2020 ᠣᠨ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠡᠰᠡᠭ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠰᠢᠯᠭᠠᠯᠲᠠ ᠳᠤ ᠬᠤᠪᠢᠷᠠᠯᠲᠠ ᠲᠠᠢ ᠪᠣᠯᠪᠠ
ᠨᠡᠶᠢᠲᠡᠯᠡᠭᠰᠡᠨ ᠴᠠᠭ᠄
2020-04-16
       ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠲᠣᠰ ᠲᠥᠪ ᠨᠢ ᠡᠨᠡ ᠵᠢᠯ ᠤᠨ 1 ᠳ᠋ᠦ᠋ᠭᠡᠷ ᠰᠠᠷ᠎ᠠ ᠳᠤ ᠤᠷᠢᠳ ᠬᠤᠵᠢᠳ ︽2020 ᠣᠨ ᠳᠤ ᠮᠠᠨ ᠤ ᠣᠷᠣᠨ ᠳᠤ ᠰᠤᠷᠭᠠᠭᠤᠯᠢ ᠶᠢᠨ ᠰᠢᠯᠭᠠᠯᠲᠠ ᠶᠢ ᠴᠡᠭ ᠲᠣᠬᠢᠷᠠᠭᠤᠯᠤᠨ ᠵᠣᠬᠢᠶᠠᠨ ᠪᠠᠶᠢᠭᠤᠯᠬᠤ ᠪᠠᠷ ᠪᠠᠶᠢᠭ᠎ᠠ ᠰᠣᠷᠣᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠪᠠ ᠲᠤᠰᠬᠠᠶ ᠮᠡᠷᠭᠡᠵᠢᠯ ᠢ ᠨᠡᠶᠢᠲᠡᠯᠡᠬᠦ ᠲᠤᠬᠠᠶ ᠠᠯᠪᠠᠨ ᠵᠠᠷ︾ ︽2020 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠰᠣᠷᠣᠭᠴᠢ ᠡᠯᠰᠡᠬᠦ ᠳᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠬᠡᠷᠡᠭᠯᠡᠬᠦ ᠶᠢ ᠨᠡᠶᠢᠲᠡᠯᠡᠬᠦ ᠲᠤᠬᠠᠶ ᠠᠯᠪᠠᠨ ᠵᠠᠷ︾ ᠪᠠ ︽2020 ᠣᠨ ᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠢᠯᠭᠠᠯᠲᠠ ᠶᠢᠨ ᠪᠠᠶᠢᠷᠢᠯᠠᠭᠤᠯᠤᠯᠲᠠ ᠶᠢ ᠨᠡᠶᠢᠲᠡᠯᠡᠬᠦ ᠲᠤᠬᠠᠶ ᠠᠯᠪᠠᠨ ᠵᠠᠷ︾ ᠪᠠᠭᠤᠯᠭᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠬᠡᠰᠡᠭ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠰᠢᠯᠭᠠᠯᠲᠠ ᠬᠤᠪᠢᠷᠠᠯᠲᠠ ᠲᠠᠢ ᠪᠣᠯᠪᠠ᠃        ᠴᠠᠩᠴᠦ᠋ᠨ ᠶᠡᠭᠡ ᠰᠤᠷᠭᠠᠭᠤᠯᠢ ᠤᠤᠯ ᠨᠢ ᠮᠠᠨ ᠤ ᠣᠷᠣᠨ ᠳᠤ ᠴᠡᠭ ᠲᠣᠬᠢᠷᠠᠭᠤᠯᠤᠨ ᠵᠣᠬᠢᠶᠠᠨ ᠪᠠᠶᠢᠭᠤᠯᠬᠤ ᠪᠠᠷ ᠪᠠᠶᠢᠭᠰᠠᠨ ᠰᠤᠷᠭᠠᠭᠤᠯᠢ ᠶᠢᠨ ᠰᠢᠯᠭᠠᠯᠲᠠ ᠠᠴᠠ ᠳᠠᠭᠤᠤ ᠬᠥᠭᠵᠢᠮ ᠤᠨ ᠲᠣᠭᠯᠠᠯᠲᠠ ᠪᠠ ᠳᠠᠭᠤᠤ ᠬᠥᠭᠵᠢᠮ ᠤᠨ ᠤᠬᠠᠭᠠᠨ ᠢ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠣᠯᠭᠠᠨ ᠥᠭᠡᠷᠡᠴᠢᠯᠡᠵᠦ᠂ ᠪᠥᠵᠢᠭ ᠤᠨ ᠲᠣᠭᠯᠠᠯᠲᠠ ᠳᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠪᠥᠵᠢᠭ ᠤᠨ ᠲᠣᠭᠯᠠᠯᠲᠠ ᠶᠢᠨ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠡᠯᠰᠡᠬᠦ ᠪᠣᠯᠭᠠᠨ ᠥᠭᠡᠷᠡᠴᠢᠯᠡᠪᠡ᠃        ᠵᠡᠭᠦᠨ ᠬᠤᠶᠢᠲᠤ ᠶᠢᠨ ᠴᠢᠯᠠᠭᠤᠨ ᠲᠣᠰᠣᠨ ᠤ ᠶᠡᠭᠡ ᠰᠤᠷᠭᠠᠭᠤᠯᠢ ᠶᠢᠨ ᠤᠤᠯ ᠤᠨ ᠪᠥᠵᠢᠭ ᠤᠨ ᠨᠠᠶᠢᠷᠠᠭᠤᠯᠤᠨ ᠤᠳᠤᠷᠢᠳᠤᠭᠠᠴᠢ ᠶᠢᠨ ᠰᠢᠯᠭᠠᠯᠲᠠ ᠳᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠬᠡᠷᠡᠭᠯᠡᠵᠦ ᠪᠠᠶᠢᠭᠰᠠᠨ ᠠᠴᠠ ᠪᠠᠨ ᠣᠲᠣ ᠬᠠᠷᠢᠶ᠎ᠠ ᠪᠦᠬᠦᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠳᠤ ᠰᠣᠷᠣᠭᠴᠢ ᠡᠯᠰᠡᠬᠦ ᠲᠥᠯᠥᠪᠯᠡᠭᠡ ᠳᠤ ᠲᠦᠷ ᠵᠢᠭᠰᠠᠭᠠᠬᠤ ᠥᠬᠡᠶ ᠪᠠᠷ ᠪᠣᠯᠵᠠᠢ᠃        ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠤᠨ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠨᠡᠪᠲᠡᠷᠡᠭᠦᠯᠦᠭᠴᠢ ᠬᠢᠭᠡᠳ ᠬᠦᠲᠦᠯᠦᠭᠴᠢ ᠶᠢᠨ ᠤᠷᠠᠯᠢᠭ ︵ᠮᠣᠩᠭᠤᠯ ᠢᠶᠠᠷ ᠬᠢᠴᠢᠶᠡᠯᠯᠡᠬᠦ︶ ᠲᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠪᠠᠷ ᠡᠯᠰᠡᠬᠦ ᠪᠣᠯᠭᠠᠨ ᠥᠭᠡᠷᠡᠴᠢᠯᠡᠪᠡ᠃        ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠤᠮᠠᠷᠠᠲᠤ ᠣᠷᠣᠨ ᠤ ᠦᠨᠳᠦᠰᠦᠲᠡᠨ ᠤ ᠶᠡᠭᠡ ᠰᠤᠷᠠᠭᠠᠭᠤᠯᠢ ᠪᠠ ᠪᠡᠭᠡᠵᠢᠩ ᠤᠨ ᠬᠤᠲᠠ ᠶᠢᠨ ᠳᠡᠭᠡᠳᠦ ᠰᠤᠷᠭᠠᠭᠤᠯᠢ ᠶᠢᠨ ᠠᠭᠠᠷ ᠤᠨ ᠦᠢᠯᠡᠴᠢᠯᠡᠭᠡᠨ ᠤ ᠤᠷᠠᠯᠢᠭ ᠬᠢᠭᠡᠳ ᠬᠠᠮᠢᠶᠠᠷᠤᠯᠲᠠ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠪᠠᠷ ᠨᠢ ᠡᠯᠰᠡᠬᠦ ᠪᠣᠯᠭᠠᠨ ᠥᠭᠡᠷᠡᠴᠢᠯᠡᠪᠡ        ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠲᠣᠭᠯᠠᠯᠲᠠ ︵ᠤᠷᠲᠤ ᠶᠢᠨ ᠳᠠᠭᠤᠤ︶᠂ ᠳᠠᠭᠤᠤ ᠬᠥᠭᠵᠢᠮ ᠤᠨ ᠲᠣᠭᠯᠠᠯᠲᠠ ︵ᠮᠤᠷᠢᠨ ᠬᠤᠭᠤᠷ ᠲᠤ ᠴᠤᠭᠤᠷᠴᠢᠨ ᠪᠠᠭᠲᠠᠨ᠎ᠠ︶᠂ ᠳᠠᠭᠤᠤ ᠬᠥᠭᠵᠢᠮ ᠤᠨ ᠲᠣᠭᠯᠠᠯᠲᠠ ︵ᠬᠦᠮᠡᠢ︶᠂ ᠳᠠᠭᠤᠤ ᠬᠥᠭᠵᠢᠮ ᠤᠨ ᠲᠣᠭᠯᠠᠯᠲᠠ ︵ᠲᠤᠮᠤ ᠮᠤᠷᠢᠨ ᠬᠤᠭᠤᠷ︶ ᠂ ᠳᠠᠭᠤᠤ ᠬᠥᠭᠵᠢᠮ ᠤᠨ ᠤᠬᠠᠭᠠᠨ ︵ᠦᠨᠳᠦᠰᠦᠲᠡᠨ ᠤ ᠳᠠᠭᠤᠤ ᠬᠥᠭᠵᠢᠮ ᠤᠨ ᠤᠨᠤᠯ︶ ᠪᠣᠯᠤᠨ ᠳᠠᠭᠤᠤ ᠬᠥᠭᠵᠢᠮ ᠤᠨ ᠤᠬᠠᠭᠠᠨ ︵ᠵᠤᠤ ᠤᠳᠠ ᠠᠷᠠᠳ ᠤᠨ ᠳᠠᠭᠤᠤ︶ ᠲᠤ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠᠷ ᠡᠯᠰᠡᠬᠦ ᠪᠣᠯᠭᠠᠨ ᠥᠭᠡᠷᠡᠴᠢᠯᠡᠪᠡ᠃        ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢ ᠵᠦᠴᠦᠭᠡ ᠺᠢᠨᠣ᠋ ᠲᠧᠯᠸᠢᠰ ᠤᠨ ᠲᠣᠭᠯᠠᠯᠲᠠ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠪᠠᠷ ᠨᠢ ᠡᠯᠰᠡᠬᠦ ᠪᠣᠯᠭᠠᠨ ᠥᠭᠡᠷᠡᠴᠢᠯᠡᠵᠦ᠂ ᠰᠣᠷᠣᠭᠴᠢ ᠡᠯᠰᠡᠬᠦ ᠲᠥᠯᠥᠪᠯᠡᠭᠡ ᠳᠤ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠣᠬᠢᠷᠠᠭᠤᠯᠪᠠ᠃        ᠣᠶᠢᠯᠠᠭᠠᠭᠰᠠᠨ ᠢᠶᠠᠷ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠳᠤ ᠬᠤᠯᠪᠣᠭᠳᠠᠬᠤ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠣᠷᠣᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠷᠭ᠎ᠠ ᠬᠡᠯᠪᠡᠷᠢ ᠪᠠ ᠪᠣᠳᠠᠲᠠᠶ ᠲᠣᠬᠢᠷᠠᠭᠤᠯᠤᠯᠲᠠ ᠵᠡᠷᠭᠡ ᠳᠤ ᠡᠳᠦᠶ ᠲᠡᠳᠦᠶ ᠲᠣᠬᠢᠷᠠᠭᠤᠯᠤᠯᠲᠠ ᠬᠢᠪᠡ᠂ ᠵᠢᠱᠢᠶᠡᠯᠡᠪᠡᠯ ᠰᠤᠷᠭᠠᠭᠤᠯᠢ ᠶᠢᠨ ᠰᠢᠯᠭᠠᠯᠲᠠ ᠶᠢ ᠸᠢᠳᠢᠤ᠋ ᠶᠢᠨ ᠪᠦᠲᠦᠭᠡᠯ ᠥᠭᠬᠦ᠂ ᠰᠦᠯᠵᠢᠶ᠎ᠡ ᠪᠠᠷ ᠨᠢᠭᠤᠷᠲᠠᠨ ᠰᠢᠯᠭᠠᠬᠤ᠂ ᠲᠤᠬᠠᠶ ᠶᠢᠨ ᠲᠠᠯᠠᠪᠤᠷ ᠲᠤ ᠰᠢᠯᠭᠠᠬᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢ ᠬᠡᠷᠡᠭᠯᠡᠬᠦ ᠪᠤᠶᠤ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠪᠠᠷ ᠨᠢ ᠡᠯᠰᠡᠬᠦ ᠵᠡᠷᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠥᠷᠭᠡᠨ ᠣᠯᠠᠨ ᠰᠢᠯᠭᠠᠭᠤᠯᠤᠭᠴᠢ ᠳᠤ ᠰᠠᠨᠠᠭᠤᠯᠬᠤ ᠨᠢ᠂ ᠰᠣᠷᠣᠭᠴᠢ ᠡᠯᠰᠡᠬᠦ ᠭᠡᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠠᠯᠪᠠᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠤᠶᠤ ᠰᠣᠷᠣᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠠᠴᠠ ᠨᠠᠷᠢᠨ ᠠᠰᠠᠭᠤᠨ ᠯᠠᠪᠯᠠᠵᠤ᠂ ᠰᠣᠷᠣᠭᠴᠢ ᠡᠯᠰᠡᠬᠦ ᠲᠣᠪᠴᠢ ᠲᠦᠷᠢᠮ ᠪᠠ ᠰᠣᠷᠣᠭᠴᠢ ᠡᠯᠰᠡᠬᠦ ᠲᠦᠷᠢᠮ ᠢ ᠣᠯᠵᠤ᠂ ᠨᠡᠷ᠎ᠡ ᠮᠡᠳᠡᠭᠦᠯᠬᠦ ᠱᠠᠭᠠᠷᠳᠠᠯᠭ᠎ᠠ᠂ ᠰᠣᠷᠣᠭᠴᠢ ᠡᠯᠰᠡᠬᠦ ᠲᠤᠰᠬᠠᠶ ᠮᠡᠷᠭᠡᠵᠢᠯ᠂ ᠰᠤᠷᠭᠠᠭᠤᠯᠢ ᠶᠢᠨ ᠰᠢᠯᠭᠠᠯᠲᠠ ᠶᠢᠨ ᠲᠤᠰᠬᠠᠶ ᠮᠡᠷᠭᠡᠵᠢᠯ᠂ ᠰᠤᠷᠭᠠᠭᠤᠯᠢ ᠶᠢᠨ ᠰᠢᠯᠭᠠᠯᠲᠠ ᠶᠢᠨ ᠠᠷᠭ᠎ᠠ ᠬᠡᠯᠪᠡᠷᠢ᠂ ᠰᠤᠷᠭᠠᠭᠤᠯᠢ ᠶᠢᠨ ᠰᠢᠯᠭᠠᠯᠲᠠ ᠶᠢᠨ ᠲᠣᠬᠢᠷᠠᠭᠤᠯᠤᠯᠲᠠ ᠪᠠ ᠡᠯᠰᠡᠬᠦ ᠲᠦᠷᠢᠮ ᠵᠡᠷᠭᠡ ᠮᠡᠳᠡᠭᠡ ᠵᠠᠩᠭᠢ ᠶᠢ ᠣᠶᠢᠯᠠᠭᠠᠷᠠᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号