ᠣᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ︽ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠬᠠᠮᠢᠶᠠᠷᠤᠯᠲᠠ ᠶᠢᠨ ᠳᠦᠷᠢᠮ︾ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020-04-02
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶᠠᠲᠤ ᠡᠯ᠎ᠡ ᠵᠦᠪᠯᠡᠯ ᠠᠯᠪᠠᠨ ᠭᠡᠷ ᠲᠣᠪᠴᠢᠶ᠎ᠠ᠄        ᠡᠳᠦᠭᠡ ︽ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠬᠠᠮᠢᠶᠠᠷᠤᠯᠲᠠ ᠶᠢᠨ ᠳᠦᠷᠢᠮ︾ ᠢ ᠲᠠ ᠪᠦᠬᠦᠨ ᠳᠤ ᠳᠠᠷᠤᠮᠠᠯᠯᠠᠨ ᠲᠠᠷᠬᠠᠭᠠᠪᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠤᠰᠤᠭᠠᠷ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                           2019 ᠤᠨ ᠤ 12 ᠰᠠᠷ᠎ᠠ ᠶᠢᠨ 30 ᠤ ᠡᠳᠦᠷ                           ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠬᠠᠮᠢᠶᠠᠷᠤᠯᠲᠠ ᠶᠢᠨ ᠳᠦᠷᠢᠮ        ᠨᠢᠭᠡᠳᠦᠭᠡᠷ ᠵᠤᠷᠪᠤᠰ   ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠳᠦᠷᠢᠮᠵᠢᠭᠦᠯᠦᠨ᠂ ᠪᠠᠴᠢᠮ ᠢ ᠣᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠡᠳ᠋ ᠪᠤᠳᠠᠰ ᠤᠨ ᠪᠠᠲᠤᠯᠠᠭ᠎ᠠ ᠶᠢ ᠨᠡᠮᠡᠭᠳᠡᠭᠦᠯᠵᠦ᠂  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠢ ᠠᠷᠭᠠᠴᠠᠬᠤ ᠬᠠᠤᠯᠢ︾ ︽ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠪᠠᠴᠢᠮ ᠢ ᠠᠷᠭᠠᠴᠠᠬᠤ ᠶᠡᠷᠦᠩᠬᠡᠢ ᠲᠦᠰᠦᠯ︾ ︽ᠬᠤᠩᠱᠠᠨ ᠲᠣᠭᠤᠷᠢᠭ ᠤᠨ ᠦᠶᠡᠷ ᠢ ᠰᠡᠷᠭᠡᠶᠢᠯᠡᠬᠦ ᠭᠠᠩ ᠢ ᠡᠰᠡᠷᠭᠦᠴᠡᠬᠦ ᠪᠠᠴᠢᠮ ᠢ ᠠᠷᠭᠠᠴᠠᠬᠤ ᠲᠦᠰᠦᠯ︾ ︽ᠬᠤᠩᠱᠠᠨ ᠲᠣᠭᠤᠷᠢᠭ ᠤᠨ ᠴᠢᠬᠤᠯᠠ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠢ ᠠᠷᠭᠠᠴᠠᠬᠤ ᠲᠦᠰᠦᠯ︾ ︽ᠬᠤᠩᠱᠠᠨ ᠲᠣᠭᠤᠷᠢᠭ ᠤᠨ ᠬᠦᠨᠳᠦ ᠨᠤᠴᠢᠲᠠᠢ ᠭᠠᠵᠠᠷ ᠬᠦᠳᠡᠯᠦᠯᠲᠡ ᠶᠢᠨ ᠪᠠᠴᠢᠮ ᠢ ᠠᠷᠭᠠᠴᠠᠬᠤ ᠲᠦᠰᠦᠯ︾ ︽ᠬᠤᠩᠱᠠᠨ ᠲᠣᠭᠤᠷᠢᠭ ᠤᠨ ᠭᠠᠵᠠᠷ ᠵᠦᠢ ᠶᠢᠨ ᠭᠠᠮᠰᠢᠭ ᠤᠨ ᠪᠠᠴᠢᠮ ᠢ ᠠᠷᠭᠠᠴᠠᠬᠤ ᠲᠦᠰᠦᠯ︾ ︽ᠬᠤᠩᠱᠠᠨ ᠲᠣᠭᠤᠷᠢᠭ ᠤᠨ ᠤᠢ ᠰᠢᠭᠤᠢ ᠶᠢᠨ ᠭᠠᠯ ᠤᠨ ᠠᠶᠤᠯ  ᠤᠨ ᠪᠠᠴᠢᠮ ᠢ ᠠᠷᠭᠠᠴᠠᠬᠤ ᠲᠦᠰᠦᠯ︾ ᠵᠡᠷᠭᠡ ᠬᠠᠤᠯᠢ ᠴᠠᠭᠠᠵᠠ ᠬᠠᠤᠯᠢ ᠲᠤᠭᠲᠠᠭᠠᠯ ᠪᠠ ᠪᠠᠴᠢᠮ ᠢ ᠠᠷᠭᠠᠴᠠᠬᠤ ᠲᠦᠰᠦᠯ ᠢ ᠦᠨᠳᠦᠰᠦᠯᠡᠨ ᠲᠤᠰ ᠳᠦᠷᠢᠮ ᠢ ᠲᠤᠭᠲᠠᠭᠠᠪᠠ᠃        ᠬᠤᠶᠠᠳᠤᠭᠠᠷ ᠵᠣᠷᠪᠤᠰ    ᠬᠤᠩᠱᠠᠨ ᠲᠣᠭᠤᠷᠢᠭ ᠤᠨ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠤ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠬᠠᠮᠢᠶᠠᠷᠤᠯᠲᠠ ᠶᠢᠨ ᠠᠵᠢᠯ ᠳᠤ ᠲᠤᠰ ᠳᠦᠷᠢᠮ ᠢ ᠬᠡᠷᠡᠭᠵᠢᠭᠦᠯᠦᠨ᠎ᠡ᠃        ᠭᠤᠷᠪᠠᠳᠤᠭᠠᠷ ᠵᠣᠷᠪᠤᠰ    ᠲᠤᠰ ᠳᠦᠷᠢᠮ ᠳᠤ ᠬᠡᠯᠡᠵᠦ ᠪᠠᠶᠢᠭ᠎ᠠ ᠪᠠᠴᠢᠮ ᠢ ᠠᠷᠭᠠᠴᠠᠬᠤ ᠡᠳ᠋ ᠪᠤᠳᠠᠰ ᠭᠡᠳᠡᠭ ᠨᠢ ᠪᠠᠶᠢᠭᠠᠯᠢ ᠶᠢᠨ ᠭᠠᠮᠰᠢᠭ᠂ ᠠᠳᠡᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠵᠡᠷᠭᠡ ᠪᠠᠴᠢᠮ ᠪᠠᠶᠢᠳᠠᠯ ᠢ  ᠣᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠳᠤ ᠬᠡᠷᠡᠭᠰᠡᠬᠦ ᠪᠠᠲᠤᠯᠠᠭ᠎ᠠ ᠶᠢᠨ ᠴᠢᠨᠠᠷᠲᠠᠢ ᠡᠳ᠋ ᠪᠣᠳᠠᠰ ᠪᠠ ᠲᠦᠬᠦᠭᠡᠷᠦᠮᠵᠢ ᠶᠢ ᠵᠢᠭᠠᠵᠤ᠂  ᠭᠤᠤᠯᠳᠠᠭᠤ ᠪᠠᠴᠢᠮ ᠢ ᠠᠷᠭᠠᠴᠠᠬᠤ ᠡᠳ᠋ ᠪᠤᠳᠠᠰ᠂ ᠠᠮᠢᠳᠤᠷᠠᠯ ᠤᠨ ᠬᠡᠷᠡᠭᠯᠡᠭᠡᠨ ᠤ ᠪᠤᠳᠠᠰ ᠪᠠ ᠪᠠᠴᠢᠮ ᠢ ᠠᠷᠭᠠᠴᠠᠬᠤ ᠲᠦᠬᠦᠭᠡᠷᠦᠮᠵᠢ ᠭᠤᠷᠪᠠᠨ ᠶᠡᠭᠡ ᠲᠦᠷᠦᠯ ᠬᠤᠪᠢᠶᠠᠨ᠎ᠠ᠃        ᠳᠦᠷᠪᠡᠳᠦᠭᠡᠷ ᠵᠣᠷᠪᠤᠰ   ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠬᠠᠮᠢᠶᠠᠷᠤᠯᠲᠠ ᠶᠢᠨ ᠠᠵᠢᠯ ᠨᠢ ᠬᠦᠮᠦᠨ ᠢᠶᠠᠷ ᠦᠨᠳᠦᠰᠦ ᠪᠣᠯᠭᠠᠨ᠂ ᠪᠡᠯᠡᠳᠬᠡᠯ ᠰᠠᠶᠢᠲᠠᠢ ᠪᠠᠶᠢᠬᠤ ᠶᠢ ᠳᠣᠪᠤᠶᠢᠯᠭᠠᠵᠤ᠂  ᠨᠢᠭᠡᠲᠦᠯᠲᠡᠢ ᠲᠦᠯᠦᠪᠵᠢᠭᠦᠯᠦᠨ ᠵᠣᠬᠢᠴᠠᠭᠤᠯᠵᠤ᠂  ᠰᠢᠨᠵᠢᠯᠡᠬᠦ ᠤᠬᠠᠭᠠᠨᠴᠢ ᠪᠠᠷ ᠨᠦᠭᠡᠴᠡᠯᠡᠵᠦ᠂  ᠨᠢᠭᠡᠲᠦᠯᠲᠡᠢ ᠵᠢᠯᠤᠭᠤᠳᠴᠤ᠂ ᠱᠠᠲᠤ ᠬᠤᠪᠢᠶᠠᠨ ᠬᠠᠷᠢᠭᠤᠴᠠᠵᠤ᠂  ᠠᠷᠭ᠎ᠠ ᠮᠠᠶ᠋ᠢᠭ ᠢ ᠦᠷᠭᠡᠳᠬᠡᠨ᠂ ᠦᠷ᠎ᠡ ᠠᠰᠢᠭ ᠰᠠᠶᠢᠲᠤ ᠵᠠᠷᠴᠢᠮ ᠢ ᠪᠠᠷᠢᠮᠲᠠᠯᠠᠨ᠎ᠠ᠃        ᠲᠠᠪᠤᠳᠤᠭᠠᠷ ᠵᠣᠷᠪᠤᠰ    ᠬᠤᠩᠱᠠᠨ ᠲᠣᠭᠤᠷᠢᠭ ᠤᠨ ᠪᠠᠴᠢᠮ ᠢ ᠶᠡᠷᠦᠩᠬᠡᠶᠢᠯᠡᠨ ᠵᠢᠯᠤᠭᠤᠳᠬᠤ ᠲᠦᠪ ︵ᠳᠤᠷᠤᠭᠰᠢ ᠲᠣᠭᠤᠷᠢᠭ ᠤᠨ ᠶᠡᠷᠦᠩᠬᠡᠢ ᠵᠢᠯᠤᠭᠤᠳᠬᠤ ᠲᠦᠪ ᠭᠡᠵᠦ ᠲᠤᠪᠴᠢᠯᠠᠨ᠎ᠠ︶ ᠲᠣᠭᠤᠷᠢᠭ ᠤᠨ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠲᠣᠬᠢᠷᠠᠭᠤᠯᠤᠯᠲᠠ ᠶᠢᠨ ᠠᠵᠢᠯ ᠢ ᠶᠡᠷᠦᠩᠬᠡᠶᠢᠯᠡᠨ ᠵᠢᠯᠤᠭᠤᠳᠤᠨ᠎ᠠ᠃        ᠵᠢᠷᠭᠤᠳᠤᠭᠠᠷ ᠵᠣᠷᠪᠤᠰ    ᠬᠤᠩᠱᠠᠨ ᠲᠣᠭᠤᠷᠢᠭ ᠤᠨ ᠪᠠᠴᠢᠮ ᠢ ᠶᠡᠷᠦᠩᠬᠡᠶᠢᠯᠡᠨ ᠵᠢᠯᠤᠭᠤᠳᠬᠤ ᠲᠦᠪ ᠤᠨ ᠠᠯᠪᠠᠨ ᠭᠡᠷ ︵ᠳᠤᠷᠤᠭᠰᠢ ᠲᠣᠭᠤᠷᠢᠭ ᠤᠨ ᠶᠡᠷᠦᠩᠬᠡᠶᠢᠯᠡᠨ ᠵᠢᠯᠤᠭᠤᠳᠬᠤ ᠠᠯᠪᠠᠨ ᠭᠡᠷ ᠭᠡᠵᠦ ᠲᠣᠪᠴᠢᠯᠠᠨ᠎ᠠ︶ ᠨᠢ ᠲᠣᠭᠤᠷᠢᠭ ᠤᠨ ᠶᠡᠷᠦᠩᠬᠡᠢ ᠵᠢᠯᠤᠭᠤᠳᠬᠤ ᠲᠦᠪ ᠤᠨ ᠡᠳᠦᠷ ᠲᠤᠲᠤᠮ ᠤᠨ ᠠᠵᠢᠯᠯᠠᠭᠠᠨ ᠤ ᠪᠠᠶᠢᠭᠤᠯᠤᠮᠵᠢ ᠪᠠᠶᠢᠵᠤ᠂ ᠲᠣᠭᠤᠷᠢᠭ ᠤᠨ ᠪᠠᠴᠢᠮ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠳᠤ ᠲᠣᠬᠢᠷᠠᠭᠤᠯᠤᠨ᠂  ᠲᠣᠭᠤᠷᠢᠭ ᠤᠨ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠦᠭᠡᠴᠡ ᠶᠢᠨ ᠱᠠᠭᠠᠷᠳᠠᠯᠭ᠎ᠠ ᠪᠠ ᠠᠰᠢᠭᠯᠠᠯᠲᠠ ᠶᠢᠨ ᠰᠢᠢᠳᠪᠦᠷᠢ ᠶᠢ ᠳᠤᠷᠠᠳᠬᠤ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠦᠭᠡᠴᠡ ᠶᠢᠨ ᠲᠦᠯᠦᠪᠵᠢᠭᠦᠯᠭᠡ᠂ ᠲᠦᠷᠦᠯ ᠠᠩᠭᠢᠯᠠᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠬᠤ ᠶᠢ ᠬᠠᠷᠢᠭᠤᠴᠠᠨ᠎ᠠ᠃        ᠳᠤᠯᠤᠳᠤᠭᠠᠷ ᠵᠤᠷᠪᠤᠰ   ᠲᠣᠭᠤᠷᠢᠭ ᠤᠨ ᠶᠡᠷᠦᠩᠬᠡᠢ ᠵᠢᠯᠤᠭᠤᠳᠬᠤ ᠲᠦᠪ ᠤᠨ ᠭᠡᠰᠢᠭᠦᠨ ᠨᠢᠭᠡᠴᠡ ᠦᠪᠡᠷᠰᠡᠳ ᠤᠨ ᠴᠢᠳᠠᠮᠵᠢ ᠪᠠᠨ ᠦᠨᠳᠦᠰᠦᠯᠡᠨ᠂  ᠲᠤᠰᠪᠤᠷᠢ ᠲᠣᠭᠤᠷᠢᠭ ᠤᠨ ᠱᠠᠲᠤᠨ ᠤ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠡᠭᠦᠷᠭᠡ ᠶᠢ ᠬᠠᠷᠢᠭᠤᠴᠠᠬᠤ ᠶᠢᠨ ᠬᠠᠮᠲᠤ ᠤᠯᠤᠰ᠂ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠪᠠ ᠬᠤᠩᠱᠠᠨ ᠲᠣᠭᠤᠷᠢᠭ ᠤᠨ ᠲᠤᠭᠲᠠᠭᠠᠯ ᠶᠤᠰᠤᠭᠠᠷ᠂ ᠲᠤᠰ ᠠᠵᠤ ᠦᠢᠯᠡᠰ ᠤᠨ ᠰᠢᠰᠲ᠋ᠧᠮ ᠤᠨ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠳᠦᠷᠢᠮ ᠪᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃        ᠨᠠᠢᠮᠠᠳᠤᠭᠠᠷ ᠵᠤᠷᠪᠤᠰ    ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠢ ᠵᠠᠰᠠᠭ ᠤᠨ ᠣᠷᠳᠤᠨ ᠤ ᠨᠦᠭᠡᠴᠡ᠂ ᠠᠷᠠᠯᠵᠢᠶᠠᠨ ᠤ ᠦᠢᠯᠡᠰ ᠤᠨ ᠨᠦᠭᠡᠴᠡ᠂ ᠨᠡᠶᠢᠭᠡᠮ ᠤᠨ ᠨᠦᠭᠡᠴᠡ ᠵᠡᠷᠭᠡ ᠬᠡᠯᠪᠡᠷᠢ ᠪᠠᠷ ᠶᠠᠪᠤᠭᠳᠠᠭᠤᠯᠤᠨ᠎ᠠ᠃        ᠶᠢᠰᠦᠳᠦᠭᠡᠷ ᠵᠣᠷᠪᠤᠰ    ᠪᠠᠴᠢᠮ ᠢ ᠠᠷᠭᠠᠴᠠᠬᠤ ᠡᠳ᠋ ᠪᠤᠳᠠᠰ ᠢ ᠲᠣᠬᠢᠷᠠᠭᠤᠯᠬᠤ ᠨᠢ ︽ᠤᠷᠢᠳᠠᠪᠡᠷ ᠤᠶᠢᠷ᠎ᠠ ᠠᠴᠠ᠂ ᠳᠠᠷᠠᠭ᠎ᠠ ᠨᠢ ᠬᠤᠯᠠ ᠠᠴᠠ᠂ ᠤᠷᠢᠳᠠᠪᠡᠷ ᠭᠤᠤᠯ ᠢ ᠨᠢ᠂ ᠳᠠᠷᠠᠭ᠎ᠠ ᠨᠢ ᠳᠡᠳ᠋ ᠢ᠂ ᠪᠠᠴᠢᠮ ᠱᠠᠭᠠᠷᠳᠠᠯᠭ᠎ᠠ ᠶᠢ ᠬᠠᠩᠭᠠᠬᠤ︾ ᠵᠠᠷᠴᠢᠮ ᠢᠶᠠᠷ ᠶᠠᠪᠤᠭᠳᠠᠨ᠎ᠠ᠃        ᠠᠷᠪᠠᠳᠤᠭᠠᠷ ᠵᠣᠷᠪᠤᠰ    ᠪᠠᠴᠢᠮ ᠢ ᠠᠷᠭᠠᠴᠠᠬᠤ ᠡᠳ᠋ ᠪᠣᠳᠠᠰ ᠤᠨ ᠨᠦᠭᠡᠴᠡ ᠢᠯᠡᠳᠲᠡ ᠬᠦᠷᠦᠯᠴᠡᠬᠦ ᠦᠭᠡᠢ᠂ ᠨᠡᠶᠢᠭᠡᠮ ᠤᠨ ᠡᠳ᠋ ᠪᠤᠳᠠᠰ ᠢ ᠬᠤᠷᠢᠶᠠᠨ ᠲᠠᠲᠠᠪᠤᠷᠢᠯᠠᠬᠤ ᠴᠢᠬᠤᠯᠠ ᠲᠠᠢ ᠦᠶᠡᠰ᠂ ᠲᠣᠭᠤᠷᠢᠭ ᠤᠨ ᠶᠡᠷᠦᠩᠬᠡᠢ ᠵᠢᠯᠤᠭᠤᠳᠬᠤ ᠲᠦᠪ ᠤᠨ ᠵᠦᠪᠰᠢᠶᠡᠷᠡᠯ ᠢᠶᠠᠷ᠂ ︽ᠤᠷᠢᠳᠠᠪᠡᠷ ᠬᠤᠷᠢᠶᠠᠨ ᠲᠠᠲᠠᠪᠤᠷᠢᠯᠠᠵᠤ ᠳᠠᠷᠠᠭ᠎ᠠ ᠨᠢ ᠪᠤᠴᠠᠭᠠᠬᠤ᠂ ᠵᠣᠬᠢᠰᠲᠠᠢ ᠲᠦᠯᠦᠪᠦᠷᠢᠯᠡᠬᠦ︾ ᠠᠷᠭ᠎ᠠ ᠠᠪᠴᠤ᠂  ᠨᠡᠶᠢᠭᠡᠮ ᠠᠴᠠ ᠪᠠᠴᠢᠮ ᠢ ᠠᠷᠭᠠᠴᠠᠬᠤ ᠡᠳ᠋ ᠪᠤᠳᠠᠰ ᠬᠤᠷᠢᠶᠠᠨ ᠲᠠᠲᠠᠪᠤᠷᠢᠯᠠᠨ᠎ᠠ᠃        ᠠᠷᠪᠠᠨ ᠨᠢᠭᠡᠳᠦᠭᠡᠷ ᠵᠣᠷᠪᠤᠰ    ᠡᠳ᠋ ᠵᠠᠰᠠᠭ ᠤᠨ ᠲᠤᠪᠴᠢᠶ᠎ᠠ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠂  ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡᠯᠡᠬᠦ ᠴᠢᠳᠠᠮᠵᠢ ᠪᠦᠬᠦᠢ ᠰᠠᠯᠠᠭ᠎ᠠ ᠮᠦᠴᠢᠷ ᠪᠠᠴᠢᠮ ᠢ ᠠᠷᠭᠠᠴᠠᠬᠤ ᠡᠳ᠋ ᠪᠤᠳᠠᠰ ᠢ ᠨᠦᠭᠡᠴᠡᠯᠡᠬᠦ ᠵᠠᠷᠤᠳᠠᠯ ᠢ ᠪᠠᠲᠤᠯᠠᠬᠤ ᠠᠵᠢᠯ ᠢ ᠰᠠᠶᠢᠲᠤᠷ ᠬᠢᠨ᠎ᠡ᠃        ᠠᠷᠪᠠᠨ ᠬᠤᠶᠠᠳᠤᠭᠠᠷ ᠵᠣᠷᠪᠤᠰ    ᠤᠨᠴᠠᠭᠠᠢ ᠪᠠᠶᠢᠳᠠᠯ ᠳᠤᠤᠷ᠎ᠠ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠬᠡᠷᠡᠭᠰᠡᠬᠦ ᠵᠠᠷᠤᠳᠠᠯ ᠢ ᠤᠨᠴᠠᠭᠠᠢ ᠤᠴᠢᠷ ᠢ ᠤᠨᠴᠠᠭᠠᠢ ᠰᠢᠢᠳᠪᠦᠷᠢᠯᠡᠬᠦ ᠵᠠᠷᠴᠢᠮ ᠶᠤᠰᠤᠭᠠᠷ᠂ ᠵᠠᠰᠠᠭ ᠤᠨ ᠣᠷᠳᠤᠨ ᠤ ᠵᠦᠪᠰᠢᠶᠡᠷᠡᠯ ᠢᠶᠠᠷ ᠤᠷᠢᠳᠠᠪᠡᠷ ᠲᠦᠯᠦᠪᠦᠷᠢᠯᠡᠨ ᠬᠡᠷᠡᠭᠯᠡᠵᠦ᠂ ᠳᠠᠷᠠᠭ᠎ᠠ ᠨᠢ ᠬᠠᠮᠢᠶ᠎ᠠ ᠪᠦᠬᠦᠢ ᠭᠠᠷ ᠭᠦᠢᠴᠡᠳᠬᠡᠯ ᠢ ᠨᠦᠬᠦᠵᠦ ᠪᠤᠯᠤᠨ᠎ᠠ᠃        ᠠᠷᠪᠠᠨ ᠭᠤᠷᠪᠠᠳᠤᠭᠠᠷ ᠵᠣᠷᠪᠤᠰ    ᠡᠳ᠋ ᠪᠤᠳᠠᠰ ᠢ ᠨᠦᠭᠡᠴᠡᠯᠡᠬᠦ ᠡᠭᠦᠷᠭᠡ ᠪᠦᠬᠦᠢ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠨᠢ ᠡᠳ᠋ ᠪᠤᠳᠠᠰ ᠤᠨ ᠨᠦᠭᠡᠴᠡ ᠳᠤ ᠬᠠᠷᠠᠭᠠᠯᠵᠠᠭᠰᠠᠨ ᠡᠳ᠋ ᠪᠤᠳᠠᠰ ᠤᠨ ᠨᠦᠭᠡᠴᠡ ᠶᠢᠨ ᠡᠬᠡ ᠳᠠᠩᠰᠠ ᠬᠢᠨ᠎ᠡ᠃        ᠠᠷᠪᠠᠨ ᠳᠦᠷᠪᠡᠳᠦᠭᠡᠷ ᠵᠣᠷᠪᠤᠰ    ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠠᠵᠢᠯ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠬᠤᠪᠢ ᠬᠦᠮᠦᠨ ᠪᠠ ᠪᠠᠶᠢᠭᠤᠯᠭ᠎ᠠ ᠨᠢᠭᠡᠴᠡ ᠳᠤ ᠬᠠᠮᠢᠶ᠎ᠠ ᠪᠦᠬᠦᠢ ᠲᠤᠭᠲᠠᠭᠠᠯ ᠶᠤᠰᠤᠭᠠᠷ ᠬᠦᠬᠢᠭᠦᠯᠦᠨ ᠵᠤᠷᠢᠭᠵᠢᠭᠤᠯᠤᠨ᠎ᠠ᠃ ᠨᠠᠵᠠᠭᠠᠶᠢᠷᠠᠭᠰᠠᠨ ᠪᠠᠶᠢᠭᠤᠯᠭ᠎ᠠ ᠨᠢᠭᠡᠴᠡ ᠪᠠ ᠬᠦᠮᠦᠨ ᠬᠤᠪᠢ ᠶᠢ ᠳᠤᠩᠭᠤᠳᠤᠨ ᠰᠢᠢᠳᠬᠡᠵᠦ᠂ ᠬᠦᠨᠳᠦ ᠨᠤᠴᠢᠲᠠᠢ ᠪᠣᠯ ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃        ᠠᠷᠪᠠᠨ ᠲᠠᠪᠤᠳᠤᠭᠠᠷ ᠵᠣᠷᠪᠤᠰ    ᠡᠯ᠎ᠡ ᠪᠠᠯᠭᠠᠰᠤ ᠵᠡᠭᠡᠯᠢ ᠵᠢᠴᠢ ᠪᠠᠴᠢᠮ ᠢ ᠠᠷᠭᠠᠴᠠᠬᠤ ᠡᠳ᠋ ᠪᠤᠳᠠᠰ ᠢ ᠨᠦᠭᠡᠴᠡᠯᠡᠬᠦ ᠬᠠᠷᠢᠭᠤᠴᠠᠯᠭ᠎ᠠ ᠪᠦᠬᠦᠢ ᠬᠠᠮᠢᠶ᠎ᠠ ᠪᠦᠬᠦᠢ ᠰᠠᠯᠠᠭ᠎ᠠ ᠮᠦᠴᠢᠷ ︵ᠪᠠᠶᠢᠭᠤᠯᠭ᠎ᠠ︶᠂  ᠲᠤᠰ ᠳᠦᠷᠢᠮ ᠢ ᠦᠨᠳᠦᠰᠦᠯᠡᠨ᠂  ᠲᠤᠰ ᠬᠠᠷᠢᠶ᠎ᠠ ᠣᠷᠤᠨ᠂ ᠲᠤᠰ ᠰᠠᠯᠠᠭ᠎ᠠ ᠮᠦᠴᠢᠷ ᠵᠢᠴᠢ ᠪᠠᠶᠢᠭᠤᠯᠭ᠎ᠠ ᠶᠢᠨ ᠪᠤᠳᠠᠲᠠᠢ ᠲᠠᠢ ᠤᠶᠠᠯᠳᠤᠭᠤᠯᠤᠨ᠂ ᠬᠠᠷᠠᠭᠠᠯᠵᠠᠭᠰᠠᠨ ᠪᠠᠴᠢᠮ ᠢ ᠠᠷᠭᠠᠴᠠᠬᠤ ᠡᠳ᠋ ᠪᠤᠳᠠᠰ ᠤᠨ ᠨᠦᠭᠡᠴᠡ ᠶᠢᠨ ᠳᠦᠷᠢᠮ ᠢ ᠲᠤᠭᠲᠠᠭᠠᠨ᠎ᠠ᠃        ᠠᠷᠪᠠᠨ ᠵᠢᠷᠭᠤᠳᠤᠭᠠᠷ ᠵᠣᠷᠪᠤᠰ    ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号