ᠥᠪᠥᠷ ᠮᠣᠩᠭᠤᠯ ᠬᠦᠴᠢᠷᠳᠡᠯᠲᠡᠶ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠲᠤᠰᠬᠠᠶ ᠨᠥᠬᠦᠪᠥᠷᠢ ᠣᠯᠭᠤᠪᠠ
ᠨᠡᠶᠢᠲᠡᠯᠡᠭᠰᠡᠨ ᠴᠠᠭ᠄
2020/5/11
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠄ ᠰᠤᠷᠭᠠᠨ ᠬᠥᠮᠦᠵᠢᠯ ᠤᠨ ᠲᠢᠩᠬᠢᠮ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠠᠬᠢ ᠰᠤᠷᠤᠭᠴᠢᠳ ᠢ ᠵᠣᠭᠤᠰ ᠢᠶᠠᠷ ᠲᠤᠰᠠᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠤᠶᠤ ᠲᠦᠷ ᠴᠠᠭ ᠤᠨ ᠠᠮᠢᠳᠤᠷᠠᠯ ᠤᠨ ᠨᠥᠬᠦᠪᠥᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠪᠠ ᠠᠮᠢᠳᠤᠷᠠᠯ ᠢ ᠪᠥᠬᠦ ᠬᠦᠴᠦ ᠪᠠᠷ ᠢᠶᠠᠨ ᠪᠠᠲᠤᠯᠠᠬᠤ ᠶᠢ ᠠᠬᠢᠭᠤᠯᠪᠠ᠃ ᠥᠨᠥ ᠪᠣᠯᠬᠤ ᠳᠤ᠂ ᠨᠢᠭᠡᠨᠲᠡ 1.4 ᠲᠦᠮᠡ ᠭᠠᠷᠤᠶ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠣᠷᠣᠭᠴᠢ ᠳᠤ ᠰᠤᠷᠤᠯᠭ᠎ᠠ ᠶᠢᠨ ᠲᠡᠳᠬᠦᠮᠵᠢ ᠶᠢᠨ ᠲᠤᠰᠬᠠᠶ ᠨᠥᠬᠦᠪᠥᠷᠢ ᠨᠡᠶᠢᠲᠡ 454.5 ᠲᠦᠮᠡᠨ ᠲᠥᠭᠦᠷᠢᠭ ᠣᠯᠭᠤᠪᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠳ᠋ ᠤᠨ ᠵᠠᠰᠠᠭ ᠤᠨ ᠲᠢᠩᠬᠢᠮ᠂ ᠤᠯᠤᠰ ᠤᠨ ᠨᠡᠭᠡᠭᠡᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠰᠤᠷᠤᠭᠴᠢᠳ ᠢ ᠵᠣᠭᠤᠰ ᠢᠶᠠᠷ ᠲᠤᠰᠠᠯᠠᠬᠤ ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠵᠡᠷᠭᠡ ᠬᠠᠮᠢᠶ᠎ᠠ ᠪᠦᠬᠦᠢ ᠵᠣᠭᠤᠰ ᠢᠶᠠᠷ ᠲᠤᠰᠠᠯᠠᠬᠤ ᠵᠠᠷᠤᠳᠠᠯ ᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠵᠤ᠂ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠦᠨᠳᠦᠰᠦᠨ ᠰᠤᠷᠤᠯᠴᠠᠯᠭ᠎ᠠ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ᠂ ᠬᠢᠵᠢᠭ ᠤᠨ ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠲᠤ᠂ ᠰᠤᠷᠭᠠᠭᠤᠯᠢ ᠠᠴᠠ ᠰᠤᠷᠤᠯᠭ᠎ᠠ ᠶᠢᠨ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠤᠶᠤ ᠲᠦᠷ ᠴᠠᠭ ᠤᠨ ᠠᠮᠢᠳᠤᠷᠠᠯ ᠤᠨ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢ ᠠᠪᠴᠤ᠂ ᠰᠤᠷᠤᠭᠴᠢᠳ ᠤᠨ ᠬᠡᠪ ᠤᠨ ᠰᠤᠷᠤᠯᠴᠠᠯᠭ᠎ᠠ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠥᠪᠥᠷ ᠮᠣᠩᠭᠤᠯ ᠤᠨ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠰᠣᠷᠣᠭᠴᠢ ᠶᠢᠨ ᠲᠦᠷ ᠴᠠᠭ ᠤᠨ ᠬᠦᠴᠢᠷᠳᠡᠯ ᠤᠨ ᠨᠥᠬᠦᠪᠥᠷᠢ ᠭᠤᠶᠤᠴᠢᠯᠠᠬᠤ ᠲᠣᠭᠲᠠᠴᠠ ᠶᠢ ᠵᠠᠯᠭᠠᠭ᠎ᠠ ᠪᠠᠷ ᠡᠬᠢᠯᠡᠭᠦᠯᠦᠭᠰᠡᠨ ᠤ ᠬᠠᠮᠲᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠰᠤᠷᠤᠭᠴᠢᠳ ᠤᠨ ᠬᠡᠪ ᠤᠨ ᠰᠤᠷᠤᠯᠴᠠᠯᠭ᠎ᠠ ᠠᠮᠢᠳᠤᠷᠠᠯ ᠢ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号