| 5 ᠰᠠᠷ᠎ᠠ ᠶᠢᠨ 19 — 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠪᠦᠦ ᠭᠠᠩ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ | ᠬᠠᠷᠭᠤᠭᠤᠯᠤᠨ ᠪᠠᠶᠢᠴᠠᠭᠠᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃ ᠲᠡᠷᠡ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠱᠠᠭᠠᠷᠳᠠᠯᠭ᠎ᠠ ᠪᠠᠷ ᠬᠠᠷᠭᠤᠭᠤᠯᠤᠨ | ᠪᠠᠷᠢᠮᠵᠢᠶᠠᠯᠠᠵᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠵᠤ | ᠪᠣᠭᠤᠮᠲᠠ ᠰᠢᠪᠲᠤᠯᠤᠨ ᠬᠠᠷᠰᠢ ᠰᠠᠭᠠᠳ ᠢ ᠠᠷᠢᠯᠭᠠᠵᠤ᠂ ᠲᠤᠰᠬᠠᠢ ᠴᠡᠭᠴᠡᠯᠡᠨ ᠵᠠᠰᠠᠵᠤ ᠬᠠᠷᠭᠤᠭᠤᠯᠤᠨ | ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠦ ᠭᠠᠩ ᠤᠷᠢᠳ ᠬᠤᠵᠢᠳ ᠳ᠋ᠠ ᠲᠠᠩ ᠬᠥᠯᠥᠨ ᠪᠤᠶᠢᠷ ᠤᠨ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ | ᠺᠣᠮᠫᠠᠨᠢ᠂ ᠮᠧᠩ ᠰᠢ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠲᠢᠶᠠᠨ ᠱᠦᠨ ᠠᠭᠤᠷᠬᠠᠶ ᠶᠢᠨ | ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠨᠡᠭᠦᠷᠡᠰᠦᠨ ᠤ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ | ᠠᠰᠠᠭᠤᠳᠠᠯ ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠳᠠᠷᠠᠭ᠎ᠠ ᠨᠢ ᠶᠠᠷᠢᠯᠴᠠᠬᠤ | ᠬᠤᠷᠠᠯ ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠨ᠂ ᠳᠠᠷᠠᠭᠠᠴᠢ ᠶᠢᠨ ᠠᠯᠬᠤᠮ ᠤᠨ ᠡᠭᠦᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠢ᠃ | ᠪᠦᠦ ᠭᠠᠩ᠂ ᠬᠠᠷᠭᠤᠭᠤᠯᠤᠨ ᠪᠠᠶᠢᠴᠠᠭᠠᠬᠤ ᠠᠵᠢᠯ ᠪᠣᠯ ᠲᠤᠰᠬᠠᠶ ᠴᠡᠭᠴᠡᠯᠡᠨ ᠵᠠᠰᠠᠬᠤ ᠶᠢᠨ | ᠵᠠᠩᠭᠢᠯᠠᠭ᠎ᠠ ᠶᠢᠨ ᠭᠤᠭᠴᠤᠭ᠎ᠠ ᠮᠦᠨ᠂ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ | ᠰᠠᠶᠢᠲᠠᠶ ᠪᠡᠶᠡᠯᠡᠭᠦᠯᠵᠦ ᠴᠢᠳᠠᠬᠤ ᠡᠰᠡᠬᠦ ᠶᠢᠨ ᠴᠢᠬᠤᠯᠠ ᠪᠠᠲᠤᠯᠠᠭ᠎ᠠ ᠮᠦᠨ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠴᠢᠩᠭ᠎ᠠ ᠲᠤᠯᠭᠠᠮ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠨᠢᠮᠪᠠᠶ | ᠪᠣᠳᠠᠲᠠᠶ ᠠᠵᠢᠯ ᠤᠨ ᠰᠤᠷᠲᠠᠯ ᠢᠶᠠᠷ᠂ ᠤᠯᠤᠰ ᠲᠥᠷᠥ ᠶᠢᠨ ᠬᠠᠷᠢᠭᠤᠴᠠᠯᠭ᠎ᠠ᠂ ᠤᠳᠤᠷᠢᠳᠬᠤ ᠬᠠᠷᠢᠭᠤᠴᠠᠯᠭ᠎ᠠ᠂ | ᠠᠵᠢᠯ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠬᠠᠷᠭᠤᠭᠤᠯᠤᠨ ᠪᠠᠶᠢᠴᠠᠭᠠᠬᠤ ᠠᠵᠢᠯ ᠤᠨ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠪᠠᠷ ᠦᠨᠡᠨ ᠬᠦ ᠪᠣᠳᠠᠲᠠᠶᠢᠵᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠪᠦᠦ ᠭᠠᠩ᠂ ︽ᠶᠠᠮᠠᠷ ᠳᠠᠩᠰᠠ ᠲᠤᠰᠢᠶᠠᠬᠤ︾᠂ ︽ᠶᠠᠭᠤ ᠪᠠᠷ ᠳᠠᠩᠰᠠ ᠲᠤᠰᠢᠶᠠᠬᠤ︾ ᠭᠡᠳᠡᠭ | ᠬᠠᠷᠠᠯᠲᠠ ᠪᠠᠶᠢᠷᠢ ᠲᠣᠭᠲᠠᠭᠠᠯᠲᠠ ᠶᠢᠨ ᠱᠤᠭᠤᠮ ᠢ ᠪᠠᠲᠤ ᠡᠵᠡᠮᠳᠡᠵᠦ᠂ ᠦᠨᠡᠨ ᠠᠴᠠ ᠵᠥᠪ ᠢ ᠡᠷᠢᠬᠦ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠨ᠂ | ᠠᠰᠠᠭᠤᠳᠠᠯ ᠢ ᠦᠨᠡᠨ ᠬᠦ ᠬᠠᠷᠭᠤᠭᠤᠯᠤᠨ ᠲᠤᠳᠤᠷᠬᠠᠢᠢᠯᠠᠵᠤ᠂ ᠪᠠᠶᠢᠴᠠᠭᠠᠨ ᠳᠣᠲᠣᠯᠠᠵᠤ᠂ ᠣᠨᠣᠪᠴᠢᠲᠠᠶ | ᠲᠣᠭᠲᠠᠭᠠᠬᠤ ᠬᠡᠷᠡᠭᠲᠡᠶ᠃ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠬᠡᠰᠡᠭ ᠬᠤᠪᠢᠶᠠᠨ ᠰᠢᠭᠰᠢᠨ | ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠥᠷᠬᠡᠯᠡᠭᠡ ᠮᠠᠶ᠋ᠢᠭ ᠢᠶᠠᠷ ᠬᠤᠯᠪᠤᠯᠲᠤᠭᠤᠯᠵᠤ᠂ ᠬᠠᠷᠢᠯᠴᠠᠨ | ᠬᠠᠷᠢᠴᠠᠭᠤᠯᠤᠨ ᠰᠤᠳᠤᠯᠵᠤ᠂ ᠲᠠᠪᠬᠤᠴᠠᠭᠰᠠᠨ ᠬᠡᠰᠡᠭ ᠢ ᠨᠢ ᠠᠪᠴᠤ ᠬᠠᠶᠠᠨ ᠨᠡᠶᠢᠳᠭᠡᠵᠦ᠂ ᠰᠣᠯᠪᠢᠴᠠᠭᠤᠯᠤᠨ | ᠬᠠᠷᠢᠴᠠᠭᠤᠯᠬᠤ ᠪᠠᠷ ᠳᠠᠮᠵᠢᠨ ᠠᠰᠠᠭᠤᠳᠠᠯ ᠢ ᠭᠦᠨᠵᠡᠭᠡᠢ ᠢᠯᠡᠷᠡᠭᠦᠯᠬᠦ ᠬᠡᠷᠡᠭᠲᠡᠢ᠃ ᠶᠠᠷᠢᠯᠴᠠᠵᠤ ᠠᠰᠠᠭᠤᠨ ᠯᠠᠪᠯᠠᠬᠤ᠂ | ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠠᠷᠭ᠎ᠠ ᠪᠠᠷ ᠠᠰᠠᠭᠤᠳᠠᠯ ᠤᠨ ᠤᠴᠢᠷ ᠰᠢᠯᠲᠠᠭᠠᠨ ᠢ ᠪᠦᠬᠦ | ᠲᠠᠯ᠎ᠠ ᠪᠠᠷ ᠣᠶᠢᠯᠠᠭᠠᠨ᠂ ᠳᠤᠪᠤᠶᠢᠮ᠎ᠠ ᠠᠰᠠᠭᠤᠳᠠᠯ ᠢ ᠭᠦᠨᠵᠡᠭᠡᠶ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠪᠠᠷ | ᠰᠢᠪᠲᠤᠯᠤᠯᠲᠠ ᠬᠢᠵᠦ᠂ ᠠᠰᠠᠭᠤᠳᠠᠯ ᠢ ᠦᠨᠡᠨ ᠬᠦ ᠪᠠᠶᠢᠴᠠᠭᠠᠨ᠂ ᠦᠨᠡᠨ ᠪᠤᠲᠠᠲᠠᠢ ᠠᠰᠠᠭᠤᠳᠠᠯ ᠢ ᠪᠠᠶᠢᠴᠠᠭᠠᠬᠤ | ᠬᠡᠷᠡᠭᠲᠡᠶ᠃ ᠵᠠᠷᠴᠢᠮᠲᠤ ᠴᠢᠨᠠᠷ ᠪᠠ ᠠᠷᠭ᠎ᠠ ᠪᠣᠳᠣᠯᠭ᠎ᠠ ᠶᠢᠨ ᠴᠢᠨᠠᠷ ᠢ ᠣᠨᠣᠪᠴᠢᠲᠠᠶ ᠡᠵᠡᠮᠳᠡᠵᠦ᠂ ᠠᠷᠭ᠎ᠠ ᠬᠡᠯᠪᠡᠷᠢ | ᠠᠷᠭ᠎ᠠ ᠪᠠᠷᠢᠯ ᠢ ᠡᠷᠬᠢᠮᠯᠡᠨ᠂ ᠠᠰᠠᠭᠤᠳᠠᠯ ᠪᠠ ᠬᠠᠷᠢᠭᠤᠴᠠᠯᠭ᠎ᠠ ᠶᠢ ᠣᠨᠣᠪᠴᠢᠲᠠᠶ ᠮᠠᠭᠠᠳᠯᠠᠨ ᠲᠣᠭᠲᠠᠭᠠᠵᠤ᠂ | ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠵᠤ᠂ ᠪᠠᠷᠢᠨ ᠪᠠᠶᠢᠴᠠᠭᠠᠵᠤ ᠪᠠᠷᠢᠨ ᠬᠠᠯᠠᠨ ᠰᠠᠶᠢᠵᠢᠷᠠᠭᠤᠯᠵᠤ᠂ | ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠠᠬᠢᠭᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |