2020 ᠣᠨ ᠤ ︽ᠤᠯᠤᠰ ᠤᠨ ᠨᠢᠭᠡᠳᠦᠯᠳᠡᠢ ᠰᠢᠯᠭᠠᠯᠲᠠ︾ ᠶᠢ ᠨᠢᠭᠡ ᠰᠠᠷ᠎ᠠ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020-04-01
       ᠰᠢᠯᠭᠠᠬᠤ ᠴᠠᠭ᠄ 7 ᠰᠠᠷ᠎ᠠ ᠶᠢᠨ 7 ᠠᠴᠠ 8 ᠤ ᠡᠳᠦᠷ ᠪᠤᠯᠳᠠᠯ᠎ᠠ        3 ᠰᠠᠷ᠎ᠠ ᠶᠢᠨ 31 ᠤ ᠡᠳᠦᠷ᠂ ᠰᠤᠷᠭᠠᠨ ᠬᠥᠮᠦᠵᠢᠯ ᠤᠨ ᠶᠠᠮᠤᠨ ︽2020 ᠣᠨ ᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ ᠶᠢᠨ ᠲᠤᠬᠠᠶ ᠠᠯᠪᠠᠨ ᠵᠠᠷᠯᠠᠯ︾ ᠢ ᠨᠡᠶᠢᠲᠡᠯᠡᠪᠡ᠃        ᠠᠯᠪᠠᠨ ᠵᠠᠷᠯᠠᠯ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ 2020 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ︵ᠳᠣᠷᠣᠭᠰᠢ ︽ᠤᠯᠤᠰ ᠤᠨ ᠨᠢᠭᠡᠳᠦᠯᠳᠡᠢ ᠰᠢᠯᠭᠠᠯᠲᠠ︾ ᠭᠡᠵᠦ ᠲᠦᠭᠦᠮᠴᠢᠯᠡᠨ᠎ᠠ︶ ᠶᠢ ᠨᠢᠭᠡ ᠰᠠᠷ᠎ᠠ ᠬᠤᠶᠢᠰᠢᠯᠠᠭᠤᠯᠤᠨ ᠶᠠᠪᠤᠭᠳᠠᠭᠤᠯᠬᠤ ᠪᠠᠷ ᠪᠤᠯᠪᠠ᠂ ᠰᠢᠯᠭᠠᠯᠲᠠ ᠶᠢᠨ ᠴᠠᠭ ᠨᠢ 7 ᠰᠠᠷ᠎ᠠ ᠶᠢᠨ 7 ᠤ ᠡᠳᠦᠷ ᠪᠠ 8 ᠤ ᠡᠳᠦᠷ ᠪᠣᠯᠤᠨ᠎ᠠ᠃        ᠪᠣᠳᠠᠲᠠᠶ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠲᠤᠬᠢᠷᠠᠭᠤᠯᠤᠯᠳᠠ᠄ 7 ᠰᠠᠷ᠎ᠠ ᠶᠢᠨ 7 ᠤ ᠡᠳᠦᠷ᠄ ᠬᠡᠯᠡ ᠪᠢᠴᠢᠭ 9᠄ 00 — 11᠄ 30 ᠲᠣᠭᠠᠨ ᠤ ᠤᠬᠠᠭᠠᠨ 15᠄ 00 — 17᠄ 00 7 ᠰᠠᠷ᠎ᠠ ᠶᠢᠨ 8 ᠤ ᠡᠳᠦᠷ᠄ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ᠄ 9᠄ 00 — 11᠄ 30 ᠭᠠᠳᠠᠭᠠᠳᠤ ᠬᠡᠯᠡ 15᠄ 00 — 17᠄ 00        ᠬᠤᠪᠸᠢ ᠮᠤᠵᠢ᠂ ᠪᠡᠭᠡᠵᠢᠩ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ ᠲᠣᠰ ᠭᠠᠵᠠᠷ ᠣᠷᠣᠨ ᠤ ᠪᠠᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠴᠠᠭ ᠢ ᠲᠤᠬᠢᠷᠠᠭᠤᠯᠬᠤ ᠰᠠᠨᠠᠯ ᠢ ᠰᠤᠳᠤᠯᠤᠨ ᠳᠤᠷᠠᠳᠴᠤ ᠰᠤᠷᠭᠠᠨ ᠬᠥᠮᠦᠵᠢᠯ ᠤᠨ ᠶᠠᠮᠤᠨ ᠲᠠᠢ ᠵᠥᠪᠳᠡᠯᠴᠡᠵᠦ ᠵᠥᠪᠰᠢᠶᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠭᠡᠮ ᠳᠤ ᠨᠡᠶᠢᠳᠡᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号