2020 ᠣᠨ ᠤ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020/5/11
       5 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠡᠨᠡ ᠵᠢᠯ ᠤᠨ ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢᠨ ᠬᠠᠮᠤᠭ ᠤᠨ ᠶᠡᠭᠡ ᠬᠤᠪᠢᠷᠠᠯᠲᠠ ᠪᠣᠯ ᠬᠤᠲᠠ ᠶᠢᠨ ᠲᠣᠭᠤᠷᠢᠭ ᠤᠨ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠪᠠ ᠲᠠᠰᠢᠷᠠᠮ ᠢᠶᠠᠷ ᠡᠯᠰᠡᠵᠦ᠂ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠡᠬᠢᠯᠡᠯᠲᠡ ᠶᠢᠨ ᠣᠨ ᠳᠤ ︽ᠢᠯᠡ ᠪᠠᠷ ᠠᠩᠭᠢ ᠬᠤᠪᠢᠶᠠᠬᠤ︾ ᠶᠢ ᠬᠡᠷᠡᠭᠵᠢᠭᠦᠯᠬᠦ ᠶᠠᠪᠤᠳᠠᠯ ᠪᠣᠯᠤᠨ᠎ᠠ᠃        ᠣᠶᠢᠯᠠᠭᠠᠭᠰᠠᠨ ᠢᠶᠠᠷ᠂ ᠡᠨᠡ ᠵᠢᠯ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠳᠤ ᠨᠡᠷ᠎ᠡ ᠮᠡᠳᠡᠭᠦᠯᠬᠦ ᠳᠤ ᠪᠠᠨ ᠮᠥᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠠᠷᠭ᠎ᠠ ᠬᠡᠯᠪᠡᠷᠢ ᠪᠠᠷ ᠶᠠᠪᠤᠭᠳᠠᠨ᠎ᠠ᠃ ᠰᠦᠯᠵᠢᠶᠡᠨ ᠳᠡᠭᠡᠷ᠎ᠡ ᠳᠠᠩᠰᠠᠯᠠᠭᠤᠯᠬᠤ ᠪᠠ ᠮᠡᠳᠡᠭᠡ ᠵᠠᠩᠭᠢ ᠴᠤᠭᠯᠠᠭᠤᠯᠬᠤ ᠠᠵᠢᠯ 6 ᠳ᠋ᠤᠭᠠᠷ ᠰᠠᠷ᠎ᠠ ᠶᠢᠨ 1 ᠤ ᠡᠳᠦᠷ ᠠᠴᠠ 30 ᠤ ᠡᠳᠦᠷ ᠬᠦᠷᠲᠡᠯ᠎ᠡ ᠶᠠᠪᠤᠭᠳᠠᠨ᠎ᠠ᠃ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠳᠤ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ ᠳᠤ ᠭᠠᠷᠴᠤ᠂ ᠬᠠᠮᠢᠶ᠎ᠠ ᠪᠥᠬᠦᠶ ᠲᠣᠳᠣᠷᠬᠠᠶᠢᠯᠠᠯᠲᠠ ᠪᠠ ᠰᠠᠨᠠᠭᠤᠯᠤᠮᠵᠢ ᠶᠢ ᠦᠨᠳᠦᠰᠦᠯᠡᠨ᠂ ᠲᠣᠭᠲᠠᠭᠰᠠᠨ ᠴᠠᠭ ᠤᠨ ᠳᠣᠲᠣᠷ᠎ᠠ ᠭᠦᠢᠴᠡᠳᠬᠡᠨ᠎ᠡ᠃ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠭᠰᠡᠨ ᠦᠷ᠎ᠡ ᠳ᠋ᠦᠩ ᠢ 8 ᠳ᠋ᠤᠭᠠᠷ ᠰᠠᠷ᠎ᠠ ᠶᠢᠨ 15 ᠤ ᠡᠳᠦᠷ ᠠᠴᠠ ᠬᠤᠶᠢᠰᠢ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ ᠳᠤ ᠭᠠᠷᠴᠤ ᠪᠠᠶᠢᠴᠠᠭᠠᠨ ᠯᠠᠪᠯᠠᠵᠤ ᠪᠣᠯᠤᠨ᠎ᠠ᠃        ᠬᠤᠲᠠ ᠶᠢᠨ ᠲᠣᠭᠤᠷᠢᠭ ᠤᠨ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠳᠠᠯᠢ ᠠᠯᠬᠤᠮ ᠢᠶᠠᠷ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠪᠠ ᠲᠠᠰᠢᠷᠠᠮ ᠢᠶᠠᠷ ᠡᠯᠰᠡᠬᠦ ᠠᠵᠢᠯ 7 ᠳ᠋ᠤᠭᠠᠷ ᠰᠠᠷ᠎ᠠ ᠶᠢᠨ 11 ᠤ ᠡᠳᠦᠷ ᠲᠤ ᠶᠠᠪᠤᠭᠳᠠᠨ᠎ᠠ᠃ 7 ᠳ᠋ᠤᠭᠠᠷ ᠰᠠᠷ᠎ᠠ ᠶᠢᠨ 13 ᠤ ᠡᠳᠦᠷ ᠠᠴᠠ 19 ᠤ ᠡᠳᠦᠷ ᠪᠣᠯᠲᠠᠯ᠎ᠠ᠂ ᠬᠤᠲᠠ ᠶᠢᠨ ᠳᠥᠷᠪᠡᠨ ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠪᠠ ᠲᠠᠰᠢᠷᠠᠮ ᠢᠶᠠᠷ ᠡᠯᠰᠡᠭᠰᠡᠨ ᠤ ᠳᠠᠷᠠᠭᠠᠬᠢ ᠡᠯ᠎ᠡ ᠰᠤᠷᠭᠠᠭᠤᠯᠢ ᠶᠢᠨ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠶᠢ ᠦᠨᠳᠦᠰᠦᠯᠡᠨ᠂ ᠡᠯᠰᠡᠭᠳᠡᠭᠡ ᠥᠬᠡᠶ ᠰᠣᠷᠣᠭᠴᠢ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠰᠤᠷᠭᠠᠭᠤᠯᠢ ᠳᠤ ᠣᠷᠣᠭᠤᠯᠤᠨ᠎ᠠ᠃ ᠨᠢᠭᠡᠨᠲᠡ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠤᠭᠰᠠᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠠᠰᠢᠷᠠᠮ ᠢᠶᠠᠷ ᠡᠯᠰᠡᠭᠳᠡᠭᠰᠡᠨ ᠰᠤᠷᠤᠭᠴᠢᠳ ᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠴᠠ ᠣᠷᠣᠨ ᠪᠠᠶᠢᠷᠢ ᠲᠣᠬᠢᠷᠠᠭᠤᠯᠵᠤ ᠥᠭᠬᠦ ᠦᠭᠡᠢ᠃        ᠬᠤᠲᠠ ᠶᠢᠨ ᠲᠣᠭᠤᠷᠢᠭ ᠤᠨ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠳᠠᠯᠢ ᠠᠯᠬᠤᠮ ᠢᠶᠠᠷ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠪᠤᠶᠤ ᠲᠠᠰᠢᠷᠠᠮ ᠢᠶᠠᠷ ᠡᠯᠰᠡᠬᠦ ︵ᠨᠢᠭᠡᠳᠦᠯᠲᠡᠶ ᠲᠥᠯᠥᠪᠯᠡᠨ ᠰᠤᠷᠭᠠᠭᠤᠯᠢ ᠳᠤ ᠣᠷᠣᠭᠤᠯᠬᠤ ᠪᠠᠭᠲᠠᠨ᠎ᠠ︶ ᠮᠥᠷᠲᠡᠭᠡᠨ ᠡᠯᠰᠡᠭᠳᠡᠭᠰᠡᠨ ᠰᠤᠷᠭᠠᠭᠤᠯᠢ ᠳᠤ ᠵᠠᠯᠭᠠᠭ᠎ᠠ ᠪᠠᠷ ᠪᠦᠬᠦᠯᠢ 3 ᠵᠢᠯ ᠰᠤᠷᠤᠯᠴᠠᠭᠰᠠᠨ ᠰᠣᠷᠣᠭᠴᠢ ᠪᠦᠬᠦᠨ 2023 ᠣᠨ ᠤ ᠠᠩᠬ᠎ᠠ ᠳᠤᠮᠳᠠᠳᠤ ᠠᠴᠠ ᠦᠨᠳᠦᠷ ᠳᠤᠮᠳᠠᠳᠤ ᠳᠤ ᠳᠠᠪᠰᠢᠬᠤ ᠰᠢᠯᠭᠠᠯᠲᠠ ᠳᠤ ᠣᠷᠣᠯᠴᠠᠬᠤ ᠦᠶ᠎ᠡ ᠳᠤ ︽ᠬᠤᠪᠢᠶᠠᠨ ᠡᠯᠰᠡᠬᠦ︾ ᠬᠢᠷᠢ ᠬᠡᠮ ᠣᠯᠣᠨ᠎ᠠ ᠃        ᠡᠭᠦᠨ ᠠᠴᠠ ᠭᠠᠳᠠᠨ᠎ᠠ᠂ 2020 ᠣᠨ ᠳᠤ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠯᠪᠠᠨ ᠠᠴᠠ ᠡᠷᠭᠢᠯᠡᠭᠰᠡᠨ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠡᠬᠢᠯᠡᠯᠲᠡ ᠶᠢᠨ ᠣᠨ ᠳᠤ ᠴᠥᠮ ︽ᠢᠯᠡ ᠪᠠᠷ ᠠᠩᠭᠢ ᠬᠤᠪᠢᠶᠠᠬᠤ︾ ᠠᠵᠢᠯ ᠶᠠᠪᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠨᠡᠭᠡᠭᠡᠯᠲᠡ ᠶᠢᠨ ᠲᠣᠭᠤᠷᠢᠭ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠣᠪᠴᠢᠶ᠎ᠠ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠩᠭᠢ ᠬᠤᠪᠢᠶᠠᠬᠤ ᠠᠵᠢᠯ ᠢ ᠰᠤᠷᠭᠠᠭᠤᠯᠢ ᠡᠬᠢᠯᠡᠬᠦ ᠠᠴᠠ ᠡᠮᠦᠨ᠎ᠡ ᠬᠤᠶᠠᠷ ᠭᠠᠷᠠᠭ ᠤᠨ ᠳᠣᠲᠣᠷ᠎ᠠ ᠪᠡᠶᠡᠯᠡᠭᠦᠯᠦᠨ᠎ᠡ᠃ ︽ᠢᠯᠡ ᠪᠠᠷ ᠠᠩᠭᠢ ᠬᠤᠪᠢᠶᠠᠬᠤ︾ ᠺᠣᠮᠫᠢᠦ᠋ᠲ᠋ᠧᠷ ᠤᠨ ᠵᠥᠭᠡᠯᠡᠨ ᠲᠣᠨᠤᠭ ᠢ ᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠠᠴᠠ ᠬᠠᠷᠢᠭᠤᠴᠠᠨ ᠨᠢᠭᠡᠳᠦᠯᠲᠡᠶ ᠰᠤᠳᠤᠯᠤᠨ ᠨᠡᠭᠡᠭᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠨᠡᠭᠡᠭᠡᠨ ᠬᠥᠭᠵᠢᠭᠦᠯᠬᠦ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠣᠪᠴᠢᠶ᠎ᠠ ᠠᠴᠠ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠯᠲᠡ ᠳᠤ ᠣᠷᠣᠯᠴᠠᠬᠤ ᠶᠢ ᠨᠢ ᠬᠠᠷᠢᠭᠤᠴᠠᠨ᠎ᠠ᠃ ᠰᠤᠷᠭᠠᠭᠤᠯᠢ ᠠᠴᠠ ︽ᠢᠯᠡ ᠪᠠᠷ ᠠᠩᠭᠢ ᠬᠤᠪᠢᠶᠠᠭᠰᠠᠨ︾ ᠦᠷ᠎ᠡ ᠳ᠋ᠦᠩ ᠳᠤ ᠲᠣᠬᠢᠷᠠᠭᠤᠯᠤᠯᠲᠠ ᠬᠢᠬᠦ ᠪᠤᠶᠤ ᠳᠠᠭᠢᠵᠤ ᠠᠩᠭᠢ ᠪᠠᠶᠢᠭᠤᠯᠵᠤ ᠪᠣᠯᠬᠤ ᠥᠬᠡᠶ᠃ ᠰᠤᠷᠤᠭᠴᠢᠳ ᠥᠪᠡᠰᠦᠪᠡᠨ ᠠᠩᠭᠢ ᠶᠢᠨ ᠡᠷᠬᠢᠯᠡᠭᠴᠢ ᠪᠤᠶᠤ ᠬᠢᠴᠢᠶᠡᠯ ᠤᠨ ᠪᠠᠭᠰᠢ ᠪᠠᠨ ᠰᠤᠩᠭᠤᠵᠤ ᠪᠣᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号