᠪᠤᠷᠢᠯᠠᠭᠰᠠᠨ ᠤ ᠳᠠᠷᠠᠭ᠎ᠠ ᠳᠠᠬᠢᠨ ᠮᠡᠳᠡᠭᠦᠯᠬᠦ ᠰᠠᠨᠠᠭᠤᠯᠭ᠎ᠠ ᠭᠠᠷᠭᠠᠪᠠ᠃ ︵︶ ᠣᠨ ᠤ ︵︶ ᠳ᠋ᠤᠭᠠᠷ ︵ᠳ᠋ᠤᠭᠡᠷ︶ ᠰᠠᠷ᠎ᠠ ᠶᠢᠨ ︵︶ ᠤ ︵ ᠤᠨ︶ ᠡᠳᠦᠷ ︵ᠬᠠᠷᠢᠯᠴᠠᠬᠤ ᠬᠦᠮᠦᠨ᠄ ᠬᠠᠷᠢᠯᠴᠠᠬᠤ ᠤᠳᠠᠰᠤ᠄︶ ︽︾ ᠶᠢᠨ ︵ ᠤᠨ︶ ᠬᠠᠤᠯᠢ ᠶᠤᠰᠤᠴᠢ ᠴᠢᠨᠠᠷ ᠤᠨ ᠲᠤᠳᠤᠷᠬᠠᠶᠢᠯᠠᠯᠲᠠ ︵ᠵᠢᠭᠠᠪᠤᠷᠢ ᠠᠪᠬᠤ᠂ ᠰᠠᠨᠠᠭᠤᠯᠭ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠤᠨ ᠳᠤᠳᠤᠷᠬᠠᠶᠢᠯᠠᠯᠲᠠ ᠳᠤ ᠲᠣᠬᠢᠷᠠᠭᠤᠯᠤᠨ ᠬᠡᠷᠡᠭᠯᠡᠨ᠎ᠡ︶        ᠨᠢᠭᠡ᠂ ᠰᠢᠢᠳᠪᠦᠷᠢᠳᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠰᠢᠢᠳᠪᠦᠷᠢᠲᠦ ᠪᠣᠳᠤᠯᠭ᠎ᠠ ᠲᠤᠭᠲᠠᠭᠠᠬᠤ ᠦᠨᠳᠦᠰᠦᠯᠡᠯ ᠳᠡᠪᠰᠢᠭᠦᠯᠬᠦ ︽︾ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠶᠢᠨ ︵︶ ︵ ᠤᠨ︶ ᠳ᠋ᠤᠭᠠᠷ ︵ᠳ᠋ᠤᠭᠡᠷ︶ ᠵᠤᠷᠪᠤᠰ ᠤᠨ ︽︾ ᠲᠣᠭᠲᠠᠭᠠᠯ ᠪᠤᠶᠤ ︽︾ ︵ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠶᠢᠨ ︵ ᠤᠨ︶ ︽︾ ᠲᠤᠭᠲᠠᠭᠠᠯ ᠢ ᠦᠨᠳᠦᠰᠦᠯᠡᠵᠦ᠂ ︵︶ ︵ᠵᠢᠭᠠᠪᠤᠷᠢ ᠠᠪᠬᠤ᠂ ᠰᠠᠨᠠᠭᠤᠯᠭ᠎ᠠ᠂ ᠰᠢᠢᠳᠪᠦᠷᠢᠳᠦ ᠪᠣᠳᠤᠯᠭ᠎ᠠ ᠶᠢᠨ ᠲᠥᠷᠥᠯ ᠤᠨ ᠵᠦᠢᠯᠡᠰ︶ ᠶᠢ ︵ ᠢ︶ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠᠷ ᠴᠤᠬᠤᠯᠠᠪᠤᠷᠢᠯᠠᠭᠤᠯᠤᠨ ᠬᠢᠨᠠᠭᠤᠯᠵᠦ ᠵᠦᠪᠰᠢᠶᠡᠷᠡᠭᠦᠯᠦᠭᠰᠡᠨ ᠤ ᠳᠠᠷᠠᠭ᠎ᠠ᠂ ᠰᠠᠯᠠᠭ᠎ᠠ ᠮᠦᠴᠢᠷ ᠠᠴᠠ ᠬᠡᠷᠡᠭᠵᠢᠭᠦᠯᠦᠨ᠎ᠡ᠃        ᠬᠤᠶᠠᠷ᠂ ᠬᠠᠤᠯᠢ ᠶᠤᠰᠤᠴᠢ ᠴᠢᠨᠠᠷ ᠤᠨ ᠳᠤᠳᠤᠷᠬᠠᠶᠢᠯᠠᠯᠲᠠ ︵ᠨᠢᠭᠡ︶ ᠲᠤᠰ ᠪᠢᠴᠢᠭ ᠮᠠᠲ᠋ᠧᠷᠢᠶᠠᠯ ᠤᠨ ᠦᠨᠳᠦᠰᠦᠯᠡᠯ ᠪᠣᠯ ︽︾ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠶᠢᠨ ︵ ᠤᠨ︶ ᠳ᠋ᠤᠭᠠᠷ ︵ᠳ᠋ᠤᠭᠡᠷ︶ ᠵᠤᠷᠪᠤᠰ ᠤᠨ ︽︾ ᠲᠣᠭᠲᠠᠭᠠᠯ ᠪᠤᠶᠤ ︽︾ ︵ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠶᠢᠨ ︵ ᠤᠨ︶ ︵︶ ᠪᠤᠯᠤᠨ᠎ᠠ᠃ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ ᠪᠤᠶᠤ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠤᠨ ᠦᠨᠳᠦᠰᠦᠯᠡᠯ ᠪᠠᠶᠢᠬᠤ ᠦᠭᠡᠢ ᠪᠣᠯ᠂ ᠪᠢᠴᠢᠭ ᠮᠠᠲ᠋ᠧᠷᠢᠶᠠᠯ ᠤᠨ ᠲᠡᠤᠬᠡᠨ ᠤᠷᠴᠢᠨ᠂ ᠴᠢᠬᠤᠯᠠ ᠴᠢᠨᠠᠷ᠂ ᠬᠡᠷᠡᠭᠵᠢᠭᠦᠯᠦᠭᠦᠰᠢᠲᠠᠢ ᠴᠢᠨᠠᠷ ᠢ ᠳᠤᠳᠤᠷᠬᠠᠶᠢᠯᠠᠬᠤ ᠬᠡᠷᠡᠭᠲᠡᠢ᠂ ᠬᠡᠷᠪᠡ ᠦᠭᠡᠷᠡᠴᠢᠯᠡᠯᠲᠡ ᠬᠢᠬᠦ᠂ ᠰᠢᠨ᠎ᠠ ᠶᠢ ᠡᠭᠦᠳᠬᠦ᠂ ᠲᠤᠷᠰᠢᠯᠲᠠ ᠶᠢᠨ ᠴᠡᠭ ᠭᠠᠷᠭᠠᠬᠤ ᠵᠡᠷᠭᠡ ᠪᠠᠶᠢᠳᠠᠯ ᠲᠠᠢ ᠪᠣᠯ ᠤᠯᠠᠮ ᠴᠢᠨᠠᠭᠰᠢᠲᠠ ᠳᠤᠳᠤᠷᠬᠠᠶᠢᠯᠠᠬᠤ ᠬᠡᠷᠡᠭᠲᠡᠢ︶ ︵ᠬᠤᠶᠠᠷ︶ ᠬᠠᠤᠯᠢ ᠴᠠᠭᠠᠵᠠ ᠲᠠᠢ ᠬᠤᠯᠪᠤᠭᠳᠠᠭᠰᠠᠨ ᠭᠤᠣᠯ ᠠᠭᠤᠯᠭ᠎ᠠ ᠳᠤ ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ᠂ ᠲᠥᠷᠥ ᠶᠢᠨ ᠪᠣᠳᠤᠯᠭ᠎ᠠ ᠶᠢᠨ ᠲᠣᠳᠤᠷᠬᠠᠢ ᠦᠨᠳᠦᠰᠦᠯᠡᠯ ᠪᠤᠯᠤᠨ ᠪᠤᠲᠠᠲᠠᠢ ᠰᠠᠨᠠᠯ ᠢ ᠨᠢᠭᠡᠳ ᠨᠢᠭᠡ ᠪᠠᠷ ᠳᠤᠷᠠᠳᠬᠤ ᠬᠡᠷᠡᠭᠲᠡᠢ᠃ ︵︶ ᠣᠨ ᠤ ︵︶ ᠳ᠋ᠤᠭᠠᠷ ︵ᠳ᠋ᠤᠭᠡᠷ︶ ᠰᠠᠷ᠎ᠠ ᠶᠢᠨ ︵︶ ᠤ ︵ ᠤᠨ︶ ᠡᠳᠦᠷ ︵ᠬᠠᠷᠢᠯᠴᠠᠬᠤ ᠬᠦᠮᠦᠨ᠄ ᠬᠠᠷᠢᠯᠴᠠᠬᠤ ᠤᠳᠠᠰᠤ᠄︶ ︽︾ ᠶᠢᠨ ︵ ᠤᠨ︶ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠭᠡᠷ᠎ᠡ᠂ ᠵᠦᠪᠯᠡᠯᠴᠡᠭᠡᠷ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ ᠲᠤᠬᠢᠷᠠᠭᠤᠯᠤᠨ ᠬᠡᠷᠡᠭᠯᠡᠨ᠎ᠠ᠂ ᠵᠠᠰᠠᠭ ᠤᠨ ᠤᠷᠳᠤᠨ ᠤ ᠬᠠᠤᠯᠢ ᠵᠦᠪᠯᠡᠭᠴᠢ ᠶᠢᠨ ᠭᠠᠷᠭᠠᠭᠰᠠᠨ ᠨᠢ ᠡᠭᠦᠨ ᠳᠤ ᠪᠠᠭᠳᠠᠬᠤ ᠦᠬᠡᠢ︶ ︵︶ ᠣᠨ ᠤ ︵︶ ᠳ᠋ᠤᠭᠠᠷ ︵ᠳ᠋ᠤᠭᠡᠷ︶ ᠰᠠᠷ᠎ᠠ ᠶᠢᠨ ︵︶ ᠤ ︵ ᠤᠨ︶ ᠡᠳᠦᠷ᠂ ︽︾ ᠶᠢ ︵ ᠢ︶ ᠤᠯᠠᠮᠵᠢᠯᠠᠵᠤ ᠢᠷᠡᠪᠡ᠂ ᠨᠠᠷᠢᠨ ᠬᠢᠨᠠᠮᠠᠭᠠᠢ ᠰᠤᠳᠤᠯᠬᠤ ᠪᠠᠷ ᠳᠠᠮᠵᠢᠨ ᠳᠤᠤᠷᠠᠬᠢ ᠮᠡᠲᠦ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠳᠤᠷᠠᠳᠪᠠ᠄        ᠨᠢᠭᠡ᠂ ᠭᠡᠷ᠎ᠡ ︵ᠵᠦᠪᠯᠡᠯᠴᠡᠭᠡᠷ︶ ᠤᠨ ᠬᠠᠤᠯᠢ ᠳᠤ ᠨᠡᠶᠢᠴᠡᠬᠦ ᠶᠢ ᠰᠢᠢᠳᠪᠦᠷᠢᠯᠡᠬᠦ ᠰᠠᠨᠠᠯ ᠲᠤᠰ ᠭᠡᠷ᠎ᠡ ︵ᠵᠦᠪᠯᠡᠯᠴᠡᠭᠡᠷ︶ ᠶᠢᠨ ᠭᠤᠣᠯ ᠠᠭᠤᠯᠭ᠎ᠠ ᠨᠢ ︽︾ ︵︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠪᠤᠯᠤᠨ ︽︾ ︵ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠶᠢᠨ ︵ ᠤᠨ︶ ᠳᠤᠭᠲᠠᠭᠠᠯ ᠲᠠᠢ ᠨᠡᠶᠢᠴᠡᠵᠦ ᠪᠤᠢ᠃        ᠬᠤᠶᠠᠷ᠂ ᠵᠠᠰᠠᠪᠤᠷᠢ ᠤᠷᠤᠭᠤᠯᠬᠤ ᠴᠢᠬᠤᠯᠠ ᠲᠠᠢ ᠭᠡᠷ᠎ᠡ ︵ᠵᠦᠪᠯᠡᠯᠴᠡᠭᠡᠷ︶ ᠳᠤ ᠬᠢ ᠰᠢᠢᠳᠪᠦᠷᠢᠯᠡᠬᠦ ᠰᠠᠨᠠᠯ ᠲᠤᠰ ᠭᠡᠷ᠎ᠡ ︵ᠵᠦᠪᠯᠡᠯᠴᠡᠭᠡᠷ︶ ᠶᠢᠨ ᠭᠤᠣᠯ ᠠᠭᠤᠯᠭ᠎ᠠ ᠨᠢ ︽︾ ︵︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠪᠤᠯᠤᠨ ︽︾ ︵ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ︶ ᠶᠢᠨ ︵ ᠤᠨ︶ ᠳᠤᠭᠲᠠᠭᠠᠯ ᠲᠠᠢ ᠨᠡᠶᠢᠴᠡᠵᠦ ᠪᠤᠢ᠃ ᠡᠳᠦᠭᠡ ᠭᠡᠷ᠎ᠡ ︵ᠵᠦᠪᠯᠡᠯᠴᠡᠭᠡᠷ︶ ᠶᠢᠨ ᠬᠡᠰᠡᠭ ᠠᠭᠤᠯᠭ᠎ᠠ ᠳᠤ ᠳᠤᠤᠷᠠᠬᠢ ᠮᠡᠲᠦ ᠵᠠᠰᠠᠪᠤᠷᠢ ᠤᠷᠤᠭᠤᠯᠬᠤ ᠰᠠᠨᠠᠭᠤᠯᠭ᠎ᠠ ᠭᠠᠷᠭᠠᠪᠠ᠄ 1. ︵︶ ᠰᠢᠯᠲᠠᠭᠠᠨ ᠠᠴᠠ ᠪᠣᠯᠵᠤ᠂ ︵︶ ᠠᠭᠤᠯᠭ᠎ᠠ ᠶᠢ ᠬᠠᠰᠤᠬᠤ ᠰᠠᠨᠠᠭᠤᠯᠭ᠎ᠠ ᠭᠠᠷᠭᠠᠪᠠ᠃ 2. ︵︶ ᠰᠢᠯᠲᠠᠭᠠᠨ ᠠᠴᠠ ᠪᠣᠯᠵᠤ᠂ ︵︶ ᠠᠭᠤᠯᠭ᠎ᠠ ᠳᠤ ᠵᠠᠰᠠᠪᠤᠷᠢ ᠤᠷᠤᠭᠤᠯᠬᠤ ᠰᠠᠨᠠᠭᠤᠯᠭ᠎ᠠ ᠭᠠᠷᠭᠠᠪᠠ᠃ ︵︶ ᠣᠨ ᠤ ︵︶ ᠳ᠋ᠤᠭᠠᠷ ︵ᠳ᠋ᠤᠭᠡᠷ︶ ᠰᠠᠷ᠎ᠠ ᠶᠢᠨ ︵︶ ᠤ ︵ ᠤᠨ︶ ᠡᠳᠦᠷ ︵ᠬᠠᠷᠢᠯᠴᠠᠬᠤ ᠬᠦᠮᠦᠨ᠄ ᠬᠠᠷᠢᠯᠴᠠᠬᠤ ᠤᠳᠠᠰᠤ᠄︶ ᠳᠠᠭᠠᠯᠳᠤᠭᠤᠯᠤᠯ 2 ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ ︵ᠲᠣᠣᠷᠠᠬᠢ ᠲᠤᠭ᠎ᠠ ᠶᠢ ᠲᠣᠪᠴᠢᠳᠠᠪᠠᠯ ᠬᠦᠰᠦᠨᠦᠭᠲᠦ ᠢᠯᠡᠷᠡᠨ᠎ᠡ︶ ᠨᠢᠭᠡ ᠬᠤᠶᠠᠷ ᠭᠤᠷᠪᠠ ᠳᠥᠷᠪᠡ ᠳᠠᠭᠠᠯᠳᠤᠭᠤᠯᠤᠯ 3 ᠬᠤᠷᠢᠶᠠᠭᠰᠠᠨ ᠰᠠᠨᠠᠯ ᠤᠨ ᠬᠠᠷᠢᠭᠤ ᠳᠤᠰᠬᠠᠭᠰᠠᠨ ᠪᠠᠶᠢᠳᠠᠯ ᠢ ᠬᠤᠷᠢᠶᠠᠩᠭᠤᠶᠢᠯᠠᠭᠰᠠᠨ ᠬᠦᠰᠦᠨᠦᠭᠲᠦ ᠶᠢᠨ ᠯᠠᠪᠯᠠᠬᠤ ᠬᠡᠪ ᠶᠠᠩᠵᠤ ᠲᠠᠪᠤ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号