ᠥᠪᠥᠷ ᠮᠣᠩᠭᠤᠯ ᠤᠨ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 5 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2020/4/29
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠸᠢᠴᠠᠲ ᠠᠴᠠ ᠣᠶᠢᠯᠠᠭᠠᠭᠰᠠᠨ ᠢᠶᠠᠷ᠂ 2020 ᠣᠨ ᠤ ᠪᠥᠬᠦ ᠣᠷᠣᠨ ᠤ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 5 ᠳ᠋ᠤᠭᠠᠷ ᠰᠠᠷ᠎ᠠ ᠶᠢᠨ 7 ᠤ ᠡᠳᠦᠷ ᠤᠨ 9 ᠴᠠᠭ ᠠᠴᠠ 18 ᠤ ᠡᠳᠦᠷ ᠤᠨ 18 ᠴᠠᠭ ᠪᠣᠯᠲᠠᠯ᠎ᠠ ᠶᠠᠪᠤᠭᠳᠠᠬᠤ ᠪᠣᠯᠣᠨ᠎ᠠ ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠨᠢ ᠨᠡᠷ᠎ᠡ ᠮᠡᠳᠡᠭᠦᠯᠬᠦ ᠬᠤᠭᠤᠴᠠᠭᠠᠨ ᠳᠤ ᠡᠳᠦᠷ ᠪᠦᠷᠢ ᠶᠢᠨ 7 ᠴᠠᠭ ~ 22 ᠴᠠᠭ ᠲᠤ ᠨᠡᠭᠡᠭᠡᠭᠳᠡᠬᠦ ᠪᠣᠯᠬᠤᠷ ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠪᠠᠨ ᠮᠡᠳᠡᠭᠦᠯᠬᠦ ᠬᠡᠷᠡᠭᠲᠡᠢ᠂ ᠬᠤᠭᠤᠴᠠᠭ᠎ᠠ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃          ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠳᠤ 2020 ᠣᠨ ᠤ ᠪᠥᠬᠦ ᠣᠷᠣᠨ ᠤ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ︶᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠳᠤ ᠰᠢᠯᠭᠠᠭᠤᠯᠤᠭᠴᠢᠳ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠶ᠃ ᠰᠢᠯᠭᠠᠭᠤᠯᠤᠭᠴᠢᠳ ᠲᠣᠭᠲᠠᠭᠰᠠᠨ ᠴᠠᠭ ᠲᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠤ ᠣᠷᠣᠵᠤ᠂ ︽2020 ᠣᠨ ᠤ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ︾ ᠢ ᠲᠣᠪᠴᠢᠳᠠᠨ᠂ ᠲᠣᠰ ᠬᠥᠮᠦᠨ ᠤ ᠦᠨᠳᠦᠰᠦᠨ ᠮᠡᠳᠡᠭᠡ ᠵᠠᠩᠭᠢ ᠪᠠᠨ ᠣᠨᠣᠪᠴᠢᠲᠠᠶ ᠲᠠᠭᠯᠠᠨ ᠪᠢᠴᠢᠬᠦ ᠶᠢᠨ ᠬᠠᠮᠲᠤ ᠲᠣᠰ ᠬᠥᠮᠦᠨ ᠤ ᠬᠡᠷᠡᠯ ᠵᠢᠷᠤᠭ ᠢᠶᠠᠨ ᠳᠡᠪᠰᠢᠭᠦᠯᠦᠨ᠎ᠡ᠃ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠤᠳᠠᠲᠠᠢ ᠪᠠᠨ ᠨᠤᠲᠠᠯᠠᠭᠰᠠᠨ ᠤ ᠳᠠᠷᠠᠭ᠎ᠠ᠂ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠥᠪᠡᠷᠲᠡᠭᠡᠨ ᠳᠠᠷᠤᠮᠠᠯᠯᠠᠨ᠎ᠠ᠃ ᠰᠢᠯᠭᠠᠭᠤᠯᠤᠭᠴᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠨᠤᠲᠠᠯᠠᠬᠤ ᠬᠡᠷᠡᠭᠲᠡᠶ᠃ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠦᠢᠴᠡᠳᠬᠡᠭᠰᠡᠨ ᠥᠬᠡᠶ ᠪᠤᠶᠤ ᠭᠡᠭᠡᠭᠰᠡᠨ ᠰᠢᠯᠭᠠᠭᠤᠯᠤᠭᠴᠢ ᠡᠷᠬᠡᠪᠰᠢ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠤᠷᠢᠳᠴᠢᠯᠡᠨ ᠬᠦᠷᠴᠦ ᠭᠦᠢᠴᠡᠳᠬᠡᠬᠦ ᠬᠡᠷᠡᠭᠲᠡᠶ᠃        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠮᠦᠰ ᠤᠨ ᠴᠤᠭᠯᠠᠷᠠᠬᠤ ᠶᠢ ᠪᠠᠭᠠᠰᠬᠠᠬᠤ ᠶᠢ ᠰᠠᠶᠢᠲᠤᠷ ᠪᠠᠲᠤᠯᠠᠬᠤ ᠶᠢᠨ ᠲᠥᠯᠥᠭᠡ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠠᠩᠭᠢ ᠪᠠᠷ ᠨᠢᠭᠡᠴᠢ ᠪᠣᠯᠭᠠᠨ ᠰᠤᠷᠭᠠᠭᠤᠯᠢ ᠳᠤ ᠲᠤᠰᠢᠶᠠᠵᠤ᠂ ᠰᠤᠷᠭᠠᠭᠤᠯᠢ ᠠᠴᠠ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠢᠭᠡᠳᠦᠯᠲᠡᠢ ᠲᠤᠰᠢᠶᠠᠵᠤ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠨᠣᠲᠠᠯᠠᠭᠤᠯᠤᠨ᠎ᠠ︔ ᠨᠡᠶᠢᠭᠡᠮ ᠤᠨ ᠰᠢᠯᠭᠠᠭᠤᠯᠤᠭᠴᠢᠳ ᠬᠤᠪᠢ ᠬᠥᠮᠦᠨ ᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠪᠠᠨ ᠠᠪᠴᠤ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠲᠤᠬᠠᠶ ᠶᠢᠨ ᠲᠠᠯᠠᠪᠤᠷ ᠲᠤ ᠮᠡᠳᠡᠭᠡ ᠵᠠᠩᠭᠢ ᠪᠠᠨ ᠨᠣᠲᠠᠯᠠᠭᠤᠯᠬᠤ ᠬᠡᠷᠡᠭᠲᠡᠶ᠃ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠨᠣᠲᠠᠯᠠᠭᠤᠯᠤᠭᠰᠠᠨ ᠤ ᠳᠠᠷᠠᠭ᠎ᠠ᠂ ᠰᠢᠯᠭᠠᠭᠤᠯᠤᠭᠴᠢ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ ᠦᠨᠳᠦᠰᠦᠲᠡᠨ ᠵᠡᠷᠭᠡ ᠶᠢᠨ ᠮᠡᠳᠡᠭᠡ ᠵᠠᠩᠭᠢ ᠪᠠᠨ ᠴᠥᠮ ᠥᠭᠡᠷᠡᠴᠢᠯᠡᠵᠦ ᠪᠣᠯᠬᠤ ᠥᠬᠡᠶ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号