ᠮᠠᠨ ᠤ ᠤᠷᠤᠨ ᠤ ᠰᠤᠷᠭᠠᠭᠤᠯᠢ ᠡᠬᠢᠯᠡᠵᠤ ᠬᠢᠴᠢᠶᠡᠯᠯᠡᠬᠦ ᠴᠠᠭ ᠳᠤᠭᠳᠠᠯ᠎ᠠ
ᠨᠡᠶᠢᠲᠡᠯᠡᠭᠰᠡᠨ ᠴᠠᠭ᠄
2020-04-22
       ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠦᠪᠰᠢᠶᠡᠷᠡᠯ ᠢᠶᠠᠷ᠂ 4 ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠪᠥᠬᠦ ᠣᠷᠣᠨ ᠤ ᠠᠩᠬ᠎ᠠ ᠳᠤᠮᠳᠠᠳᠤ ᠪᠠ ᠦᠨᠳᠦᠷ ᠳᠤᠮᠳᠠᠳᠤ ᠶᠢᠨ ᠭᠤᠷᠪᠠᠳᠤᠭᠠᠷ ᠣᠨ ᠬᠢᠴᠢᠶᠡᠯᠯᠡᠭᠰᠡᠨ ᠤ ᠳᠠᠷᠠᠭᠠᠬᠢ᠂ ᠪᠤᠰᠤᠳ ᠰᠤᠷᠤᠯᠭ᠎ᠠ ᠶᠢᠨ ᠱᠠᠳᠤᠨ ᠤ ᠰᠤᠷᠭᠠᠭᠤᠯᠢ ᠡᠬᠢᠯᠡᠵᠤ ᠬᠢᠴᠢᠶᠡᠯᠯᠡᠬᠦ ᠴᠠᠭ ᠢ ᠳᠤᠤᠷᠠᠬᠢ ᠮᠡᠳᠤ ᠪᠠᠷ ᠪᠠᠶᠢᠷᠢᠯᠠᠭᠤᠯᠪᠠ᠃        ᠨᠢᠬᠡ᠂ 4 ᠰᠠᠷ᠎ᠠ ᠶᠢᠨ 23 ᠤ ᠡᠳᠤᠷ ᠠᠴᠠ ᠡᠬᠢᠯᠡᠨ᠂ ᠠᠩᠬ᠎ᠠ ᠳᠤᠮᠳᠠᠳᠤ ᠪᠠ ᠦᠨᠳᠦᠷ ᠳᠤᠮᠳᠠᠳᠤ ᠶᠢᠨ ᠨᠢᠭᠡᠳᠦᠭᠡᠷ᠂ ᠬᠤᠶᠠᠳᠤᠭᠠᠷ ᠣᠨ ᠪᠣᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠠᠶᠢᠮᠠᠭ ᠬᠤᠲᠠ ᠶᠢᠨ ᠵᠢᠯᠣᠭᠤᠳᠬᠤ ᠭᠠᠵᠠᠷ ᠠᠴᠠ ᠦᠨᠡᠯᠡᠨ ᠵᠢᠱᠢᠯᠳᠡ ᠬᠢᠵᠦ᠂ ᠪᠠᠷᠢᠮᠵᠢᠶ᠎ᠠ ᠳᠤ ᠬᠦᠷᠦᠭᠰᠡᠨ ᠪᠠᠶᠢᠪᠠᠯ ᠰᠤᠷᠭᠠᠭᠤᠯᠢ ᠴᠤᠭᠯᠠᠵᠤ ᠬᠢᠴᠢᠶᠡᠯᠯᠡᠨ᠎ᠡ᠂ ᠪᠠᠷᠢᠮᠵᠢᠶ᠎ᠠ ᠳᠤ ᠬᠦᠷᠬᠦ ᠦᠬᠡᠢ ᠪᠤᠯ ᠰᠤᠷᠭᠠᠭᠤᠯᠢ ᠡᠬᠢᠯᠡᠵᠤ ᠪᠣᠯᠬᠤ ᠦᠭᠡᠢ        ᠬᠤᠶᠠᠷ᠂ 5 ᠰᠠᠷ᠎ᠠ ᠶᠢᠨ 7 ᠤ ᠡᠳᠤᠷ ᠠᠴᠠ ᠡᠬᠢᠯᠡᠨ᠂ ᠪᠠᠭ᠎ᠠ ᠰᠤᠷᠭᠠᠭᠤᠯᠢ ᠶᠢᠨ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ ᠤ ᠪᠠᠶᠢᠳᠠᠯ ᠳᠤ ᠠᠶᠢᠮᠠᠭ ᠬᠤᠲᠠ ᠶᠢᠨ ᠵᠢᠯᠣᠭᠤᠳᠬᠤ ᠭᠠᠵᠠᠷ ᠠᠴᠠ ᠦᠨᠡᠯᠡᠨ ᠵᠢᠱᠢᠯᠳᠡ ᠬᠢᠵᠦ᠂ ᠪᠠᠷᠢᠮᠵᠢᠶ᠎ᠠ ᠳᠤ ᠬᠦᠷᠦᠭᠰᠡᠨ ᠪᠠᠶᠢᠪᠠᠯ ᠰᠤᠷᠭᠠᠭᠤᠯᠢ ᠡᠬᠢᠯᠡᠵᠤ ᠬᠢᠴᠢᠶᠡᠯᠯᠡᠨ᠎ᠡ᠂ ᠪᠠᠷᠢᠮᠵᠢᠶ᠎ᠠ ᠳᠤ ᠬᠥᠷᠬᠦ ᠥᠬᠡᠶ ᠪᠤᠯ ᠰᠤᠷᠭᠠᠭᠤᠯᠢ ᠡᠬᠢᠯᠡᠵᠤ ᠪᠣᠯᠬᠤ ᠥᠬᠡᠢ᠃ ᠪᠠᠭ᠎ᠠ ᠰᠤᠷᠭᠠᠭᠤᠯᠢ ᠶᠢᠨ ᠪᠤᠰᠤᠳ ᠣᠨ ᠪᠣᠯᠤᠨ ᠬᠡᠤᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠡᠬᠢᠯᠡᠬᠦ ᠴᠠᠭ ᠢ ᠡᠯ᠎ᠡ ᠠᠶᠢᠮᠠᠭ ᠬᠤᠲᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠳᠠᠯ ᠢ ᠦᠵᠡᠵᠦ ᠠᠰ ᠲᠤᠨᠢ ᠲᠣᠭᠲᠠᠭᠠᠨ᠎ᠠ᠃        ᠭᠤᠷᠪᠠ᠂ 5 ᠰᠠᠷ᠎ᠠ ᠶᠢᠨ 7 ᠤ ᠡᠳᠤᠷ ᠠᠴᠠ ᠡᠬᠢᠯᠡᠨ᠂ ᠦᠨᠡᠯᠡᠯᠳᠡ ᠬᠢᠬᠦ ᠪᠠᠷ ᠳᠡᠮᠵᠢᠨ ᠰᠤᠷᠭᠠᠭᠤᠯᠢ ᠡᠬᠢᠯᠡᠵᠤ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠣᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠵᠢᠩᠬᠢᠨᠢ ᠠᠩᠬᠢ᠂ ᠠᠰᠫᠢᠷᠠᠨᠲ᠂ ᠳ᠋ᠤᠺᠲ᠋ᠤᠷ ᠢ ᠪᠠᠭᠲᠠᠭᠠᠨ᠎ᠠ︶ ᠵᠢᠴᠢ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠳᠡᠰ ᠤᠨ ᠬᠢᠵᠢᠭ ᠤᠨ ᠲᠦᠭᠰᠢᠬᠦᠷᠢ ᠲᠠᠢ ᠭᠠᠵᠠᠷ ᠤᠷᠤᠨ ᠪᠠ ᠪᠤᠰᠤᠳ ᠬᠢᠯᠢ ᠶᠢᠨ ᠭᠠᠳᠠᠨ᠎ᠠ ᠠᠴᠠ ᠬᠢᠵᠢᠭ ᠤᠷᠤᠵᠤ ᠢᠷᠡᠬᠦ ᠲᠦᠭᠰᠢᠬᠦᠷᠢ ᠶᠡᠬᠡᠳᠡᠢ ᠭᠠᠵᠠᠷ ᠤᠷᠤᠨ ᠠᠴᠠ ᠰᠤᠷᠤᠭᠴᠢ ᠶᠢᠨ ᠢᠷᠡᠯᠳᠡ ᠦᠬᠡᠢ ᠶᠡᠭᠡ ᠳᠡᠬᠡᠳᠤ ᠰᠤᠷᠭᠠᠭᠤᠯᠢ ᠳᠤ ᠴᠠᠭ ᠠᠯᠤᠰᠯᠠᠵᠤ ᠬᠢᠴᠢᠶᠡᠯᠯᠡᠬᠦ ᠶᠢ ᠤᠷᠢᠳ ᠢᠶᠠᠷ ᠬᠡᠷᠡᠭᠵᠢᠬᠦᠯᠦᠨ᠎ᠡ᠃ 5 ᠰᠠᠷ᠎ᠠ ᠶᠢᠨ 13 ᠤ ᠡᠳᠤᠷ ᠠᠴᠠ ᠡᠬᠢᠯᠡᠨ᠂ ᠦᠨᠡᠯᠡᠨ ᠵᠢᠱᠢᠯᠳᠡ ᠪᠠᠷ ᠳᠡᠮᠵᠢᠨ ᠰᠤᠷᠭᠠᠭᠤᠯᠢ ᠡᠬᠢᠯᠡᠵᠤ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠶᠡᠭᠡ ᠳᠡᠭᠡᠳᠦ ᠰᠤᠷᠭᠠᠭᠤᠯᠢ ᠨᠢ ᠪᠤᠰᠤᠳ ᠣᠨ ᠤ ᠪᠠᠨ ᠬᠢᠴᠢᠶᠡᠯᠯᠡᠬᠦ ᠶᠢ ᠳᠤᠬᠢᠷᠠᠭᠤᠯᠵᠤ ᠪᠤᠯᠤᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠤ ᠰᠤᠷᠭᠠᠭᠤᠯᠢ ᠶᠢ ᠰᠤᠷᠭᠠᠨ ᠬᠥᠮᠦᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠤᠨ ᠦᠨᠡᠯᠡᠨ ᠵᠢᠱᠢᠯᠳᠡ ᠬᠢᠵᠦ᠂ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠬᠡᠳᠤ ᠰᠤᠷᠭᠠᠭᠤᠯᠢ ᠶᠢ ᠠᠶᠢᠮᠠᠭ ᠬᠤᠲᠠ ᠶᠢᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠦᠨᠡᠯᠡᠨ ᠵᠢᠱᠢᠯᠳᠡ ᠬᠢᠨ᠎ᠡ᠃        ᠳᠥᠷᠪᠡ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠨᠢ ᠲᠤᠬᠠᠶ ᠶᠢᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠪᠦᠬᠦᠨ ᠢᠶᠠᠷ ᠢᠶᠠᠨ ᠰᠤᠷᠭᠠᠭᠤᠯᠢ ᠡᠬᠢᠯᠡᠬᠦ ᠠᠴᠠ ᠡᠮᠦᠨ᠎ᠡ ᠰᠦᠯᠵᠢᠶᠡᠨ ᠤ ᠭᠠᠳᠠᠨᠠᠬᠢ ᠪᠤᠯᠪᠠᠰᠤᠷᠠᠯ ᠵᠢᠴᠢ ᠦᠢᠯᠡᠴᠢᠯᠡᠭᠡ ᠦᠷᠨᠢᠭᠦᠯᠵᠦ ᠪᠣᠯᠬᠤ ᠦᠭᠡᠢ᠃        ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠤ ︽ᠬᠢᠵᠢᠭ ᠤᠨ ᠪᠠᠶᠢᠳᠠᠯ ᠢ ᠪᠦᠳᠦᠮᠵᠢᠳᠡᠢ ᠡᠵᠡᠮᠳᠡᠬᠦ ᠠᠴᠠ ᠡᠮᠦᠨ᠎ᠡ ᠰᠤᠷᠭᠠᠭᠤᠯᠢ ᠡᠬᠢᠯᠡᠬᠦ ᠦᠭᠡᠶ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠦᠨᠳᠦᠰᠦᠨ ᠨᠥᠬᠦᠴᠡᠯ ᠪᠦᠷᠢᠯᠳᠦᠭᠰᠡᠨ ᠦᠭᠡᠶ ᠪᠣᠯ ᠰᠤᠷᠭᠠᠭᠤᠯᠢ ᠡᠬᠢᠯᠡᠬᠦ ᠦᠭᠡᠶ᠂ ᠪᠠᠭᠰᠢ ᠰᠤᠷᠤᠭᠴᠢ ᠪᠣᠯᠤᠨ ᠰᠤᠷᠭᠠᠭᠤᠯᠢ ᠶᠢᠨ ᠬᠦᠷᠢᠶᠡᠡ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ ᠳᠡᠶᠢᠯᠬᠦ ᠦᠭᠡᠶ ᠪᠣᠯ ᠰᠤᠷᠭᠠᠭᠤᠯᠢ ᠡᠬᠢᠯᠡᠬᠦ ᠦᠭᠡᠶ ᠪᠠᠶᠢᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠨ᠂ ᠰᠤᠷᠭᠠᠭᠤᠯᠢ ᠶᠢᠨ ᠰᠤᠷᠭᠠᠭᠤᠯᠢ ᠡᠬᠢᠯᠡᠵᠤ ᠬᠢᠴᠢᠶᠡᠯᠯᠡᠬᠦ ᠪᠡᠯᠡᠳᠬᠡᠯ ᠠᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠪᠠᠶᠢᠴᠠᠭᠠᠵᠤ ᠦᠨᠡᠯᠡᠨ ᠵᠢᠱᠢᠵᠦ᠂ ᠨᠥᠬᠦᠴᠡᠯ ᠳᠤ ᠬᠦᠷᠪᠠᠯ ᠰᠠᠶ᠋ᠢ ᠬᠤᠭᠤᠴᠠᠭ᠎ᠠ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠬᠦᠯᠵᠦ ᠂ ᠨᠦᠬᠦᠴᠡᠯ ᠳᠤ ᠬᠦᠷᠦᠬᠡᠳᠤᠢ ᠪᠤᠯ ᠰᠤᠷᠭᠠᠭᠤᠯᠢ ᠡᠬᠢᠯᠡᠬᠦ ᠶᠢ ᠡᠷᠡᠰ ᠵᠦᠪᠰᠢᠶᠡᠷᠡᠵᠦ ᠪᠣᠯᠬᠤ ᠦᠭᠡᠢ᠃        ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠢᠯᠢ ᠶᠢᠨ ᠭᠠᠳᠠᠨ᠎ᠠ ᠪᠠᠢᠶ᠋ᠭ᠎ᠠ ᠪᠠᠭᠰᠢ ᠰᠤᠷᠤᠭᠴᠢᠳ ᠴᠥᠮ ᠰᠤᠷᠭᠠᠭᠤᠯᠢ ᠳᠠᠭᠠᠨ ᠪᠤᠴᠠᠵᠤ ᠪᠣᠯᠬᠤ ᠦᠭᠡᠢ᠃ ᠬᠤᠪᠧᠶ ᠮᠤᠵᠢ ᠪᠣᠯᠤᠨ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠳᠡᠰ ᠤᠨ ᠬᠢᠵᠢᠭ ᠤᠨ ᠲᠦᠭᠰᠢᠬᠦᠷᠢ ᠲᠠᠢ ᠭᠠᠵᠠᠷ ᠠᠴᠠ ᠰᠤᠷᠭᠠᠭᠤᠯᠢ ᠳᠠᠭᠠᠨ ᠪᠤᠴᠠᠭᠰᠠᠨ ᠪᠠᠭᠰᠢ ᠰᠤᠷᠤᠭᠴᠢᠳ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠤᠰᠠᠭᠠᠷᠯᠠᠬᠤ ᠪᠠ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠬᠦ ᠬᠡᠷᠡᠭᠳᠡᠢ᠃ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤ ᠵᠢᠴᠢ ᠪᠤᠰᠤᠳ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠤᠷᠤᠵᠤ ᠢᠷᠡᠬᠦ ᠲᠦᠭᠰᠢᠬᠦᠷᠢ ᠶᠡᠬᠡᠳᠡᠢ ᠭᠠᠵᠠᠷ ᠤᠷᠤᠨ ᠳᠤ ᠠᠶᠢᠮᠠᠭ ᠬᠤᠳᠠ ᠶᠢᠨ ᠵᠠᠰᠠᠭ ᠤᠨ ᠤᠷᠳᠤᠨ ᠠᠴᠠ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠯᠳᠠ ᠬᠢᠵᠦ ᠪᠠᠶᠢᠭᠠᠳ ᠰᠤᠷᠭᠠᠭᠤᠯᠢ ᠡᠬᠢᠯᠡᠬᠦ ᠴᠠᠭ ᠢ ᠳᠤᠭᠳᠠᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号