5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020-05-18
                 ᠦᠪᠦᠷ ᠵᠠᠰᠠᠭ ᠲᠠᠷᠬᠠᠭᠠᠭᠰᠠᠨ ︹2020︺ 4 ᠳ᠋ᠦ᠋ᠭᠡᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ᠰᠦᠯᠵᠢᠶᠡᠨ ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠣᠷᠣᠨ ᠤ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠣᠭᠠᠵᠢᠯᠠᠭᠰᠠᠨ ᠠᠵᠤ ᠠᠬᠤᠶ ᠶᠢᠨ ᠬᠥᠭᠵᠢᠯᠲᠡ ᠶᠢ ᠬᠦᠴᠦᠲᠡᠶ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠮᠡᠳᠡᠭᠡ ᠵᠠᠩᠭᠢᠴᠢᠯᠠᠯᠲᠠ᠂ ᠲᠣᠭᠠᠵᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ ᠂ ᠡᠳᠦᠭᠡ ᠪᠥᠬᠦ ᠣᠷᠣᠨ ᠤ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠃        ᠨᠢᠭᠡ᠂ ᠨᠢᠭᠡᠳᠦᠯᠲᠡᠶ ᠲᠥᠯᠥᠪᠯᠡᠵᠦ ᠲᠦᠯᠦᠪᠵᠢᠬᠦᠯᠦᠨ ᠪᠠᠶᠢᠷᠢᠯᠠᠭᠤᠯᠬᠤ ᠬᠡᠷᠡᠭᠲᠡᠢ        ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ 5G ᠮᠡᠲᠦ ᠶᠢᠨ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠣᠷᠣᠨ ᠵᠠᠶ ᠶᠢᠨ ᠪᠠᠶᠢᠷᠢᠯᠠᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠤᠨ ᠲᠥᠯᠥᠪᠵᠢᠭᠦᠯᠭᠡ ᠯᠦᠭᠡ ᠪᠦᠲᠦᠮᠵᠢᠲᠡᠶ ᠵᠣᠯᠭᠠᠭᠤᠯᠬᠤ ᠬᠡᠷᠡᠭᠲᠡᠶ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠲᠥᠯᠥᠪᠵᠢᠭᠦᠯᠭᠡ ᠵᠢᠴᠢ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠪᠥᠲᠥᠭᠡᠨ ᠪᠠᠶᠢᠭᠤᠯᠬᠤ ᠪᠠᠷᠢᠮᠵᠢᠶ᠎ᠠ ᠪᠠ ᠵᠢᠷᠤᠮᠵᠢᠯ ᠶᠣᠰᠣᠭᠠᠷ᠂ ᠪᠥᠲᠥᠭᠡᠨ ᠪᠠᠶᠢᠭᠤᠯᠬᠤ ᠨᠢᠭᠡᠴᠢ ᠳᠤ ᠪᠠᠷᠢᠯᠭ᠎ᠠ ᠪᠠᠷᠢᠬᠤ ᠲᠥᠯᠥᠪᠵᠢᠭᠦᠯᠭᠡ ᠳᠤ ᠪᠠᠨ 5G ᠪᠢᠴᠢᠯ ᠥᠷᠲᠡᠭᠡ᠂ ᠬᠡᠷ ᠳᠣᠲᠣᠷᠠᠬᠢ ᠲᠠᠷᠬᠠᠯᠲᠠ ᠶᠢᠨ ᠰᠢᠰᠲ᠋ᠧᠮ ᠵᠡᠷᠭᠡ ᠪᠡᠯᠡᠳᠬᠡᠮᠵᠢ ᠶᠢᠨ ᠣᠷᠣᠨ ᠵᠠᠶ ᠦᠯᠡᠳᠡᠭᠡᠵᠦ ᠥᠭᠬᠦ ᠱᠠᠭᠠᠷᠳᠠᠯᠭ᠎ᠠ ᠲᠠᠯᠪᠢᠬᠤ ᠬᠡᠷᠡᠭᠲᠡᠢ︔ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ ᠴᠠᠬᠢᠯᠭᠠᠨ ᠬᠦᠴᠦᠨ ᠤ ᠲᠣᠤᠷ ᠰᠦᠯᠵᠢᠶᠡᠨ ᠤ ᠪᠡᠯᠡᠳᠬᠡᠮᠵᠢ ᠶᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠳᠤ ᠪᠠᠨ᠂ 5G ᠰᠠᠭᠤᠷᠢ ᠥᠷᠲᠡᠭᠡ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠵᠢᠴᠢ ᠥᠷᠲᠡᠭᠡ ᠴᠡᠭ ᠤᠨ ᠪᠠᠶᠢᠷᠢᠯᠠᠭᠤᠯᠤᠯᠲᠠ ᠶᠢᠨ ᠬᠠᠩᠭᠠᠯᠭ᠎ᠠ ᠶᠢ ᠭᠦᠢᠴᠡᠳ ᠪᠠᠶᠢᠯᠭᠠᠬᠤ ᠬᠡᠷᠡᠭᠲᠡᠶ᠃ ᠡᠯ᠎ᠡ ᠭᠠᠵᠠᠷ ᠣᠷᠣᠨ ᠨᠢ 5G ᠰᠠᠭᠤᠷᠢ ᠥᠷᠲᠡᠭᠡ ᠪᠠᠶᠢᠭᠤᠯᠬᠤ ᠭᠠᠵᠠᠷ᠂ ᠮᠠᠰᠢᠨ ᠤ ᠲᠠᠰᠤᠭ᠂ ᠭᠤᠤᠷᠰᠤ ᠤᠲᠠᠰᠤ᠂ ᠪᠠᠷᠢᠯᠭ᠎ᠠ ᠶᠢᠨ ᠣᠷᠣᠢ᠂ ᠲᠦᠬᠦᠷᠵᠢᠭᠦᠯᠦᠭᠰᠡᠨ ᠴᠠᠬᠢᠯᠭᠠᠨ ᠬᠦᠴᠦᠨ ᠵᠡᠷᠭᠡ ᠶᠢᠨ ᠪᠡᠯᠡᠳᠬᠡᠮᠵᠢ ᠶᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠤᠰᠬᠠᠶ ᠲᠥᠯᠥᠪᠵᠢᠭᠦᠯᠭᠡ ᠳᠤ ᠣᠷᠣᠭᠤᠯᠵᠤ᠂ ᠭᠠᠵᠠᠷ ᠬᠡᠷᠡᠭᠯᠡᠬᠦ ᠶᠢᠨ ᠵᠣᠬᠢᠬᠤ ᠬᠡᠷᠡᠭᠴᠡᠭᠡ ᠱᠠᠭᠠᠷᠳᠠᠯᠭ᠎ᠠ ᠶᠢ ᠭᠠᠵᠠᠷ ᠰᠢᠷᠣᠶ ᠠᠰᠢᠭᠯᠠᠬᠤ ᠣᠨ ᠤ ᠲᠥᠯᠥᠪᠯᠡᠭᠡ ᠳᠤ ᠣᠷᠣᠭᠤᠯᠬᠤ ᠶᠢᠨ ᠬᠠᠮᠲᠤ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠱᠠᠭᠠᠷᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃ ᠡᠯ᠎ᠡ ᠭᠠᠵᠠᠷ ᠣᠷᠣᠨ ᠨᠢ ᠤᠶᠤᠨᠲᠤ ᠱᠣᠩ ᠢ ᠨᠢᠭᠡᠳᠦᠯᠲᠡᠶ ᠲᠥᠯᠥᠪᠵᠢᠭᠦᠯᠬᠦ ᠠᠵᠢᠯ ᠢᠶᠠᠨ ᠰᠠᠶᠢᠲᠤᠷ ᠬᠢᠵᠦ᠂ ᠮᠡᠷᠭᠡᠵᠢᠯ ᠤᠨ ᠠᠰᠠᠭᠤᠳᠠᠯ ᠢ ᠲᠣᠬᠢᠷᠠᠮᠵᠢᠲᠠᠢ ᠰᠢᠢᠳᠪᠦᠷᠢᠯᠡᠭᠰᠡᠨ ᠤᠷᠢᠲᠠᠯ ᠳᠣᠤᠷ᠎ᠠ ᠬᠤᠲᠠ ᠶᠢᠨ ᠤᠶᠤᠨᠲᠤ ᠱᠣᠩ ᠤᠨ ︽ᠨᠢᠭᠡ ᠱᠤᠩ ᠢ ᠣᠯᠠᠨ ᠬᠡᠷᠡᠭᠴᠡᠭᠡ ᠲᠠᠢ ᠪᠣᠯᠭᠠᠬᠤ︾ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠣᠪᠣᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶        ᠬᠤᠶᠠᠷ᠂ ᠨᠡᠶᠢᠭᠡᠮ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠴᠢᠯᠥᠭᠡᠲᠡᠶ ᠪᠠᠶᠢᠯᠭᠠᠬᠤ ᠬᠡᠷᠡᠭᠲᠡᠢ        ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠣᠯᠠᠨ ᠨᠡᠶᠢᠲᠡ ᠶᠢᠨ ᠪᠠᠶᠢᠭᠤᠯᠤᠮᠵᠢ ᠳᠤ ᠬᠠᠷᠢᠶᠠᠯᠠᠭᠳᠠᠬᠤ ᠣᠷᠣᠨ ᠪᠦᠰᠡ᠂ ᠬᠠᠷᠢᠶᠠᠯᠠᠭᠳᠠᠬᠤ ᠪᠠᠷᠢᠯᠭ᠎ᠠ᠂ ᠬᠤᠲᠠ ᠶᠢᠨ ᠶᠠᠪᠤᠳᠠᠯ ᠤᠨ ᠵᠦᠯᠭᠡ ᠭᠠᠵᠠᠷ᠂ ᠴᠢᠮᠡᠭᠯᠡᠯ ᠴᠡᠴᠡᠷᠯᠢᠭ᠂ ᠴᠡᠴᠡᠷᠯᠢᠭ᠂ ᠠᠭᠤᠳᠠᠮ ᠲᠠᠯᠠᠪᠠᠶ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ ᠭᠠᠵᠠᠷ᠂ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ᠂ ᠦᠵᠡᠰᠬᠦᠯᠡᠩ ᠤᠨ ᠣᠷᠳᠣᠨ᠂ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ᠂ ᠵᠠᠰᠠᠮᠠᠯ ᠵᠠᠮ᠂ ᠲᠡᠮᠦᠷ ᠵᠠᠮ᠂ ᠬᠥᠭᠦᠷᠭᠡ᠂ ᠨᠦᠬᠡᠨ ᠵᠠᠮ᠂ ᠭᠠᠵᠠᠷ ᠳᠣᠤᠷᠠᠬᠢ ᠲᠡᠮᠦᠷ ᠵᠠᠮ᠂ ᠬᠤᠲᠠ ᠶᠢᠨ ᠵᠠᠮ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠢᠴᠢ ᠵᠠᠮ ᠤᠨ ᠳ᠋ᠧᠩ ᠤᠨ ᠱᠣᠩ᠂ ᠳᠣᠲᠣᠭᠠᠳᠤ ᠶᠢ ᠬᠠᠮᠠᠭᠠᠯᠠᠬᠤ ᠶᠢᠨ ᠭᠡᠲᠡᠭᠦᠯ ᠤᠨ ᠱᠣᠩ᠂ ᠬᠤᠲᠠ ᠶᠢᠨ ᠬᠠᠮᠢᠶᠠᠷᠤᠯᠲᠠ ᠶᠢᠨ ᠭᠡᠲᠡᠭᠦᠯ ᠤᠨ ᠱᠣᠩ᠂ ᠵᠠᠮ ᠤᠨ ᠵᠢᠭᠠᠯᠲᠠ ᠫᠠᠶᠢᠰᠠ᠂ ᠵᠠᠷ ᠤᠨ ᠫᠠᠶᠢᠰᠠ᠂ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠤ ᠵᠣᠭᠰᠣᠭᠠᠯ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠪᠠ ᠲᠠᠯᠠᠪᠤᠷ ᠭᠠᠵᠠᠷ ᠲᠤ 5G ᠰᠠᠭᠤᠷᠢ ᠥᠷᠲᠡᠭᠡ ᠶᠢ ᠦᠨ᠎ᠡ ᠲᠥᠯᠥᠪᠦᠷᠢ ᠦᠭᠡᠢ ᠪᠠᠷ ᠴᠢᠯᠦᠭᠡᠲᠡᠢ ᠲᠠᠯᠪᠢᠬᠤ ᠬᠡᠷᠡᠭᠲᠡᠢ᠃ ᠳᠤᠮᠳᠠᠳᠤ ᠤᠯᠤᠰ ᠤᠨ ᠲᠡᠮᠦᠷ ᠰᠤᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠠᠵᠢᠯ ᠲᠥᠷᠥᠯ ᠤᠨ 5G ᠰᠠᠭᠤᠷᠢ ᠥᠷᠲᠡᠭᠡ ᠪᠥᠲᠥᠭᠡᠨ ᠪᠠᠶᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ᠂ ᠣᠯᠠᠨ ᠨᠡᠶᠢᠲᠡ ᠶᠢᠨ ᠪᠡᠯᠡᠳᠬᠡᠮᠵᠢ ᠵᠢᠴᠢ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠨᠢᠭᠡᠳᠦᠯᠲᠡᠶ ᠵᠣᠯᠭᠠᠯᠳᠤᠭᠤᠯᠵᠤ ᠡᠬᠢ ᠪᠠᠶᠠᠯᠢᠭ ᠢ ᠴᠢᠯᠦᠭᠡᠲᠡᠢ ᠪᠠᠶᠢᠯᠭᠠᠬᠤ ᠬᠡᠷᠡᠭᠲᠡᠶ︔ ᠣᠯᠠᠨ ᠨᠡᠶᠢᠲᠡ ᠶᠢᠨ ᠪᠡᠯᠡᠳᠬᠡᠮᠵᠢ ᠵᠢᠴᠢ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠭᠤᠷᠢ ᠥᠷᠲᠡᠭᠡ ᠪᠠᠶᠢᠭᠤᠯᠬᠤ ᠭᠠᠵᠠᠷ᠂ ᠴᠢᠮᠡᠭᠡ ᠬᠤᠯᠪᠣᠭᠠᠨ ᠤ ᠮᠠᠰᠢᠨ ᠤ ᠲᠠᠰᠤᠭ᠂ ᠭᠤᠤᠷᠰᠤ ᠬᠤᠭᠤᠯᠠᠶ ᠶᠢᠨ ᠤᠲᠠᠰᠤ ᠵᠢᠴᠢ ᠴᠠᠬᠢᠯᠭᠠᠨ ᠬᠦᠴᠦᠨ ᠤ ᠵᠡᠷᠭᠡ ᠲᠦᠬᠦᠷᠵᠢᠭᠦᠯᠬᠦ ᠪᠡᠯᠡᠳᠬᠡᠮᠵᠢ ᠶᠢᠨ ᠪᠠᠶᠢᠭᠤᠯᠬᠤ ᠭᠠᠵᠠᠷ ᠢ ᠵᠣᠬᠢᠴᠠᠭᠤᠯᠤᠨ ᠳᠣᠭᠢᠷᠠᠭᠤᠯᠵᠤ᠂ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠮᠵᠢᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶        ᠭᠤᠷᠪᠠ᠂ ᠬᠤᠳᠠᠯᠳᠤᠭ᠎ᠠ ᠳᠡᠯᠭᠡᠭᠦᠷ ᠤᠨ ᠪᠠᠷᠢᠯᠭ᠎ᠠ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠴᠢᠯᠦᠭᠡᠲᠡᠢ ᠪᠠᠶᠢᠯᠭᠠᠬᠤ ᠬᠡᠷᠡᠭᠲᠡᠢ        ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠭᠡᠷ ᠪᠠᠶᠢᠰᠢᠩ ᠤᠨ ᠪᠠᠷᠢᠯᠭ᠎ᠠ ᠳᠤ 5G ᠮᠡᠲᠦ ᠶᠢᠨ ᠴᠢᠮᠡᠭᠡ ᠬᠤᠯᠪᠣᠭᠠᠨ ᠤ ᠲᠣᠤᠷ ᠰᠦᠯᠵᠢᠶᠡᠨ ᠤ ᠪᠡᠯᠡᠳᠬᠡᠮᠵᠢ ᠶᠢ ᠵᠢᠷᠤᠭᠯᠠᠨ ᠲᠥᠯᠥᠪᠯᠡᠬᠦ᠂ ᠪᠠᠷᠢᠵᠤ ᠪᠠᠶᠢᠭᠤᠯᠬᠤ ᠪᠠ ᠰᠢᠯᠭᠠᠵᠤ ᠬᠤᠷᠢᠶᠠᠨ ᠠᠪᠬᠤ ᠭᠤᠭᠴᠤᠭ᠎ᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ 5G ᠮᠡᠲᠦ ᠶᠢᠨ ᠴᠢᠮᠡᠭᠡ ᠬᠤᠯᠪᠣᠭᠠᠨ ᠤ ᠲᠣᠤᠷ ᠰᠦᠯᠵᠢᠶᠡᠨ ᠤ ᠪᠡᠯᠡᠳᠬᠡᠮᠵᠢ ᠶᠢᠨ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠣᠷᠣᠨ ᠪᠠᠶᠢᠷᠢ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠲᠦᠬᠦᠭᠡᠷᠦᠮᠵᠢ ᠶᠢ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ ᠤᠨ ᠬᠢᠨ ᠬᠠᠤᠯᠢ ᠪᠠ ᠲᠣᠭᠲᠠᠭᠠᠯ ᠶᠣᠰᠣᠭᠠᠷ ᠵᠦᠶ ᠵᠣᠬᠢᠰᠲᠠᠶ ᠬᠡᠷᠡᠭᠯᠡᠨ 5G ᠰᠠᠭᠤᠷᠢ ᠥᠷᠲᠡᠭᠡ ᠪᠠᠶᠢᠭᠤᠯᠬᠤ ᠶᠢ ᠪᠠᠲᠤᠯᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ 5G ᠤᠨ ᠲᠠᠯᠠᠪᠤᠷ ᠲᠤ ᠣᠷᠣᠬᠤ ᠰᠦᠢᠳᠬᠡᠯ᠂ ᠵᠠᠯᠭᠠᠵᠤ ᠣᠷᠣᠭᠤᠯᠬᠤ ᠰᠦᠢᠳᠬᠡᠯ᠂ ᠵᠣᠬᠢᠴᠠᠭᠤᠯᠬᠤ ᠰᠦᠢᠳᠬᠡᠯ᠂ ᠬᠤᠪᠢᠶᠠᠨ ᠨᠣᠭᠳᠠᠭᠤᠯᠬᠤ ᠰᠦᠢᠳᠬᠡᠯ᠂ ᠲᠠᠯᠠᠪᠤᠷ ᠲᠦᠷᠢᠶᠡᠰᠦᠯᠡᠬᠦ ᠰᠦᠢᠳᠬᠡᠯ ᠵᠡᠷᠭᠡ ᠵᠣᠬᠢᠰ ᠥᠬᠡᠶ ᠰᠦᠢᠳᠬᠡᠯ ᠬᠤᠷᠢᠶᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶        ᠲᠦᠷᠪᠡ᠂ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ        ᠰᠢᠨ᠎ᠡ ᠪᠠᠷ ᠪᠠᠶᠢᠭᠤᠯᠤᠭᠰᠠᠨ᠂ ᠳᠡᠰ ᠳᠡᠪᠰᠢᠭᠦᠯᠵᠦ ᠥᠭᠡᠷᠡᠴᠢᠯᠡᠭᠰᠡᠨ 5G ᠰᠠᠭᠤᠷᠢ ᠥᠷᠲᠡᠭᠡ ᠵᠢᠴᠢ ᠲᠦᠬᠦᠷᠵᠢᠭᠦᠯᠦᠭᠰᠡᠨ ᠮᠠᠰᠢᠨ ᠤ ᠲᠠᠰᠤᠭ᠂ ᠭᠤᠤᠯᠯᠠᠬᠤ ᠵᠠᠩᠭᠢᠯᠠᠭ᠎ᠠ ᠶᠢᠨ ᠮᠠᠰᠢᠨ ᠤ ᠲᠠᠰᠤᠭ ᠵᠡᠷᠭᠡ ᠪᠡᠯᠡᠳᠬᠡᠮᠵᠢ ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠬᠦᠴᠦᠨ ᠤ ᠲᠣᠤᠷ ᠤᠨ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠴᠠᠬᠢᠯᠭᠠᠨ ᠬᠡᠷᠡᠭᠯᠡᠬᠦ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠲᠣᠤᠷ ᠤᠨ ᠺᠣᠮᠫᠠᠨᠢ ᠳᠤ ᠤᠯᠤᠰ ᠠᠴᠠ ᠲᠣᠮᠣ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠦᠨ᠎ᠡ ᠶᠢ ᠬᠡᠷᠡᠭᠵᠢᠭᠦᠯᠬᠦ ᠬᠡᠷᠡᠭᠲᠡᠶ᠃ ᠡᠨᠡ ᠬᠦ ᠰᠠᠭᠤᠷᠢᠨ ᠳᠡᠭᠡᠷ᠎ᠡ᠂ 5G ᠰᠠᠭᠤᠷᠢ ᠥᠷᠲᠡᠭᠡ ᠵᠢᠴᠢ ᠲᠦᠬᠦᠷᠵᠢᠭᠦᠯᠦᠭᠰᠡᠨ ᠮᠠᠰᠢᠨ ᠤ ᠲᠠᠰᠤᠭ᠂ ᠭᠤᠣᠯᠯᠠᠬᠤ ᠵᠠᠩᠭᠢᠯᠠᠭ᠎ᠠ ᠶᠢᠨ ᠮᠠᠰᠢᠨ ᠤ ᠲᠠᠰᠤᠭ ᠵᠡᠷᠭᠡ ᠪᠡᠯᠡᠳᠬᠡᠮᠵᠢ ᠳᠤ ᠴᠠᠬᠢᠯᠭᠠᠨ ᠬᠡᠷᠡᠭᠯᠡᠬᠦ ᠪᠠᠷ ᠪᠣᠯᠪᠠᠯ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠤᠯᠠᠮ ᠨᠢᠭᠡ ᠠᠯᠬᠤᠮ ᠣᠷᠤᠯᠴᠠᠭᠤᠯᠵᠤ ᠪᠣᠯᠣᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶        ᠲᠠᠪᠤ᠂ ︽ᠨᠢᠭᠡ ᠥᠷᠲᠡᠭᠡ ᠳᠤ ᠨᠢᠭᠡ ᠴᠠᠬᠢᠯᠭᠠᠨ ᠬᠡᠮᠵᠢᠭᠦᠷ ᠲᠠᠢ ᠪᠠᠶᠢᠯᠭᠠᠵᠤ︾ ᠰᠢᠭᠤᠳ ᠴᠠᠬᠢᠯᠭᠠᠨ ᠬᠠᠩᠭᠠᠬᠤ ᠠᠷᠭ᠎ᠠ ᠮᠠᠶ᠋ᠢᠭ ᠢ ᠠᠬᠢᠭᠤᠯᠬᠤ ᠬᠡᠷᠡᠭᠲᠡᠢ        ᠰᠢᠨ᠎ᠡ ᠪᠠᠷ ᠪᠠᠶᠢᠭᠤᠯᠤᠭᠰᠠᠨ 5G ᠰᠠᠭᠤᠷᠢ ᠥᠷᠲᠡᠭᠡ ᠵᠢᠴᠢ ᠮᠠᠰᠢᠨ ᠤ ᠲᠠᠰᠤᠭ ᠵᠡᠷᠭᠡ ᠲᠦᠬᠦᠷᠵᠢᠭᠦᠯᠦᠭᠰᠡᠨ ᠪᠡᠯᠡᠳᠬᠡᠮᠵᠢ ᠳᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ ︽ᠨᠢᠭᠡ ᠥᠷᠲᠡᠭᠡ ᠳᠤ ᠨᠢᠭᠡ ᠴᠠᠬᠢᠯᠭᠠᠨ ᠬᠡᠮᠵᠢᠭᠦᠷ ᠲᠠᠢ ᠪᠠᠶᠢᠯᠭᠠᠵᠤ︾ ᠰᠢᠭᠤᠳ ᠴᠠᠬᠢᠯᠭᠠᠨ ᠬᠠᠩᠭᠠᠬᠤ᠂ ᠰᠢᠭᠤᠳ ᠰᠦᠢᠳᠬᠡᠯ ᠬᠤᠷᠢᠶᠠᠬᠤ ᠶᠢ ᠬᠡᠷᠡᠭᠵᠢᠭᠦᠯᠬᠦ ᠬᠡᠷᠡᠭᠲᠡᠶ᠃ ᠳᠡᠰ ᠳᠡᠪᠰᠢᠭᠦᠯᠦᠨ ᠦᠭᠡᠷᠡᠴᠢᠯᠡᠭᠰᠡᠨ 5G ᠰᠠᠭᠤᠷᠢ ᠥᠷᠲᠡᠭᠡ ᠵᠢᠴᠢ ᠮᠠᠰᠢᠨ ᠤ ᠲᠠᠰᠤᠭ ᠵᠡᠷᠭᠡ ᠲᠦᠬᠦᠷᠵᠢᠭᠦᠯᠦᠭᠰᠡᠨ ᠪᠡᠯᠡᠳᠬᠡᠮᠵᠢ ᠳᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ ᠰᠢᠭᠤᠳ ᠴᠠᠬᠢᠯᠭᠠᠨ ᠬᠠᠩᠭᠠᠭᠰᠠᠨ ᠦᠭᠡᠢ ᠪᠠ ᠰᠢᠭᠤᠳ ᠰᠦᠢᠳᠬᠡᠯ ᠬᠤᠷᠢᠶᠠᠭᠰᠠᠨ ᠥᠬᠡᠶ ᠪᠠᠶᠢᠪᠠᠯ᠂ ᠴᠠᠬᠢᠯᠭᠠᠨ ᠬᠤᠯᠪᠣᠭᠠᠨ ᠤ ᠪᠡᠯᠡᠳᠬᠡᠮᠵᠢ ᠶᠢᠨ ᠡᠵᠡᠩᠨᠡᠬᠦ ᠠᠵᠢᠯᠯᠠᠭᠠᠨ ᠤ ᠲᠠᠯ᠎ᠠ ᠶᠢᠨ ᠬᠢᠨ ᠨᠢ ᠴᠠᠬᠢᠯᠭᠠᠨ ᠬᠦᠴᠦᠨ ᠤ ᠰᠠᠯᠠᠭ᠎ᠠ ᠮᠥᠴᠢᠷ ᠲᠤ ᠴᠠᠬᠢᠯᠭᠠᠨ ᠬᠡᠮᠵᠢᠭᠦᠷ ᠤᠭᠰᠠᠷᠠᠭᠤᠯᠬᠤ ᠪᠠᠷ ᠮᠡᠳᠡᠭᠦᠯᠵᠦ᠂ ᠰᠢᠭᠤᠳ ᠴᠠᠬᠢᠯᠭᠠᠨ ᠬᠠᠩᠭᠠᠨ ᠰᠢᠭᠤᠳ ᠰᠦᠢᠳᠬᠡᠯ ᠬᠤᠷᠢᠶᠠᠬᠤ ᠶᠢ ᠪᠡᠶᠡᠯᠡᠭᠦᠯᠬᠦ ᠬᠡᠷᠡᠭᠲᠡᠢ᠃ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ 5G ᠰᠠᠭᠤᠷᠢ ᠥᠷᠲᠡᠭᠡ ᠵᠢᠴᠢ ᠮᠠᠰᠢᠨ ᠤ ᠲᠠᠰᠤᠭ ᠵᠡᠷᠭᠡ ᠲᠦᠬᠦᠷᠵᠢᠭᠦᠯᠦᠭᠰᠡᠨ ᠪᠡᠯᠡᠳᠬᠡᠮᠵᠢ ᠳᠤ ᠰᠢᠭᠤᠳ ᠴᠠᠬᠢᠯᠭᠠᠨ ᠬᠠᠩᠭᠠᠯᠭᠠᠬᠤ ᠭᠤᠶᠤᠴᠢᠯᠠᠯ ᠤᠨ ᠭᠠᠷᠳᠠᠮ ᠢ ᠨᠢ ᠳᠥᠭᠦᠮᠴᠢᠯᠡᠵᠦ᠂ ᠳᠠᠩᠰᠠ ᠪᠠᠶᠢᠭᠤᠯᠬᠤ ᠪᠠ ᠭᠦᠢᠴᠡᠳᠬᠡᠵᠦ ᠥᠭᠬᠦ ᠴᠠᠭ ᠢ ᠨᠢ ᠪᠣᠭᠤᠨᠢᠰᠬᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶        ᠵᠢᠷᠭᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠢ        ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠳ ᠬᠤᠷᠠᠯᠳᠤᠭᠤᠯᠤᠭᠴᠢ ᠪᠣᠯᠵᠣ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠴᠢᠮᠡᠭᠡ ᠬᠤᠯᠪᠤᠭᠠᠨ ᠤ ᠬᠠᠮᠢᠶᠠᠷᠤᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠵᠢᠴᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ ᠵᠡᠷᠭᠡ ᠠᠵᠤ ᠠᠬᠤᠶᠢᠯᠠᠯ ᠢᠶᠠᠷ ᠪᠦᠷᠢᠯᠳᠦᠬᠦᠨ ᠨᠢᠭᠡᠴᠢ ᠪᠣᠯᠭᠠᠭᠰᠠᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠥᠬᠦ ᠣᠷᠣᠨ ᠤ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ ᠬᠡᠷᠡᠭᠵᠢᠭᠦᠯᠬᠦ ᠶᠢ ᠨᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠪᠣᠳᠠᠲᠠᠶ ᠲᠠᠢ ᠪᠠᠨ ᠤᠶᠠᠯᠳᠤᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶                              2020 ᠣᠨ ᠤ 4 ᠳ᠋ᠦ᠋ᠭᠡᠷ ᠰᠠᠷ᠎ᠠ ᠶᠢᠨ 18 ᠤ ᠡᠳᠦᠷ        ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号