ᠮᠠᠨ ᠤ ᠤᠷᠤᠨ ᠤ ᠡᠯ᠎ᠡ ᠭᠠᠵᠠᠷ ᠤᠨ ᠰᠤᠷᠭᠠᠭᠤᠯᠢ ᠨᠤᠭᠤᠳ ᠵᠠᠯᠭᠠᠭ᠎ᠠ ᠪᠠᠷ ᠬᠢᠴᠢᠶᠡᠯ ᠡᠬᠢᠯᠡᠯ᠎ᠡ
ᠨᠡᠶᠢᠲᠡᠯᠡᠭᠰᠡᠨ ᠴᠠᠭ᠄
2020/4/28
        4 ᠰᠠᠷ᠎ᠠ ᠶᠢᠨ 26 ᠤ ᠡᠳᠦᠷ ᠤᠨ ᠥᠷᠯᠥᠭᠡ ᠶᠢᠨ 7 ᠴᠠᠭ ᠤᠨ ᠦᠶ᠎ᠠ ᠪᠠᠷ ᠬᠥᠬᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠵᠠᠯᠭᠠᠭ᠎ᠠ ᠪᠠᠷ ᠰᠤᠷᠭᠠᠭᠤᠯᠢ ᠳᠠᠭᠠᠨ ᠢᠷᠡᠵᠡᠭᠡᠵᠦ᠂ ᠰᠤᠷᠭᠠᠭᠤᠯᠢ ᠶᠢᠨ ᠡᠬᠦᠳᠡᠨ ᠳᠠᠬᠢ ᠤᠯᠠᠭᠠᠨ ᠤ ᠭᠠᠳᠠᠨᠠᠬᠢ ᠪᠡᠶ᠎ᠠ ᠶᠢᠨ ᠬᠠᠯᠠᠭᠤᠨ ᠤ ᠬᠡᠮᠵᠢᠬᠦᠷ ᠢᠶᠠᠷ ᠪᠡᠶ᠎ᠠ ᠶᠢᠨ ᠳᠤᠯᠠᠭᠠᠨ ᠢᠶᠠᠨ ᠬᠡᠮᠵᠢᠬᠦᠯᠵᠦ᠂ ᠡᠮᠬᠢ ᠵᠢᠷᠤᠮ ᠲᠠᠢ ᠰᠤᠷᠭᠠᠭᠤᠯᠢ ᠶᠢᠨ ᠬᠦᠷᠢᠶᠡᠨ ᠳᠡᠭᠡᠨ ᠤᠷᠤᠵᠤ᠂ ᠠᠩᠬᠢ ᠶᠢᠨ ᠬᠡᠷ ᠤᠨ ᠡᠬᠦᠳᠡᠨ ᠳᠡᠭᠡᠨ ᠶᠠᠭᠠᠬᠢᠵᠤ ᠢᠷᠡᠭᠰᠡᠨ ᠳᠤᠬᠠᠢ ᠮᠡᠳᠡᠭᠡ ᠵᠠᠩᠬᠢ ᠪᠠᠨ ᠳᠠᠭᠯᠠᠨ ᠬᠢᠴᠢᠶᠡᠯᠯᠡᠬᠦ ᠪᠠᠷ ᠤᠷᠤᠵᠠᠭᠠᠨ᠎ᠠ᠃        ᠬᠥᠬᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ ᠤᠤᠯ ᠤᠨ ᠥᠨᠳᠥᠷ ᠳᠤᠮᠳᠠᠳᠤ ᠶᠢᠨ ᠭᠤᠷᠪᠠᠳᠤᠭᠠᠷ ᠣᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠬᠢᠴᠢᠶᠡᠯ ᠰᠡᠷᠭᠦᠭᠡᠬᠦ ᠦᠶ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶᠡᠨ ᠤ ᠰᠠᠭᠤᠷᠢᠨ ᠳᠡᠭᠡᠷ᠎ᠡ᠂ ᠨᠠᠩ ᠨᠠᠷᠢᠨ ᠨᠢᠭᠲᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤᠭᠳᠠᠭᠠᠭᠰᠠᠨ ᠪᠠᠶᠢᠯ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠰᠤᠷᠭᠠᠭᠤᠯᠢ ᠠᠴᠠ ᠪᠤᠴᠠᠵᠤ ᠢᠷᠡᠭᠰᠡᠨ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠵᠤ᠂ ᠡᠪᠡᠳᠴᠢᠨ ᠲᠠᠢ ᠪᠤᠶᠤ ᠠᠨᠠᠭᠠᠬᠤ ᠤᠬᠠᠭᠠᠨ ᠤ ᠠᠵᠢᠭᠯᠠᠯᠲᠠ ᠳᠠᠭᠤᠰᠤᠭ᠎ᠠ ᠥᠬᠡᠶ ᠬᠥᠮᠦᠰ ᠤᠨ ᠰᠤᠷᠭᠠᠭᠤᠯᠢ ᠳᠠᠭᠠᠨ ᠲᠦᠷ ᠪᠤᠴᠠᠬᠤ ᠦᠬᠡᠢ ᠶᠢ ᠱᠠᠭᠠᠷᠳᠠᠭᠰᠠᠨ ᠪᠠᠶᠢᠨ᠎ᠠ᠃ ᠠᠩᠬ᠎ᠠ ᠳᠤᠮᠳᠠᠳᠤ᠂ ᠥᠨᠳᠥᠷ ᠳᠤᠮᠳᠠᠳᠤ ᠵᠢᠴᠢ ᠪᠠᠭᠰᠢ ᠠᠵᠢᠯᠲᠠᠨ ᠤ ᠰᠤᠷᠭᠠᠭᠤᠯᠢ ᠳᠤ ᠣᠷᠣᠬᠤ ᠵᠠᠮ ᠢ ᠲᠣᠰ ᠲᠣᠰ ᠲᠤᠨᠢ ᠪᠠᠶᠢᠷᠢᠯᠠᠭᠤᠯᠪᠠ᠃ ᠬᠢᠴᠢᠶᠡᠯ ᠡᠬᠢᠯᠡᠭᠰᠡᠨ ᠠᠩᠬᠠᠨ ᠤ ᠡᠳᠦᠷ᠂ ᠰᠣᠷᠣᠭᠴᠢ ᠨᠢᠭᠡᠪᠦᠷᠢ ᠳᠤ ᠰᠤᠷᠭᠠᠭᠤᠯᠢ ᠶᠢᠨ ᠨᠠᠶᠢᠷᠠᠭᠤᠯᠤᠨ ᠬᠡᠪᠯᠡᠭᠰᠡᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠷ ᠳᠡᠪᠲᠡᠷ︾ ᠢ ᠲᠠᠷᠬᠠᠭᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠃ ᠡᠭᠦᠨ ᠠᠴᠠ ᠭᠠᠳᠠᠨ᠎ᠠ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠪᠥᠬᠦ ᠰᠤᠷᠭᠠᠭᠤᠯᠢ ᠶᠢᠨ ᠬᠡᠷ ᠨᠢ ᠬᠤᠯᠠ ᠪᠠᠶᠢᠭ᠎ᠠ 51 ᠰᠣᠷᠣᠭᠴᠢ ᠶᠢᠨ ᠦᠳᠡ ᠶᠢᠨ ᠬᠤᠭᠤᠯᠠᠨ ᠤ ᠠᠰᠠᠭᠤᠳᠠᠯ ᠢ ᠰᠢᠢᠳᠪᠦᠷᠢᠯᠡᠵᠦ ᠦᠭᠬᠦ ᠪᠠᠷ ᠲᠤᠭᠳᠠᠵᠤ᠂ ᠪᠣᠯᠭᠤᠮᠵᠢᠲᠠᠶ ᠰᠣᠩᠭᠤᠯᠲᠠ ᠪᠠᠷ ᠳᠡᠮᠵᠢᠨ ᠨᠢᠭᠡᠨ ᠬᠤᠭᠤᠯᠠ ᠬᠦᠷᠬᠡᠬᠦ ᠠᠵᠤ ᠠᠬᠤᠶᠢᠯᠠᠯ ᠢᠶᠠᠷ ᠬᠤᠭᠤᠯᠠ ᠬᠦᠷᠬᠡᠬᠡᠬᠦᠯᠬᠦ ᠪᠠᠷ ᠪᠤᠯᠪᠠ᠃ ︽ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠯᠢ ᠴᠢᠳᠠᠬᠤᠢᠢᠴᠠ ᠨᠠᠷᠢᠯᠢᠭ ᠠᠳᠬᠤᠵᠤ᠂ ᠰᠤᠷᠤᠭᠴᠢᠳ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠨ᠎ᠠ︾ ᠭᠡᠵᠦ ᠬᠥᠬᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠬᠠᠮᠢᠶᠠᠷᠤᠯᠳᠠ ᠶᠢᠨ ᠭᠠᠵᠠᠷ ᠤᠨ ᠡᠷᠬᠢᠯᠡᠭᠴᠢ ᠵᠣᠣ ᠳ᠋ᠠ ᠸᠧᠶ ᠲᠠᠨᠢᠯᠴᠠᠭᠤᠯᠤᠯ᠎ᠠ᠃        ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠨᠡᠶᠢᠲᠡᠯᠡᠵᠦ᠂ ᠨᠢᠬᠡᠨᠳᠡ ᠬᠢᠴᠢᠶᠠᠯ ᠡᠬᠢᠯᠡᠭᠰᠡᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠠᠴᠠ ᠪᠤᠰᠤᠳ ᠣᠨ ᠨᠢ 4 ᠰᠠᠷ᠎ᠠ ᠶᠢᠨ 23 ᠤ ᠡᠳᠦᠷ ᠠᠴᠠ ᠬᠢᠴᠢᠶᠡᠯ ᠡᠬᠢᠯᠡᠨ᠎ᠡ ᠭᠡᠵᠦ ᠲᠣᠳᠣᠷᠬᠠᠶ ᠲᠣᠭᠲᠠᠭᠠᠪᠠ᠃ ᠮᠡᠳᠡᠭᠳᠡᠯ ᠢ ᠣᠯᠤᠭᠰᠠᠨ ᠤ ᠳᠠᠷᠠᠭ᠎ᠠ᠂ ᠪᠥᠬᠦ ᠣᠷᠣᠨ ᠤ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠦᠳᠲᠡᠷ ᠲᠦᠷᠭᠡᠨ ᠢᠶᠠᠷ ᠰᠤᠷᠭᠠᠭᠤᠯᠢ ᠡᠬᠢᠯᠡᠵᠦ ᠬᠢᠴᠢᠶᠡᠯᠯᠡᠬᠦ ᠳᠤᠬᠠᠢ ᠵᠤᠬᠢᠶᠠᠨ ᠪᠠᠶᠢᠭᠤᠯᠤᠭᠰᠠᠨ ᠪᠠᠶᠢᠨ᠎ᠠ᠃ ᠣᠶᠢᠷ᠎ᠠ ᠶᠢᠨ ᠡᠳᠦᠷ᠂ ᠦᠨᠡᠯᠡᠨ ᠵᠢᠱᠢᠯᠳᠡ ᠬᠢᠭᠰᠡᠨ ᠤ ᠰᠠᠭᠤᠷᠢᠨ ᠳᠡᠬᠡᠷ᠎ᠡ᠂ ᠡᠯ᠎ᠡ ᠠᠶᠢᠮᠠᠭ ᠬᠤᠲᠠ ᠰᠤᠷᠭᠠᠭᠤᠯᠢ ᠡᠬᠢᠯᠡᠬᠦ ᠪᠣᠳᠠᠲᠠᠶ ᠴᠠᠭ ᠢᠶᠠᠨ ᠵᠠᠯᠭᠠᠭ᠎ᠠ ᠪᠠᠷ ᠨᠡᠶᠢᠲᠡᠯᠡᠪᠡ᠃ ᠡᠭᠦᠨ ᠳᠤ᠂ ᠬᠥᠬᠡᠬᠤᠲᠠ 4 ᠰᠠᠷ᠎ᠠ ᠶᠢᠨ 26 ᠤ ᠡᠳᠦᠷ ᠠᠩᠬ᠎ᠠ ᠳᠤᠮᠳᠠᠳᠤ᠂ ᠦᠨᠳᠦᠷ ᠳᠤᠮᠳᠠᠳᠤ ᠶᠢᠨ ᠨᠢᠬᠡᠳᠦᠬᠡᠷ ᠬᠤᠶᠠᠳᠤᠭᠠᠷ ᠣᠨ ᠬᠢᠴᠢᠶᠡᠯ ᠡᠬᠢᠯᠡᠵᠦ᠂ 5 ᠰᠠᠷ᠎ᠠ ᠶᠢᠨ 7 ᠤ ᠡᠳᠦᠷ ᠠᠴᠠ ᠪᠠᠭ᠎ᠠ ᠰᠤᠷᠭᠠᠭᠤᠯᠢ ᠶᠢᠨ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠴᠢᠶᠡᠯ ᠡᠬᠢᠯᠡᠨ᠎ᠡ ᠭᠡᠵᠦ ᠲᠣᠭᠲᠠᠭᠠᠪᠠ᠃ ᠤᠯᠠᠭᠠᠨᠬᠠᠳᠠ᠂ ᠪᠤᠭᠤᠲᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠵᠡᠷᠭᠡ ᠭᠠᠵᠠᠷ ᠴᠥᠮ 4 ᠰᠠᠷ᠎ᠠ ᠶᠢᠨ 26 ᠤ ᠡᠳᠦᠷ ᠠᠴᠠ ᠡᠬᠢᠯᠡᠨ ᠥᠨᠳᠥᠷ ᠳᠤᠮᠳᠠᠳᠤ ᠪᠠ ᠠᠩᠬ᠎ᠠ ᠳᠤᠮᠳᠠᠳᠤ ᠶᠢᠨ ᠨᠢᠬᠡ ᠬᠤᠶᠠᠳᠤᠭᠠᠷ ᠣᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠴᠢᠶᠡᠯ ᠡᠬᠢᠯᠡᠵᠦ᠂ 5 ᠰᠠᠷ᠎ᠠ ᠶᠢᠨ 7 ᠤ ᠡᠳᠦᠷ ᠠᠴᠠ ᠡᠬᠢᠯᠡᠨ ᠪᠠᠭ᠎ᠠ ᠰᠤᠷᠭᠠᠭᠤᠯᠢ ᠶᠢᠨ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ ᠬᠢᠴᠢᠶᠡᠯ ᠡᠬᠢᠯᠡᠨ᠎ᠡ ᠭᠡᠵᠦ ᠲᠣᠭᠲᠠᠭᠠᠪᠠ᠃ ᠬᠥᠯᠥᠨ ᠪᠤᠶᠢᠷ ᠬᠤᠲᠠ 5 ᠰᠠᠷ᠎ᠠ ᠶᠢᠨ 7 ᠤ ᠡᠳᠦᠷ ᠠᠴᠠ ᠡᠬᠢᠯᠡᠨ ᠥᠨᠳᠥᠷ ᠳᠤᠮᠳᠠᠳᠤ ᠠᠩᠬ᠎ᠠ ᠳᠤᠮᠳᠠᠳᠤ ᠶᠢᠨ ᠨᠢᠬᠡᠳᠦᠬᠡᠷ᠂ ᠬᠤᠶᠠᠳᠤᠭᠠᠷ ᠣᠨ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠴᠢᠶᠡᠯ ᠡᠬᠢᠯᠡᠵᠦ᠂ 5 ᠰᠠᠷ᠎ᠠ ᠶᠢᠨ 11 ᠤ ᠡᠳᠦᠷ ᠠᠴᠠ ᠡᠬᠢᠯᠡᠨ ᠪᠠᠭ᠎ᠠ ᠰᠤᠷᠭᠠᠭᠤᠯᠢ ᠶᠢᠨ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ ᠬᠢᠴᠢᠶᠡᠯ ᠰᠡᠷᠭᠦᠭᠡᠨ᠎ᠡ ᠭᠡᠵᠦ ᠲᠣᠭᠲᠠᠭᠠᠵᠠᠶ᠃        ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠵᠤ᠂ ᠪᠣᠯᠭᠤᠮᠵᠢᠲᠠᠶ ᠪᠥᠭᠡᠳ ᠢᠳᠡᠪᠬᠢᠲᠡᠶ᠂ ᠬᠢᠵᠢᠭ ᠤᠨ ᠪᠠᠶᠢᠳᠠᠯ ᠢ ᠨᠠᠷᠢᠨ ᠨᠢᠮᠪᠠᠢ ᠰᠡᠷᠭᠡᠶᠢᠯᠡᠨ ᠡᠵᠡᠮᠳᠡᠬᠦ︾ ᠱᠠᠭᠠᠷᠳᠠᠯᠭ᠎ᠠ ᠪᠠᠷ ᠪᠥᠬᠦ ᠣᠷᠣᠨ ᠤ ᠡᠯ᠎ᠡ ᠭᠠᠵᠠᠷ ᠤᠨ ᠰᠤᠷᠭᠠᠭᠤᠯᠢ ᠡᠬᠢᠯᠡᠬᠦ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号