ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2020/5/14
        5 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠱᠧᠩ ᠯᠧ ᠰᠤᠷᠭᠠᠭᠤᠯᠢ ᠶᠢᠨ ᠲᠣᠭᠤᠷᠢᠭ ᠤᠨ 406 ᠰᠤᠷᠤᠭᠴᠢᠳ ᠰᠤᠷᠭᠠᠭᠤᠯᠢ ᠳᠠᠭᠠᠨ ᠪᠤᠴᠠᠵᠤ᠂ ᠰᠤᠷᠭᠠᠭᠤᠯᠢ ᠶᠢᠨ ᠬᠦᠷᠢᠶ᠎ᠡ ᠳᠠᠬᠢᠨ ᠥᠩᠭᠡᠷᠡᠭᠰᠡᠨ ᠤ ᠠᠮᠢᠵᠢᠷᠠᠯ ᠤᠨ ᠬᠦᠴᠦᠨ ᠢᠶᠠᠨ ᠰᠡᠷᠭᠦᠭᠡᠪᠡ᠃        ᠲᠠᠨᠢᠯᠴᠠᠭᠤᠯᠤᠭᠰᠠᠨ ᠢᠶᠠᠷ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠤᠷᠭᠠᠭᠤᠯᠢ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ︽ᠬᠤᠶᠠᠷ ᠲᠦᠰᠦᠯ ᠨᠠᠢᠮᠠᠨ ᠲᠦᠷᠢᠮ︾ ᠢ ᠲᠣᠭᠲᠠᠭᠠᠨ ᠪᠦᠷᠢᠨᠰᠢᠭᠦᠯᠵᠦ᠂ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠴᠠ ᠡᠮᠦᠨ᠎ᠡ ᠬᠤᠶᠢᠨᠠᠬᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠲᠡᠭᠦᠰᠬᠦ ᠰᠣᠷᠣᠭᠴᠢ ᠶᠢᠨ ᠠᠵᠢᠯ ᠣᠯᠭᠤᠯᠲᠠ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠰᠤᠷᠭᠠᠭᠤᠯᠢ ᠶᠢᠨ ᠬᠦᠷᠢᠶ᠎ᠡ ᠶᠢ ᠬᠠᠮᠢᠶᠠᠷᠤᠨ ᠡᠵᠡᠮᠳᠡᠬᠦ ᠵᠡᠷᠭᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ ᠰᠤᠷᠭᠠᠭᠤᠯᠢ ᠶᠢᠨ ᠲᠣᠭᠤᠷᠢᠭ ᠲᠤ ᠲᠤᠰᠠᠭᠠᠷᠯᠠᠨ ᠠᠵᠢᠭᠯᠠᠬᠤ ᠲᠣᠭᠤᠷᠢᠭ ᠪᠠᠶᠢᠭᠤᠯᠵᠤ᠂ 222 ᠥᠷᠥᠭᠡ ᠲᠣᠬᠢᠷᠠᠭᠤᠯᠤᠨ᠂ ᠴᠣ ᠰᠢᠨ᠎ᠡ ᠠᠮᠢᠳᠤᠷᠠᠯ ᠤᠨ ᠬᠡᠷᠡᠭᠰᠡᠯ ᠢ ᠳᠣᠭᠢᠷᠠᠭᠤᠯᠤᠭᠰᠠᠨ ᠪᠥᠭᠡᠳ ᠪᠠᠰᠠ ᠲᠤᠰᠬᠠᠶ ᠲᠤᠰᠢᠶᠠᠯᠲᠤ ᠡᠮᠴᠢ ᠰᠤᠪᠢᠯᠠᠭᠴᠢᠳ ᠪᠠ ᠲᠤᠰᠬᠠᠶ ᠠᠮᠢᠳᠤᠷᠠᠯ ᠤᠨ ᠪᠠᠲᠤᠯᠠᠭ᠎ᠠ ᠶᠢᠨ ᠬᠥᠮᠦᠰ ᠢ ᠳᠣᠭᠢᠷᠠᠭᠤᠯᠤᠭᠰᠠᠨ ᠪᠠᠶᠢᠨ᠎ᠠ᠃        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠨᠢ ᠬᠤᠶᠠᠷ ᠰᠤᠷᠭᠠᠭᠤᠯᠢ ᠤᠨ ᠲᠣᠭᠤᠷᠢᠭ ᠬᠤᠪᠢᠶᠠᠵᠤ᠂ ᠰᠠᠶᠢᠬᠠᠨ ᠲᠣᠭᠤᠷᠢᠭ ᠲᠤ ᠪᠠᠶᠢᠭ᠎ᠠ ᠰᠤᠷᠭᠠᠭᠤᠯᠢ ᠶᠢᠨ ᠲᠣᠭᠤᠷᠢᠭ ᠤᠨ ᠰᠤᠷᠤᠭᠴᠢᠳ 16 ᠤ ᠡᠳᠦᠷ ᠰᠤᠷᠭᠠᠭᠤᠯᠢ ᠳᠤ ᠪᠠᠨ ᠪᠤᠴᠠᠬᠤ ᠪᠣᠯᠤᠨ᠎ᠠ᠃ ᠰᠤᠷᠭᠠᠭᠤᠯᠢ ᠶᠢᠨ ᠬᠦᠷᠢᠶ᠎ᠡ ᠶᠢ ᠨᠡᠩ ᠠᠮᠤᠷ ᠲᠦᠪᠰᠢᠨ ᠪᠠᠶᠢᠯᠭᠠᠬᠤ ᠶᠢᠨ ᠲᠥᠯᠥᠭᠡ᠂ ᠰᠤᠷᠭᠠᠭᠤᠯᠢ ᠶᠢᠨ ᠡᠭᠦᠳᠡᠨ ᠳᠤ ᠨᠢᠭᠡ ᠬᠥᠮᠦᠨ ᠨᠢ ᠨᠢᠭᠡ ᠨᠣᠮᠧᠷ᠂ ᠨᠢᠭᠡ ᠡᠭᠦᠳᠡᠨ ᠳᠤ ᠨᠢᠭᠡ ᠪᠠᠶᠢᠴᠠᠭᠠᠯᠲᠠ ᠬᠢᠬᠦ ᠶᠢ ᠬᠡᠷᠡᠭᠵᠢᠭᠦᠯᠪᠡ᠃ ᠬᠥᠮᠦᠨ ᠪᠦᠷᠢ ᠳᠤ ᠣᠯᠭᠤᠭᠰᠠᠨ ᠡᠷᠡᠭᠦᠯ ᠮᠡᠨᠳᠦ ᠶᠢᠨ ᠺᠣᠳ᠋ ᠢ ᠪᠣᠯ ᠰᠤᠷᠭᠠᠭᠤᠯᠢ ᠠᠴᠠ ᠲᠤᠰᠬᠠᠶᠢᠯᠠᠨ ᠲᠣᠬᠢᠷᠠᠭᠤᠯᠤᠭᠰᠠᠨ ᠶᠤᠮ᠂ ᠡᠷᠡᠭᠦᠯ ᠮᠡᠨᠳᠦ ᠶᠢᠨ ᠺᠣᠳ᠋ ᠢ 4 ᠵᠦᠢᠯ ᠤᠨ ᠥᠩᠭᠡ ᠬᠤᠪᠢᠶᠠᠵᠤ᠂ ᠲᠤᠭ᠎ᠠ ᠪᠠᠷᠢᠮᠲᠠ ᠶᠢᠨ ᠢᠷᠡᠯᠲᠡ ᠨᠢ ᠰᠤᠷᠤᠭᠴᠢᠳ ᠤᠨ ᠡᠳᠦᠷ ᠪᠦᠷᠢ ᠶᠢᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠦᠨᠳᠦᠰᠦᠯᠡᠨ ᠠᠶᠠᠨᠳᠠᠭᠠᠨ ᠪᠣᠶ ᠪᠣᠯᠤᠨ᠎ᠠ᠂ ᠰᠤᠷᠭᠠᠭᠤᠯᠢ ᠨᠢ ᠬᠢᠨᠠᠨ ᠬᠠᠷᠭᠤᠭᠤᠯᠬᠤ ᠦᠶ᠎ᠡ ᠳᠤ ᠵᠥᠪᠬᠡᠨ ᠨᠣᠭᠤᠭᠠᠨ ᠺᠣᠳ᠋ ᠲᠠᠢ ᠰᠣᠷᠣᠭᠴᠢ ᠯᠠ ᠰᠤᠷᠭᠠᠭᠤᠯᠢ ᠳᠤ ᠪᠠᠨ ᠪᠤᠴᠠᠵᠤ᠂ ᠪᠤᠰᠤᠳ ᠥᠩᠭᠡ ᠶᠢᠨ ᠺᠣᠳ᠋ ᠲᠠᠢ ᠰᠣᠷᠣᠭᠴᠢ ᠰᠤᠷᠭᠠᠭᠤᠯᠢ ᠳᠤ ᠪᠠᠨ ᠲᠦᠷ ᠪᠤᠴᠠᠵᠤ ᠪᠣᠯᠬᠤ ᠥᠬᠡᠶ ᠭᠡᠵᠦ ᠱᠠᠭᠠᠷᠳᠠᠪᠠ᠃ ᠰᠤᠷᠭᠠᠭᠤᠯᠢ ᠶᠢᠨ ᠬᠦᠷᠢᠶᠡᠨ ᠳᠤ ᠤᠷᠤᠭᠰᠠᠨ ᠤ ᠳᠠᠷᠠᠭ᠎ᠠ᠂ ᠪᠠᠶᠢᠷᠢ ᠶᠢᠨ ᠡᠭᠦᠳᠡ᠂ ᠬᠢᠴᠢᠶᠡᠯ ᠤᠨ ᠬᠡᠷ ᠤᠨ ᠡᠭᠦᠳᠡ ᠵᠡᠷᠭᠡ ᠭᠠᠵᠠᠷ ᠲᠤ ᠴᠥᠮ ᠺᠣᠳ᠋ ᠰᠢᠷᠪᠢᠬᠦ ᠲᠥᠬᠦᠭᠡᠷᠦᠮᠵᠢ ᠲᠣᠬᠢᠷᠠᠭᠤᠯᠵᠤ᠂ ᠰᠤᠷᠤᠭᠴᠢᠳ ᠡᠷᠡᠭᠦᠯ ᠮᠡᠨᠳᠦ ᠶᠢᠨ ᠺᠣᠳ᠋ ᠢᠶᠠᠷ ᠣᠷᠣᠨ᠎ᠠ᠃ ᠰᠤᠷᠭᠠᠭᠤᠯᠢ ᠶᠢᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠳᠤ ᠪᠠᠨ ᠳᠠᠷᠠᠭ᠎ᠠ ᠰᠤᠷᠤᠭᠴᠢᠳ ᠤᠨ ᠢᠳᠡᠵᠦ ᠤᠤᠭᠤᠬᠤ ᠬᠤᠨᠣᠵᠤ ᠬᠡᠪᠲᠡᠬᠦ᠂ ᠶᠠᠪᠤᠵᠤ ᠰᠠᠭᠤᠬᠤ ᠵᠡᠷᠭᠡ ᠠᠮᠤᠷ ᠲᠦᠪᠰᠢᠨ ᠤ ᠮᠡᠳᠡᠭᠡ ᠵᠠᠩᠭᠢ ᠶᠢ ᠲᠡᠮᠳᠡᠭᠯᠡᠵᠦ᠂ ᠠᠯᠢᠪᠠ ᠠᠵᠢᠯᠯᠠᠭ᠎ᠠ ᠶᠢ ᠴᠥᠮ ᠴᠢᠩᠭ᠎ᠠ ᠨᠢᠮᠪᠠᠶ ᠬᠠᠮᠢᠶᠠᠷᠤᠯᠲᠠ ᠶᠣᠰᠣᠭᠠᠷ ᠶᠠᠪᠤᠭᠳᠠᠭᠤᠯᠤᠨ᠂ ᠰᠤᠷᠤᠭᠴᠢᠳ ᠬᠡᠪ ᠤᠨ ᠪᠤᠰᠤ ᠪᠠᠶᠢᠳᠠᠯ ᠲᠠᠢ ᠪᠣᠯᠪᠠᠯ᠂ ᠰᠤᠷᠭᠠᠭᠤᠯᠢ ᠨᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠮᠤᠭ ᠲᠡᠷᠢᠭᠦᠨ ᠳᠤ ᠰᠤᠷᠤᠭᠴᠢᠳ ᠲᠤ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠪᠦᠬᠦ᠋ᠢᠯᠡ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠨᠢ ᠨᠡᠶᠢᠲᠡ 26949 ᠰᠤᠷᠤᠭᠴᠢ ᠪᠤᠢ᠂ ᠲᠥᠯᠥᠪᠯᠡᠭᠡ ᠶᠣᠰᠣᠭᠠᠷ ᠪᠣᠯ᠂ ᠥᠨᠥᠳᠦᠷ ᠨᠢᠭᠡᠳᠦᠭᠡᠷ ᠪᠦᠯᠦᠭ ᠤᠨ ᠰᠤᠷᠤᠭᠴᠢᠳ ᠰᠤᠷᠭᠠᠭᠤᠯᠢ ᠳᠤ ᠪᠠᠨ ᠪᠤᠴᠠᠵᠤ᠂ ᠵᠢᠱᠢᠯᠲᠡ ᠪᠠᠷ 5 ᠳ᠋ᠤᠭᠠᠷ ᠰᠠᠷ᠎ᠠ ᠶᠢᠨ ᠰᠡᠭᠦᠯᠴᠢ ᠠᠴᠠ 6 ᠳ᠋ᠤᠭᠠᠷ ᠰᠠᠷ᠎ᠠ ᠶᠢᠨ ᠡᠬᠢᠨ ᠤ ᠦᠶ᠎ᠡ ᠪᠠᠷ ᠲᠡᠭᠦᠰᠬᠦ ᠣᠨ ᠤ ᠰᠣᠷᠣᠭᠴᠢ ᠪᠠ ᠪᠣᠶ ᠪᠥᠬᠦᠶ ᠰᠤᠳᠤᠯᠬᠤ ᠰᠤᠷᠤᠭᠴᠢᠳ ᠰᠤᠷᠭᠠᠭᠤᠯᠢ ᠳᠤ ᠪᠠᠨ ᠪᠤᠴᠠᠬᠤ ᠶᠢ ᠨᠢ ᠲᠣᠬᠢᠷᠠᠭᠤᠯᠵᠠᠢ᠃ ᠠᠩᠭᠢ ᠪᠦᠷᠢ ᠶᠢᠨ ᠪᠤᠴᠠᠬᠤ ᠬᠥᠮᠦᠨ ᠤ ᠲᠤᠭ᠎ᠠ ᠶᠢ ᠦᠨᠳᠦᠰᠦᠯᠡᠨ᠂ ᠰᠣᠷᠣᠭᠴᠢ ᠶᠢᠨ ᠬᠢᠴᠢᠶᠡᠯ ᠣᠷᠣᠬᠤ ᠴᠠᠭ ᠢ ᠲᠣᠬᠢᠷᠠᠭᠤᠯᠬᠤ ᠪᠣᠯᠣᠨ᠎ᠠ᠂ ᠠᠩᠬ᠎ᠠ ᠠᠯᠬᠤᠮ ᠤᠨ ᠲᠥᠰᠦᠯ ᠨᠢ ᠰᠦᠯᠵᠢᠶᠡᠨ ᠭᠠᠳᠠᠨᠠᠬᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠶᠢ ᠵᠡᠷᠭᠡᠴᠡᠭᠦᠯᠬᠦ ᠬᠤᠯᠢᠮᠠᠭ ᠵᠢᠭᠠᠨ ᠰᠤᠷᠭᠠᠯᠲᠠ ᠶᠢᠨ ᠵᠠᠭᠪᠤᠷ ᠢ ᠠᠪᠴᠤ᠂ ᠵᠢᠭᠠᠨ ᠰᠤᠷᠭᠠᠯᠲᠠ ᠶᠢᠨ ᠠᠩᠭᠢ ᠨᠢᠭᠡᠪᠦᠷᠢ ᠶᠢᠨ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢᠨ ᠬᠥᠮᠦᠨ ᠤ ᠲᠤᠭ᠎ᠠ ᠶᠢ 30 ᠬᠥᠮᠦᠨ ᠢᠶᠠᠷ ᠪᠠᠷᠢᠮᠵᠢᠶ᠎ᠠ ᠪᠣᠯᠭᠠᠨ ᠲᠥᠯᠥᠪᠯᠡᠵᠦ᠂ ᠲᠣᠭᠲᠠᠭᠰᠠᠨ ᠬᠥᠮᠦᠨ ᠤ ᠲᠤᠭ᠎ᠠ ᠠᠴᠠ ᠬᠡᠲᠦᠷᠡᠭᠰᠡᠨ ᠠᠩᠭᠢ ᠳᠤ ᠳᠤᠭᠤᠶᠢᠯᠠᠩ ᠬᠤᠪᠢᠶᠠᠵᠤ ᠵᠢᠭᠠᠨ ᠰᠤᠷᠭᠠᠬᠤ ᠵᠠᠭᠪᠤᠷ ᠢ ᠬᠡᠷᠡᠭᠯᠡᠨ᠂ ᠠᠩᠭᠢ ᠳᠤ ᠪᠠᠨ ᠡᠭᠡᠯᠵᠢᠯᠡᠨ ᠬᠢᠴᠢᠶᠡᠯᠯᠡᠵᠦ᠂ ᠪᠤᠰᠤᠳ ᠰᠣᠷᠣᠭᠴᠢ ᠰᠦᠯᠵᠢᠶᠡᠨ ᠳᠡᠭᠡᠷ᠎ᠡ ᠬᠢᠴᠢᠶᠡᠯ ᠰᠣᠨᠣᠰᠣᠨ᠎ᠠ᠃ ᠰᠤᠷᠭᠠᠭᠤᠯᠢ ᠳᠤ ᠪᠠᠨ ᠬᠠᠷᠢᠭᠠᠳᠤᠢ ᠰᠤᠷᠤᠭᠴᠢᠳ ᠲᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠷᠨᠢᠭᠦᠯᠵᠦ᠂ ᠰᠤᠷᠤᠭᠴᠢ ᠨᠢᠭᠡᠪᠦᠷᠢ ᠰᠤᠷᠤᠯᠴᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠬᠦ ᠶᠢ ᠨᠢ ᠦᠨᠡᠨ ᠬᠦ ᠪᠠᠲᠤᠯᠠᠨ᠎ᠠ᠃ ᠰᠤᠷᠤᠭᠴᠢᠳ ᠲᠤ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠵᠤ᠂ ᠰᠤᠷᠭᠠᠭᠤᠯᠢ ᠶᠢᠨ ᠱᠠᠭᠠᠷᠳᠠᠯᠭ᠎ᠠ ᠶᠣᠰᠣᠭᠠᠷ᠂ ᠰᠦᠯᠵᠢᠶᠡᠨ ᠳᠡᠭᠡᠷ᠎ᠡ ᠰᠤᠷᠭᠠᠭᠤᠯᠢ ᠳᠤ ᠪᠠᠨ ᠪᠤᠴᠠᠬᠤ ᠭᠤᠶᠤᠴᠢᠯᠠᠯ ᠢᠶᠠᠨ ᠲᠠᠭᠯᠠᠵᠤ᠂ ᠬᠢᠵᠢᠭ ᠤᠨ ᠪᠠᠶᠢᠳᠠᠯ ᠬᠦᠨᠳᠦ ᠨᠣᠴᠢᠲᠠᠶ ᠬᠡᠰᠡᠭ ᠭᠠᠵᠠᠷ ᠣᠷᠣᠨ ᠤ ᠰᠤᠷᠤᠭᠴᠢᠳ ᠰᠤᠷᠭᠠᠭᠤᠯᠢ ᠳᠤ ᠪᠠᠨ ᠪᠤᠴᠠᠭᠠᠳᠤᠢ ᠪᠣᠯ ᠦᠷᠭᠦᠯᠵᠢᠯᠡᠨ ᠰᠦᠯᠵᠢᠶᠡᠨ ᠳᠡᠭᠡᠷ᠎ᠡ ᠰᠤᠷᠤᠯᠴᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号