| 5 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ | ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠶ ᠯᠢ ᠬᠤᠸᠠ ᠨᠠᠷ ᠮᠠᠨ ᠤ ᠬᠤᠲᠠ ᠳᠤ | ᠢᠷᠡᠵᠦ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠣᠳᠤᠯᠵᠤ ᠬᠢᠨᠠᠨ ᠵᠢᠯᠣᠭᠤᠳᠬᠤ ᠶᠢᠨ ᠬᠠᠮᠲᠤ ᠶᠠᠷᠢᠯᠴᠠᠬᠤ | ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠭᠦᠸᠧ ᠢᠦᠶ ᠹᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠵᠠᠩ ᠪᠢᠶᠣᠤ᠂ ᠬᠤᠲᠠ ᠶᠢᠨ ᠳᠡᠳ᠋ ᠳᠠᠷᠤᠭ᠎ᠠ ᠬᠤᠸᠠᠩ ᠭᠦᠸᠧ ᠸᠧᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠵᠦ ᠬᠢᠨᠠᠨ ᠵᠢᠯᠣᠭᠤᠳᠪᠠ᠃ | 22 ᠤᠨ ᠡᠳᠦᠷ ᠤᠨ ᠦᠳᠡ ᠠᠴᠠ ᠡᠮᠦᠨ᠎ᠡ᠂ ᠠᠶ ᠯᠢ ᠬᠤᠸᠠ ᠨᠠᠷ ᠤᠷᠢᠳ ᠬᠤᠵᠢᠳ ᠤᠯᠤᠰ ᠤᠨ | ᠴᠠᠬᠢᠯᠭᠠᠨ ᠬᠦᠴᠦᠨ ᠤ ᠫᠢᠩ ᠮᠧᠶ ᠪᠦᠯᠦᠭᠯᠡᠯ ᠤᠨ ᠵᠢᠷᠭᠤᠭᠠᠨ ᠨᠡᠭᠦᠷᠡᠰᠦᠨ ᠠᠭᠤᠷᠬᠠᠶ᠂ ᠫᠢᠩ ᠮᠧᠶ ᠪᠦᠯᠦᠭᠯᠡᠯ᠂ | ᠶᠤᠸᠠᠨ ᠪᠦᠦ ᠱᠠᠨ ᠲᠣᠭᠤᠷᠢᠭ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ᠂ ᠥᠪᠡᠷᠲᠡᠭᠡᠨ | ᠵᠠᠰᠠᠬᠤ ᠣᠷᠣᠨ ᠤ ᠳᠣᠯᠣᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠰᠠᠭᠤᠭ᠎ᠠ ᠭᠠᠵᠠᠷ᠂ ᠬᠤᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠠᠰᠠᠭᠤᠨ | ᠣᠶᠢᠯᠠᠭᠠᠵᠤ᠂ ᠲᠡᠷᠡᠴᠢᠯᠡᠨ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | 22 ᠤᠨ ᠡᠳᠦᠷ ᠤᠨ ᠦᠳᠡ ᠠᠴᠠ ᠬᠤᠶᠢᠨ᠎ᠠ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠠᠶ | ᠯᠢ ᠬᠤᠸᠠ ᠮᠠᠨ ᠤ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠪᠠ ᠥᠪᠡᠷᠲᠡᠭᠡᠨ ᠵᠠᠰᠠᠬᠤ ᠣᠷᠣᠨ ᠤ | ᠳᠣᠯᠣᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠠᠵᠢᠯ ᠤᠨ ᠥᠷᠨᠢᠭᠦᠯᠦᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠪᠣᠯ ᠨᠢᠭᠡ ᠵᠦᠢᠯ ᠤᠨ | ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠡᠭᠦᠷᠭᠡ ᠪᠠᠨ ᠰᠠᠶᠢᠨ ᠪᠡᠶᠡᠯᠡᠭᠦᠯᠬᠦ ᠡᠰᠡᠬᠦ᠂ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ ᠴᠢᠳᠠᠬᠤ ᠡᠰᠡᠬᠦ ᠶᠢ ᠤᠯᠤᠰ ᠲᠦᠷᠦ ᠶᠢᠨ ᠪᠠᠷᠢᠮᠵᠢᠶ᠎ᠠ ᠪᠠᠷ ᠬᠡᠮᠵᠢᠬᠦ ᠬᠡᠷᠡᠭᠲᠡᠶ᠃ | ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠠᠳ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠡᠨᠡ ᠬᠦ ᠠᠵᠢᠯ ᠢ ᠲᠦᠢᠯ ᠢᠶᠠᠷ ᠴᠢᠬᠤᠯᠠᠴᠢᠯᠠᠨ ᠦᠵᠡᠵᠦ᠂ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠱᠠᠲᠤ ᠦᠶ᠎ᠡ ᠶᠢᠨ ᠡᠯ᠎ᠡ ᠵᠦᠢᠯ ᠤᠨ ᠠᠵᠢᠯ ᠢ ᠮᠠᠰᠢ ᠯᠠᠪᠳᠠᠭᠤᠨ ᠪᠠᠲᠤᠲᠠᠶ ᠬᠢᠭᠰᠡᠨ ᠪᠠᠶᠢᠨ᠎ᠠ᠃ | ᠲᠤᠰᠬᠠᠶ ᠴᠡᠭᠴᠡᠯᠡᠨ ᠵᠠᠰᠠᠬᠤ ᠠᠵᠢᠯ ᠣᠳᠣ ᠨᠢᠭᠡᠨᠲᠡ ᠬᠤᠷᠢᠶᠠᠩᠭᠤᠶᠢᠯᠠᠨ ᠬᠢᠨᠠᠨ ᠪᠠᠶᠢᠴᠠᠭᠠᠬᠤ ᠱᠠᠲᠤᠨ ᠳᠤ ᠣᠷᠤᠵᠤ | ᠂ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠨᠡ ᠬᠦ ᠱᠠᠲᠤᠨ ᠤ ᠠᠵᠢᠯ ᠤᠨ ᠡᠭᠦᠷᠭᠡ ᠶᠢ ᠰᠠᠶᠢᠲᠤᠷ | ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠠᠶ ᠯᠢ ᠬᠤᠸᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠴᠢᠩᠭ᠎ᠠ ᠬᠦᠴᠦᠲᠡᠶ ᠤᠯᠤᠰ ᠲᠥᠷᠥ ᠶᠢᠨ ᠡᠭᠦᠷᠭᠡᠯᠡᠯ ᠢᠶᠠᠷ ᠡᠨᠡᠬᠦ | ᠠᠵᠢᠯ ᠢ ᠡᠷᠡᠰ ᠰᠠᠶᠢᠲᠤᠷ ᠠᠬᠢᠭᠤᠯᠬᠤ ᠬᠡᠷᠡᠭᠲᠡᠶ᠃ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠬᠤᠷᠢᠶᠠᠩᠭᠤᠶᠢᠯᠠᠨ | ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠵᠤ᠂ | ᠪᠥᠬᠦ ᠲᠠᠯ᠎ᠠ ᠪᠠᠷ ᠭᠦᠨᠵᠡᠭᠡᠶ ᠠᠭᠤᠳᠠᠯᠵᠤ ᠲᠤᠤᠱᠲᠠᠶ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠵᠤ ᠴᠢᠨᠠᠷ ᠢ ᠨᠢ ᠲᠣᠭᠲᠠᠭᠠᠬᠤ᠂ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠮᠠᠲ᠋ᠧᠷᠢᠶᠠᠯ ᠤᠨ ᠠᠮᠤᠷ ᠲᠦᠪᠰᠢᠨ ᠢ ᠪᠠᠲᠤᠯᠠᠵᠤ᠂ ᠠᠰᠠᠭᠤᠳᠠᠯ ᠢ ᠦᠨᠡᠨᠬᠦ ᠪᠥᠬᠦ ᠲᠠᠯ᠎ᠠ ᠪᠠᠷ ᠭᠦᠨᠵᠡᠭᠡᠢ ᠣᠨᠣᠪᠴᠢᠲᠠᠶ | ᠪᠣᠳᠠᠲᠠᠢ ᠪᠠᠶᠢᠴᠠᠭᠠᠨ ᠲᠣᠳᠤᠯᠠᠬᠤ ᠬᠡᠷᠡᠭᠲᠡᠢ᠃ ︽ᠨᠢᠭᠡ ᠠᠭᠤᠷᠬᠠᠶ ᠳᠤ ᠨᠢᠭᠡ ᠳᠠᠩᠰᠠ︾ ᠶᠢᠨ ᠱᠠᠭᠠᠷᠳᠠᠯᠭ᠎ᠠ | ᠶᠣᠰᠣᠭᠠᠷ᠂ ᠬᠤᠭᠤᠰᠣᠨ ᠭᠠᠵᠠᠷ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠲᠡᠶ᠃ | ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠬᠠᠷᠭᠤᠭᠤᠯᠤᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ | ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠵᠤ᠂ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠢᠩᠭ᠎ᠠ ᠬᠠᠲᠠᠭᠤ ᠤᠯᠤᠰ ᠲᠥᠷᠥ ᠶᠢᠨ ᠡᠭᠦᠷᠭᠡᠯᠡᠯ ᠪᠣᠯᠤᠨ ᠲᠡᠮᠦᠷ | ᠮᠡᠲᠦ ᠬᠠᠲᠠᠭᠤ ᠰᠠᠬᠢᠯᠭ᠎ᠠ ᠪᠠᠲᠤ ᠪᠠᠷ ᠲᠤᠰᠬᠠᠢ ᠴᠡᠭᠴᠡᠯᠡᠨ ᠵᠠᠰᠠᠵᠤ ᠬᠤᠷᠢᠶᠠᠩᠭᠤᠶᠢᠯᠠᠨ ᠬᠠᠷᠭᠤᠭᠤᠯᠤᠨ ᠪᠠᠶᠢᠴᠠᠭᠠᠬᠤ | ᠱᠠᠲᠤ ᠦᠶ᠎ᠡ ᠶᠢᠨ ᠡᠯ᠎ᠡ ᠵᠦᠢᠯ ᠤᠨ ᠡᠭᠦᠷᠭᠡ ᠶᠢᠨ ᠴᠢᠨᠠᠷ ᠲᠤᠭ᠎ᠠ ᠶᠢ ᠨᠢ ᠪᠠᠳᠤᠯᠠᠨ ᠬᠤᠭᠤᠴᠠᠭ᠎ᠠ ᠶᠣᠰᠣᠭᠠᠷ | ᠪᠡᠶᠡᠯᠡᠭᠦᠯᠬᠦ ᠶᠢ ᠪᠠᠲᠤᠯᠠᠵᠤ᠂ ᠲᠠᠷᠠᠭᠠᠴᠢ ᠶᠢᠨ ᠱᠠᠲᠤ ᠦᠶ᠎ᠡ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ | ᠰᠠᠶᠢᠨ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | |