ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ 2019 ᠤᠨ ᠤ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠤᠨ ᠤ ᠮᠡᠳᠡᠭᠦᠯᠦᠯᠲᠡ ᠶᠢᠨ ᠬᠠᠮᠢᠶ᠎ᠠ ᠪᠦᠬᠦᠢ ᠬᠡᠷᠡᠭ ᠶᠠᠪᠤᠳᠠᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020-04-02
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶᠠᠲᠤ ᠡᠯ᠎ᠡ ᠵᠦᠪᠯᠡᠯ ᠠᠯᠪᠠᠨ ᠭᠡᠷ ᠲᠣᠪᠴᠢᠶ᠎ᠠ᠄        ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠣᠷᠳᠤᠨ ᠤ ᠰᠤᠷᠠᠭ ᠵᠠᠩᠭᠢ ᠪᠣᠯᠤᠨ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠠᠯᠪᠠᠨ ᠭᠡᠷ ᠤᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠤᠨ ᠤᠨ ᠤ ᠮᠡᠳᠡᠭᠦᠯᠦᠯᠲᠡ ᠶᠢᠨ ᠬᠠᠮᠢᠶ᠎ᠠ ᠪᠦᠬᠦᠢ ᠬᠡᠷᠡᠭ ᠶᠠᠪᠤᠳᠠᠯ ᠤᠨ ᠲᠤᠬᠠᠢ ᠮᠡᠳᠡᠭᠳᠡᠯ︾ ︵ᠲᠦᠷᠦ ᠠᠯᠪᠠᠨ ᠢᠯᠡ ᠨᠡᠶᠢᠲᠡᠯᠡᠬᠦ ᠠᠯᠪᠠᠨ [ 2019] 60 ᠨᠤᠮᠧᠷᠲᠤ︶ ᠤᠨ ᠱᠠᠭᠠᠷᠳᠠᠯᠭ᠎ᠠ ᠶᠢ ᠦᠨᠳᠦᠰᠦᠯᠡᠨ ᠂ 2019 ᠤᠨ ᠤ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠤᠨ ᠤ ᠮᠡᠳᠡᠭᠦᠯᠦᠯᠲᠡ ᠶᠢᠨ ᠬᠠᠮᠢᠶ᠎ᠠ ᠪᠦᠬᠦᠢ ᠬᠡᠷᠡᠭ ᠶᠠᠪᠤᠳᠠᠯ ᠢ ᠰᠠᠶᠢᠲᠤᠷ ᠬᠢᠬᠦ ᠲᠤᠬᠠᠢ ᠮᠡᠳᠡᠭᠳᠡᠯ ᠳᠤᠤᠷᠠᠬᠢ ᠮᠡᠲᠦ᠄        ᠨᠢᠭᠡ᠂ ᠤᠨ ᠤ ᠮᠡᠳᠡᠭᠦᠯᠦᠯᠲᠡ ᠶᠢᠨ ᠠᠭᠤᠯᠭ᠎ᠠ ᠵᠢᠴᠢ ᠱᠠᠭᠠᠷᠳᠠᠯᠭ᠎ᠠ        ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶᠠᠲᠤ ᠬᠠᠮᠢᠶ᠎ᠠ ᠪᠦᠬᠦᠢ ᠪᠠᠶᠢᠭᠤᠯᠭ᠎ᠠ ︽ᠪᠦᠭᠦᠳᠡ ᠨᠠᠶᠢᠷᠠᠮᠳᠠᠬᠤ ᠳᠣᠮᠳᠠᠳᠤ ᠠᠷᠠᠳ ᠤᠯᠤᠰ ᠤᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠳᠦᠷᠢᠮ ᠲᠤᠭᠲᠠᠭᠠᠯ︾ ︵ᠲᠦᠷᠦ ᠶᠢᠨ ᠶᠠᠪᠤᠳᠠᠯ ᠤᠨ ᠬᠤᠷᠢᠶᠠᠨ ᠤ 711 ᠨᠤᠮᠧᠷᠲᠤ ᠵᠠᠷᠯᠢᠭ︶ ᠤᠨ ᠲᠤᠭᠲᠠᠭᠠᠯ ᠶᠤᠰᠤᠭᠠᠷ᠂ ᠠᠵᠢᠯ ᠢ ᠰᠢᠯᠤᠭᠤᠳᠬᠠᠬᠤ ᠪᠠ ᠲᠤᠭ᠎ᠠ ᠪᠦᠷᠢᠳᠬᠡᠯ ᠢ ᠰᠠᠶᠢᠨ ᠬᠢᠭᠰᠡᠨ ᠰᠠᠭᠤᠷᠢᠨ ᠳᠡᠭᠡᠷ᠎ᠡ᠂ ᠲᠤᠰ ᠰᠠᠯᠠᠭ᠎ᠠ ᠮᠦᠴᠢᠷ᠂ ᠲᠤᠰ ᠨᠢᠭᠡᠴᠡ ᠶᠢᠨ 2019 ᠤᠨ ᠤ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠤᠨ ᠣᠨ ᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠨᠠᠶᠢᠷᠠᠭᠤᠯᠬᠤ ᠬᠡᠷᠡᠭᠲᠡᠢ᠃        ᠬᠤᠶᠠᠷ᠂ ᠠᠵᠢᠯ ᠤᠨ ᠱᠠᠭᠠᠷᠳᠠᠯᠭ᠎ᠠ        ︵ᠨᠢᠭᠡ︶ ᠤᠳᠤᠷᠢᠳᠤᠯᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠤᠨ ᠤᠨ ᠤ ᠮᠡᠳᠡᠭᠦᠯᠦᠯᠲᠡ ᠶᠢᠨ ᠠᠭᠤᠯᠭ᠎ᠠ᠂ ᠬᠠᠮᠤᠷᠴᠤ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠤᠨ ᠤᠯᠠᠨ ᠲᠠᠯ᠎ᠠ ᠪᠣᠯ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠬᠠᠷᠠᠭᠠᠰᠤ ᠠᠴᠠ ᠲᠤᠰ ᠪᠠᠶᠢᠭᠤᠯᠭ᠎ᠠ ᠶᠢᠨ ᠠᠵᠢᠯ ᠳᠤ ᠨᠢᠭᠡᠨ ᠤᠳᠠᠭᠠᠨ ᠤ ᠰᠢᠰᠲ᠋ᠧᠮ ᠲᠠᠢ ᠰᠢᠯᠤᠭᠤᠳᠬᠠᠯ ᠪᠠ ᠪᠦᠬᠦ ᠲᠠᠯ᠎ᠠ ᠶᠢᠨ ᠮᠡᠳᠡᠭᠦᠯᠦᠯᠲᠡ ᠪᠤᠯᠤᠨ᠎ᠠ᠃ᠬᠠᠨᠳᠤᠯᠭᠠᠲᠠᠢ ᠪᠠᠷ ᠤᠳᠤᠷᠢᠳᠤᠯᠭ᠎ᠠ ᠶᠢ ᠴᠢᠩᠭᠠᠳᠬᠠᠨ᠂ ᠲᠤᠲᠤᠭᠠᠳᠤ ᠳᠠᠭᠠᠨ ᠡᠷᠴᠢᠮᠲᠡᠢ ᠵᠤᠬᠢᠴᠠᠭᠤᠯᠵᠤ᠂  ᠬᠠᠮᠢᠶ᠎ᠠ ᠪᠦᠬᠦᠢ ᠪᠠᠶᠢᠳᠠᠯ ᠪᠠ ᠲᠤᠭ᠎ᠠ ᠪᠠᠷᠢᠮᠲᠠ ᠶᠢ ᠮᠡᠳᠡᠭᠦᠯᠵᠦ ᠪᠣᠯᠬᠤ ᠶᠢ ᠪᠦᠬᠦᠨ ᠢ ᠮᠡᠳᠡᠭᠦᠯᠦᠨ᠂ ᠪᠦᠬᠦ ᠲᠠᠯ᠎ᠠ ᠶᠢᠨ ᠣᠨᠤᠪᠴᠢᠲᠠᠢ ᠪᠠᠶᠢᠬᠤ ᠶᠢ ᠪᠠᠲᠤᠯᠠᠨ᠎ᠠ᠃        ︵ᠬᠤᠶᠠᠷ︶ ᠰᠠᠭᠤᠷᠢ ᠶᠢ ᠪᠠᠲᠤᠳᠬᠠᠨ᠎ᠠ᠃ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠤᠨ ᠤᠨ ᠤ ᠮᠡᠳᠡᠭᠦᠯᠦᠯᠲᠡ ᠶᠢᠨ ᠠᠭᠤᠯᠭ᠎ᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠦᠬᠦ ᠵᠢᠯ ᠤᠨ ᠠᠵᠢᠯ ᠤᠨ ᠪᠠᠶᠢᠳᠠᠯ ᠢ ᠪᠠᠭᠲᠠᠭᠠᠨ᠎ᠠ᠃ ᠠᠵᠢᠯ ᠢ ᠡᠳᠦᠷ ᠲᠤᠲᠤᠮ ᠳᠤ ᠨᠠᠷᠢᠯᠢᠭᠵᠢᠭᠤᠯᠤᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠲᠤᠭᠲᠠᠭᠠᠯ︾ ᠤᠨ ᠳᠦᠴᠢᠨ ᠲᠠᠪᠤᠳᠤᠭᠠᠷ ᠵᠣᠷᠪᠤᠰ ᠤᠨ ᠱᠠᠭᠠᠷᠳᠠᠯᠭ᠎ᠠ ᠶᠤᠰᠤᠭᠠᠷ᠂ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠡᠷᠡᠮᠡᠯᠵᠡᠨ ᠳᠠᠩᠰᠠᠯᠠᠬᠤ᠂ ᠬᠢᠨᠠᠬᠤ᠂ ᠰᠢᠢᠳᠪᠦᠷᠢᠯᠡᠬᠦ᠂ ᠬᠠᠷᠢᠭᠤᠯᠲᠠ ᠥᠭᠬᠦ᠂ ᠨᠠᠮᠲᠠᠷᠯᠠᠬᠤ ᠵᠡᠷᠭᠡ ᠡᠯ᠎ᠡ ᠲᠦᠷᠦᠯ ᠤᠨ ᠲᠤᠲᠤᠭᠠᠳᠤ ᠳᠠᠬᠢ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂  ᠵᠢᠯ ᠤᠨ ᠡᠴᠦᠰ ᠲᠦᠪᠯᠡᠷᠡᠭᠦᠯᠦᠨ ᠠᠵᠢᠯᠯᠠᠬᠤ ᠠᠴᠠ ᠵᠠᠶᠢᠯᠠᠰᠬᠢᠨ᠎ᠠ᠃        ︵ᠭᠤᠷᠪᠠ︶ ᠬᠠᠷᠢᠭᠤᠴᠠᠯᠭ᠎ᠠ ᠶᠢ ᠲᠤᠳᠤᠷᠠᠭᠤᠯᠤᠨ᠎ᠠ᠃  ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠂ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠤᠨ ᠣᠨ ᠤ ᠮᠡᠳᠡᠭᠦᠯᠦᠯᠲᠡ ᠳᠤ ᠣᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠪᠠᠶᠢᠭᠤᠯᠭ᠎ᠠ ᠶᠢᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠤᠨ ᠪᠠᠶᠢᠭᠤᠯᠤᠮᠵᠢ ᠪᠣᠯ ᠬᠠᠤᠯᠢ ᠪᠠᠷ ᠲᠤᠭᠲᠠᠭᠠᠭᠰᠠᠨ ᠬᠠᠷᠢᠭᠤᠴᠠᠯᠭ᠎ᠠ ᠶᠢᠨ ᠭᠤᠤᠯ ᠴᠤᠭᠴᠠ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠦᠨ᠂ ᠴᠢᠨᠠᠷ ᠰᠠᠶᠢᠲᠠᠢ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠣᠨ ᠤ ᠮᠡᠳᠡᠭᠦᠯᠦᠯᠲᠡ ᠶᠢ ᠨᠠᠶᠢᠷᠠᠭᠤᠯᠬᠤ ᠬᠡᠷᠡᠭᠲᠡᠢ᠃        ᠭᠤᠷᠪᠠ᠂ ᠮᠡᠳᠡᠭᠦᠯᠬᠦ ᠴᠠᠭ ᠵᠢᠴᠢ ᠢᠯᠡ ᠨᠡᠶᠢᠲᠡᠯᠡᠬᠦ ᠠᠷᠭ᠎ᠠ        ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶᠠᠲᠤ ᠬᠠᠮᠢᠶ᠎ᠠ ᠪᠦᠬᠦᠢ ᠪᠠᠶᠢᠭᠤᠯᠭ᠎ᠠ 2019 ᠤᠨ ᠤ 1 ᠰᠠᠷ᠎ᠠ ᠶᠢᠨ 15 ᠤ ᠡᠳᠦᠷ ᠠᠴᠠ ᠡᠮᠦᠨ᠎ᠡ ᠲᠤᠰ ᠰᠠᠯᠠᠭ᠎ᠠ ᠮᠦᠴᠢᠷ᠂ ᠲᠤᠰ ᠪᠠᠶᠢᠭᠤᠯᠭ᠎ᠠ ᠶᠢᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠠᠵᠢᠯ ᠤᠨ ᠮᠡᠳᠡᠭᠦᠯᠦᠯᠲᠡ ᠶᠢᠨ ᠴᠠᠬᠢᠮ ᠬᠡᠪ ᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠢᠮᠧᠯ ᠤᠨ ᠬᠠᠶᠢᠷᠴᠠᠭ ᠲᠤ ᠶᠠᠪᠤᠭᠤᠯᠤᠭᠠᠷᠠᠢ᠃ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠪᠤᠯᠤᠩ ᠳᠤ ᠤᠨ ᠤ ᠮᠡᠳᠡᠭᠦᠯᠦᠯᠲᠡ ᠶᠢᠨ ᠲᠤᠰᠬᠠᠢ ᠪᠣᠯᠤᠩ ᠢᠶᠠᠷ ᠢᠯᠡ ᠨᠡᠶᠢᠲᠡᠯᠡᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠤᠨ ᠤ ᠮᠡᠳᠡᠭᠦᠯᠦᠯᠲᠡ ᠶᠢ ᠲᠦᠪᠯᠡᠷᠡᠭᠦᠯᠦᠨ ᠢᠯᠡᠷᠡᠭᠦᠯᠵᠦ᠂ ᠤᠯᠠᠨ ᠲᠦᠮᠡᠨ ᠤ ᠤᠩᠰᠢᠵᠤ ᠤᠶᠢᠯᠠᠭᠠᠬᠤ ᠳᠤ ᠳᠦᠭᠦᠮ ᠪᠤᠯᠭᠠᠬᠤ ᠬᠡᠷᠡᠭᠲᠡᠢ᠃        ︵ᠬᠠᠷᠢᠯᠴᠠᠬᠤ ᠬᠦᠮᠦᠨ᠄ ᠵᠣᠣ ᠶᠦᠨᠨᠠᠨ ᠹᠧᠩ᠂ ᠬᠠᠷᠢᠯᠴᠠᠬᠤ ᠤᠲᠠᠰᠤ᠄ 0476-8863677︶
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号