ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠦᠭᠡ ᠶᠢ ᠠᠷᠭᠠᠴᠠᠭᠠᠵᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠨᠦᠭᠦᠳ ᠢ ᠴᠢᠩᠭᠠᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020-05-27
                 ᠥᠪᠥᠷ ᠵᠠᠰᠠᠭ ᠠᠯᠪᠠᠨ ᠲᠠᠷᠬᠠᠭᠠᠭᠰᠠᠨ ︹2020︺10 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ︹2019︺ 28 ᠳ᠋ᠤᠭᠠᠷ ᠲᠣᠭᠠᠲᠤ︶ ᠪᠠ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠵᠤ ᠠᠵᠢᠯ ᠣᠯᠭᠤᠯᠲᠠ ᠶᠢ ᠲᠤᠨᠨᠳᠠᠭᠤᠨ ᠪᠠᠶᠢᠯᠭᠠᠬᠤ ᠠᠷᠭ᠎ᠠ ᠪᠠᠷᠢᠯ ᠢ ᠴᠢᠩᠭᠠᠷᠠᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 6 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠪᠦᠲᠦᠮᠵᠢᠲᠡᠶ ᠠᠷᠭᠠᠴᠠᠭᠠᠨ᠂ ᠪᠦᠬᠦ ᠣᠷᠣᠨ ᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠵᠢᠯ ᠢ ᠴᠢᠩᠭᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠠᠷᠭ᠎ᠠ ᠬᠡᠮᠵᠢᠶ᠎ᠡ ᠶᠢ ᠳᠤᠷᠠᠳᠪᠠ᠃        ᠨᠢᠭᠡ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠬᠡᠷᠡᠭᠲᠡᠢ        ︵ᠨᠢᠭᠡ︶ ᠦᠢᠯᠡᠳᠪᠦᠷᠢᠯᠡᠯ ᠤᠨ ᠬᠡᠪ ᠤᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠵᠦ᠂ ᠭᠤᠤᠯᠳᠠᠯᠭ᠎ᠠ ᠲᠠᠢ ᠠᠵᠢᠯ ᠲᠥᠷᠥᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠩᠭ᠎ᠠ ᠠᠩᠬᠠᠷᠤᠨ᠂ ᠭᠤᠤᠯᠳᠠᠯᠭ᠎ᠠ ᠲᠠᠢ ᠲᠥᠷᠥᠯ ᠵᠦᠢᠯ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠮᠤᠭ ᠤᠨ ᠲᠦᠷᠭᠡᠨ ᠬᠤᠷᠳᠤᠴᠠ ᠪᠠᠷ ᠡᠨᠧᠷᠭᠢ᠂ ᠲᠦᠭᠦᠬᠡᠶ ᠮᠠᠲ᠋ᠧᠷᠢᠶᠠᠯ ᠪᠠ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠤ ᠭᠦᠢᠯᠭᠡᠭᠡᠨ ᠵᠡᠷᠭᠡ ᠠᠵᠤ ᠠᠬᠤᠶᠢᠯᠠᠯ ᠤᠨ ᠳᠠᠷᠤᠢ ᠲᠦᠷᠭᠡᠨ ᠢᠶᠠᠷ ᠠᠵᠢᠯ ᠢᠶᠠᠨ ᠰᠡᠷᠭᠦᠭᠡᠨ ᠦᠢᠯᠡᠳᠪᠦᠷᠢᠯᠡᠵᠦ ᠪᠣᠯᠬᠤ ᠪᠣᠯᠭᠠᠨ᠂ ᠡᠨᠧᠷᠭᠢ ᠪᠠ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ᠂ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠦᠨ᠂ ᠳᠡᠭᠡᠳᠦ ᠳᠣᠣᠷᠠᠳᠤ ᠬᠡᠯᠬᠢᠶᠡᠨ ᠤ ᠵᠡᠷᠭᠡ ᠪᠠᠷ ᠵᠣᠯᠭᠠᠯᠳᠤᠬᠤ ᠶᠢ ᠠᠬᠢᠭᠤᠯᠵᠤ᠂ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠨ᠂ ᠠᠵᠤ ᠦᠢᠯᠡᠰ ᠤᠨ ᠬᠥᠭᠵᠢᠯᠲᠡ ᠪᠠᠷ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠬᠤᠶᠠᠷ︶ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ︽ᠡᠷᠡᠭᠦᠯ ᠮᠡᠨᠳᠦ ᠶᠢᠨ ᠨᠡᠪᠲᠡᠷᠡᠯ ᠺᠣᠳ᠋︾ ᠤᠨ ᠭᠠᠵᠠᠷ ᠣᠷᠣᠨ ᠠᠯᠤᠰᠯᠠᠵᠤ ᠬᠠᠷᠢᠯᠴᠠᠨ ᠨᠡᠪᠲᠡᠷᠡᠵᠦ ᠬᠠᠷᠢᠯᠴᠠᠨ ᠮᠡᠳᠡᠷᠡᠬᠦ ᠶᠢ ᠲᠦᠷᠭᠡᠳᠬᠡᠨ ᠠᠬᠢᠭᠤᠯᠵᠤ᠂ ᠨᠡᠶᠢᠭᠡᠮ ᠨᠡᠶᠢᠲᠡ ᠳᠤ ︽ᠡᠷᠡᠭᠦᠯ ᠮᠡᠨᠳᠦ ᠶᠢᠨ ᠨᠡᠪᠲᠡᠷᠡᠯ ᠺᠣᠳ᠋︾ ᠤᠨ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠠᠯᠤᠰᠯᠠᠵᠤ ᠬᠠᠷᠢᠯᠴᠠᠨ ᠮᠡᠳᠡᠷᠡᠬᠦ ᠨᠡᠷᠡᠰ ᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ᠬᠤᠶᠠᠷ᠂ ᠳᠠᠷᠤᠭᠠᠰᠤ ᠶᠢ ᠨᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ        ︵ᠭᠤᠷᠪᠠ︶ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠪᠤᠴᠠᠭᠠᠨ ᠥᠭᠬᠦ ᠶᠢ ᠨᠢ ᠨᠡᠮᠡᠭᠳᠡᠭᠦᠯᠵᠦ᠂ ᠠᠵᠢᠯᠲᠠᠨ ᠬᠠᠰᠤᠬᠤ ᠦᠭᠡᠢ ᠪᠤᠶᠤ ᠴᠥᠭᠡᠬᠡᠨ ᠬᠠᠰᠤᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠵᠢᠯᠲᠠᠨ ᠬᠠᠰᠤᠬᠤ ᠨᠣᠷᠮ᠎ᠠ ᠶᠢ ᠨᠢ ᠠᠭᠤᠵᠢᠭᠤ ᠪᠣᠯᠭᠠᠭᠰᠠᠨ ᠰᠠᠭᠤᠷᠢᠨ ᠳᠡᠭᠡᠷ᠎ᠡ᠂ ᠪᠤᠴᠠᠭᠠᠨ ᠥᠭᠬᠦ ᠪᠠᠷᠢᠮᠵᠢᠶ᠎ᠠ ᠶᠢ ᠨᠢ ᠠᠵᠤ ᠠᠬᠤᠶᠢᠯᠠᠯ ᠵᠢᠴᠢ ᠲᠡᠳᠡᠭᠡᠷ ᠤᠨ ᠠᠵᠢᠯᠲᠠᠨ ᠠᠵᠢᠯᠴᠢᠨ ᠤ ᠨᠢᠳᠥᠨᠤᠨ ᠤ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ 100% ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠢ︔ ᠦᠢᠯᠡᠳᠪᠦᠷᠢᠯᠡᠵᠦ ᠡᠵᠡᠩᠨᠡᠬᠦ ᠳᠤ ᠲᠦᠷ ᠴᠠᠭ ᠤᠨ ᠬᠦᠴᠢᠷᠳᠡᠯ ᠲᠠᠢ ᠪᠣᠯᠪᠠᠴᠤ ᠦᠢᠯᠡᠳᠪᠦᠷᠢᠯᠡᠵᠦ ᠡᠵᠡᠩᠨᠡᠬᠦ ᠪᠠᠨ ᠰᠡᠷᠭᠦᠭᠡᠬᠦ ᠪᠣᠯᠤᠮᠵᠢᠲᠠᠶ᠂ ᠠᠵᠢᠯᠲᠠᠨ ᠢᠶᠠᠨ ᠬᠠᠰᠤᠬᠤ ᠦᠭᠡᠢ ᠪᠤᠶᠤ ᠴᠥᠭᠡᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠪᠤᠴᠠᠭᠠᠨ ᠥᠭᠬᠦ ᠲᠠᠯ᠎ᠠ ᠶᠢᠨ ᠲᠥᠷᠥ ᠶᠢᠨ ᠪᠣᠳᠣᠯᠭ᠎ᠠ ᠪᠠᠷ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠵᠣᠬᠢᠰᠲᠠᠶ ᠠᠭᠤᠵᠢᠭᠤ ᠲᠠᠯᠪᠢᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠨᠥᠯᠥᠭᠡᠯᠡᠭᠳᠡᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠬᠠᠷᠠᠭᠠᠯᠵᠠᠨ᠂ ᠣᠷᠣᠨ ᠨᠤᠲᠤᠭ ᠤᠨ ᠬᠦᠲᠦᠴᠢ ᠠᠵᠤ ᠠᠬᠤᠶᠢᠯᠠᠯ ᠪᠠ ᠬᠥᠳᠡᠯᠮᠦᠷᠢ ᠬᠦᠴᠦᠨ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠤᠴᠠᠭᠠᠨ ᠥᠭᠬᠦ ᠪᠠᠷᠢᠮᠵᠢᠶ᠎ᠠ ᠶᠢ ᠨᠢ ᠲᠤᠬᠠᠶ ᠶᠢᠨ ᠭᠠᠵᠠᠷ ᠤᠨ 6 ᠰᠠᠷ᠎ᠠ ᠶᠢᠨ ᠰᠠᠷ᠎ᠠ ᠪᠦᠷᠢ ᠶᠢᠨ ᠬᠥᠮᠦᠨ ᠳᠤᠮᠳᠠᠴᠢ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ ᠪᠠᠷ ᠲᠣᠭᠲᠠᠭᠠᠵᠤ ᠪᠣᠯᠤᠨ᠎ᠠ᠂ ᠡᠰᠡᠬᠦᠯ᠎ᠡ ᠠᠵᠤ ᠠᠬᠤᠶᠢᠯᠠᠯ ᠵᠢᠴᠢ ᠲᠡᠳᠡᠭᠡᠷ ᠤᠨ ᠠᠵᠢᠯᠲᠠᠨ ᠠᠵᠢᠯᠴᠢᠨ ᠤ 3 ᠰᠠᠷ᠎ᠠ ᠨᠡᠶᠢᠭᠡᠮ ᠤᠨ ᠳᠠᠭᠠᠳᠬᠠᠯ ᠲᠤᠰᠢᠶᠠᠭᠰᠠᠨ ᠰᠦᠢᠳᠬᠡᠯ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠨᠢ ᠠᠶᠢᠮᠠᠭ ᠬᠤᠲᠠ ᠶᠢᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠵᠢᠯᠴᠠᠨ᠎ᠠ︶        ︵ᠳᠥᠷᠪᠡ︶ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢ ᠳᠠᠭᠠᠭᠠᠨ ᠠᠪᠤᠭᠰᠠᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠠ ᠭᠠᠳᠠᠷ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠳ ᠤᠨ ᠲᠤᠰ ᠠᠵᠤ ᠠᠬᠤᠶᠢᠯᠠᠯ ᠳᠤ ᠪᠠᠨ ᠪᠠᠶᠢᠭᠤᠯᠤᠭᠰᠠᠨ ᠴᠠᠯᠢᠩ ᠣᠷᠣᠯᠠᠨ ᠣᠯᠭᠤᠬᠤ ᠲᠤᠰᠬᠠᠶ ᠳᠠᠩᠰᠠᠨ ᠡᠷᠦᠬᠡ ᠳᠤ ᠬᠠᠳᠠᠭᠠᠯᠠᠵᠤ ᠪᠠᠶᠢᠭ᠎ᠠ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠦᠷ ᠬᠤᠶᠢᠰᠢᠯᠠᠭᠤᠯᠤᠨ ᠲᠤᠰᠢᠶᠠᠬᠤ ᠶᠢ ᠨᠢ ᠵᠥᠪᠰᠢᠶᠡᠷᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠵᠢᠯᠴᠠᠨ᠎ᠠ︶          ᠭᠤᠷᠪᠠ᠂ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ        ︵ᠲᠠᠪᠤ︶ ᠦᠢᠯᠡᠰ ᠴᠣᠭᠴᠠᠯᠠᠬᠤ ᠬᠦᠷᠢᠶᠡᠯᠡᠩ ᠪᠠ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠦᠨ᠂ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠵᠣᠬᠢᠬᠤ ᠬᠡᠮᠵᠢᠶᠡᠨ ᠤ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠲᠥᠷᠥᠯ ᠵᠦᠢᠯ ᠤᠨ ᠪᠡᠯᠡ ᠮᠦᠩᠬᠦᠨ ᠤ ᠱᠠᠩᠨᠠᠯ ᠨᠥᠬᠦᠪᠥᠷᠢ ᠣᠯᠭᠤᠵᠤ᠂ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ ᠪᠠ ᠬᠡᠷᠡᠭᠵᠢᠭᠦᠯᠬᠦ ᠨᠠᠷᠢᠨ ᠳᠦᠷᠢᠮ ᠢ ᠠᠶᠢᠮᠠᠭ ᠬᠤᠲᠠ ᠥᠪᠡᠰᠦᠪᠡᠨ ᠲᠣᠭᠲᠠᠭᠠᠬᠤ ᠬᠡᠷᠡᠭᠲᠡᠢ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ ᠦᠢᠯᠡᠰ ᠴᠣᠭᠴᠠᠯᠠᠬᠤ ᠬᠦᠷᠢᠶᠡᠯᠡᠩ ᠪᠠ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠳᠠᠭᠠᠭᠠᠴᠢᠯᠠᠬᠤ ᠲᠡᠳᠭᠦᠬᠦ ᠴᠤᠭᠯᠠᠭᠤᠯᠬᠤ ᠶᠢᠨ ᠦᠢᠯᠡᠰ ᠴᠣᠭᠴᠠᠯᠠᠬᠤ ᠲᠤᠯᠭᠠᠭᠤᠷᠢᠯᠠᠬᠤ ᠲᠠᠪᠴᠠᠩ ᠨᠢ ᠦᠢᠯᠡᠰ ᠴᠣᠭᠴᠠᠯᠠᠭᠴᠢ ᠶᠢᠨ ᠲᠠᠯᠠᠪᠤᠷ ᠭᠠᠵᠠᠷ ᠲᠦᠷᠢᠶᠡᠰᠦᠯᠡᠬᠦ ᠮᠥᠩᠭᠦᠨ ᠤ ᠰᠦᠢᠳᠬᠡᠯ ᠢ ᠪᠠᠭᠤᠷᠠᠭᠤᠯᠤᠭᠰᠠᠨ ᠪᠤᠶᠤ ᠬᠠᠰᠤᠵᠤ ᠬᠡᠯᠲᠦᠷᠢᠭᠦᠯᠦᠭᠰᠡᠨ ᠭᠡᠪᠡᠯ᠂ ᠪᠣᠳᠠᠲᠠᠶ ᠶᠢ ᠦᠨᠳᠦᠰᠦᠯᠡᠨ 3 ᠰᠠᠷ᠎ᠠ ᠶᠢᠨ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠨᠥᠬᠦᠪᠥᠷᠢ ᠦᠭᠬᠦ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶        ︵ᠵᠢᠷᠭᠤᠭ᠎ᠠ︶ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠢ ᠪᠠᠭᠤᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠲᠤᠰ ᠵᠢᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠥᠮᠦᠨ ᠤ ᠲᠤᠭ᠎ᠠ ᠨᠢ ᠣᠲᠣ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠲᠤᠭᠠᠨ ᠤ 25% ᠶᠢ ᠡᠵᠡᠯᠡᠵᠦ ᠪᠠᠶᠢᠭᠰᠠᠨ ᠢ ᠨᠢ ᠪᠠᠭᠤᠷᠠᠭᠤᠯᠤᠭᠠᠳ 15% ᠪᠣᠯᠭᠠᠨ ᠲᠣᠬᠢᠷᠠᠭᠤᠯᠬᠤ ᠬᠡᠷᠡᠭᠲᠡᠢ ︵100 ᠠᠵᠢᠯᠲᠠᠨ ᠠᠵᠢᠯᠴᠢᠨ ᠠᠴᠠ ᠬᠡᠲᠦᠷᠡᠭᠰᠡᠨ ᠠᠵᠤ ᠠᠬᠤᠶᠢᠯᠠᠯ ᠤᠨ ᠤᠤᠯ ᠤᠨ 15% ᠪᠠᠶᠢᠭᠰᠠᠨ ᠢ ᠪᠠᠭᠤᠷᠠᠭᠤᠯᠤᠭᠠᠳ 8% ᠪᠣᠯᠭᠠᠨ ᠲᠣᠬᠢᠷᠠᠭᠤᠯᠬᠤ ᠬᠡᠷᠡᠭᠲᠡᠢ︶᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ︶        ︵ᠳᠣᠯᠤᠭ᠎ᠠ︶ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠰᠲᠠᠶ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠭᠤᠶᠤᠴᠢᠯᠠᠬᠤ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠠᠮᠤᠭ ᠤᠨ ᠶᠡᠭᠡ ᠲᠤᠭ᠎ᠠ ᠬᠡᠮᠵᠢᠶ᠎ᠡ ᠶᠢ 15 ᠲᠦᠮᠡᠨ ᠲᠥᠭᠦᠷᠢᠭ ᠠᠴᠠ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠬᠦ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠵᠢᠭᠡᠯᠡᠭᠴᠢ ᠨᠦᠭᠦᠳ ᠬᠤᠷᠰᠢᠵᠤ ᠦᠢᠯᠡᠰ ᠴᠣᠭᠴᠠᠯᠠᠭᠰᠠᠨ ᠪᠣᠯ᠂ ᠬᠤᠷᠰᠢᠵᠤ ᠦᠢᠯᠡᠰ ᠴᠣᠭᠴᠠᠯᠠᠵᠤ ᠪᠠᠶᠢᠭ᠎ᠠ ᠬᠥᠮᠦᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠢ ᠵᠣᠬᠢᠰᠲᠠᠶ ᠳᠡᠭᠡᠭᠰᠢᠯᠡᠭᠦᠯᠵᠦ᠂ ᠬᠠᠮᠤᠭ ᠤᠨ ᠶᠡᠭᠡ ᠳᠤ ᠪᠠᠨ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠵᠢᠭᠡᠯᠡᠯᠭᠡ ᠶᠢᠨ ᠪᠥᠬᠦ ᠲᠤᠭ᠎ᠠ ᠬᠡᠮᠵᠢᠶᠡᠨ ᠤ 10% ᠠᠴᠠ ᠳᠠᠪᠠᠭᠤᠯᠵᠤ ᠪᠣᠯᠬᠤ ᠦᠭᠡᠶ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠨᠠᠢᠮᠠ︶ ᠲᠦᠯᠦᠭᠦᠯᠬᠦ ᠳᠠᠭᠠᠭᠠᠯᠲᠠ ᠬᠢᠬᠦ ᠱᠠᠭᠠᠷᠳᠠᠯᠭ᠎ᠠ ᠶᠢ ᠬᠡᠯᠲᠦᠷᠢᠭᠦᠯᠦᠨ᠎ᠡ᠂ 2020 ᠣᠨ ᠤ 4 ᠳ᠋ᠤᠬᠡᠷ ᠰᠠᠷ᠎ᠠ ᠶᠢᠨ 15 ᠤ ᠡᠳᠦᠷ ᠠᠴᠠ ᠬᠤᠶᠢᠰᠢᠬᠢ ᠬᠤᠪᠢ ᠬᠥᠮᠦᠨ ᠤ ᠦᠢᠯᠡᠰ ᠴᠣᠭᠴᠠᠯᠠᠬᠤ ᠳᠤ ᠰᠢᠨ᠎ᠡ ᠪᠠᠷ ᠲᠠᠯᠪᠢᠭᠰᠠᠨ 10 ᠲᠦᠮᠡᠨ ᠲᠥᠭᠦᠷᠢᠭ ᠬᠢᠭᠡᠳ ᠡᠭᠦᠨ ᠠᠴᠠ ᠪᠠᠭ᠎ᠠ ᠳᠠᠭᠠᠭᠠᠯᠲᠠ ᠲᠠᠢ ᠵᠢᠭᠡᠯᠡᠯᠭᠡ᠂ ᠵᠢᠴᠢ ᠪᠦᠬᠦ ᠤᠯᠤᠰ ᠤᠨ ᠦᠢᠯᠡᠰ ᠴᠣᠭᠴᠠᠯᠠᠵᠤ ᠨᠡᠪᠴᠢᠭᠦᠯᠦᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠶᠤ ᠢᠲᠡᠭᠡᠮᠵᠢ ᠶᠢᠨ ᠬᠤᠷᠰᠢᠶ᠎ᠠ ︵ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ︶ ᠶᠢᠨ ᠲᠠᠨᠢᠯᠴᠠᠭᠤᠯᠤᠭᠰᠠᠨ ᠦᠢᠯᠡᠰ ᠴᠣᠭᠴᠠᠯᠠᠬᠤ ᠲᠥᠷᠥᠯ ᠵᠦᠢᠯ᠂ ᠠᠶᠢᠮᠠᠭ ᠬᠤᠲᠠ ᠶᠢᠨ ᠳᠡᠰ ᠠᠴᠠ ᠳᠡᠭᠡᠭᠰᠢᠬᠢ ︵ᠠᠶᠢᠮᠠᠭ ᠬᠤᠲᠠ ᠶᠢᠨ ᠳᠡᠰ ᠪᠠᠭᠲᠠᠨ᠎ᠠ︶ ᠢᠷᠠᠭᠤ ᠠᠯᠳᠠᠷ ᠤᠨ ᠴᠣᠯᠠ ᠬᠦᠷᠲᠡᠭᠰᠡᠨ ᠦᠢᠯᠡᠰ ᠴᠣᠭᠴᠠᠯᠠᠭᠴᠢ ᠦᠢᠯᠡᠰ ᠴᠣᠭᠴᠠᠯᠠᠬᠤ ᠲᠥᠷᠥᠯ ᠵᠦᠢᠯ᠂ ᠦᠢᠯᠡᠰ ᠴᠣᠭᠴᠠᠯᠠᠬᠤ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠦᠨᠡᠯᠡᠨ ᠵᠢᠱᠢᠭᠦᠯᠵᠦ ᠮᠠᠭᠠᠳᠯᠠᠨ ᠲᠣᠭᠲᠠᠭᠠᠯᠭᠠᠭᠰᠠᠨ ᠢᠲᠡᠭᠡᠮᠵᠢ ᠶᠢᠨ ᠵᠢᠵᠢᠭ ᠪᠢᠴᠢᠯ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ᠂ ᠮᠠᠯᠴᠢᠨ ᠲᠠᠷᠢᠶᠠᠴᠢᠨ ᠡᠷᠦᠬᠡ᠂ ᠡᠵᠡᠩᠨᠡᠯᠲᠡ ᠶᠢᠨ ᠢᠲᠡᠬᠡᠮᠵᠢ ᠰᠠᠶᠢᠲᠠᠢ ᠳᠠᠬᠢᠨᠲᠠ ᠦᠢᠯᠡᠰ ᠴᠣᠭᠴᠠᠯᠠᠭᠴᠢ ᠵᠡᠷᠭᠡ ᠣᠨᠴᠠᠭᠠᠶᠢᠯᠠᠨ ᠲᠣᠭᠲᠠᠭᠠᠭᠰᠠᠨ ᠬᠥᠮᠥᠰ ᠲᠤ ᠲᠥᠯᠥᠭᠦᠯᠬᠦ ᠳᠠᠭᠠᠭᠠᠯᠲᠠ ᠬᠢᠬᠦ ᠶᠢ ᠨᠢ ᠵᠠᠷᠴᠢᠮ ᠳᠡᠭᠡᠷ᠎ᠡ ᠪᠠᠨ ᠬᠦᠴᠦᠨ ᠥᠬᠡᠶ ᠪᠣᠯᠭᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠦᠢᠯᠡᠰ ᠴᠣᠭᠴᠠᠯᠠᠬᠤ ᠪᠤᠰᠤᠳ ᠳᠠᠭᠠᠭᠠᠯᠲᠠ ᠲᠠᠢ ᠵᠢᠭᠡᠯᠡᠯᠭᠡ ᠶᠢᠨ ᠲᠥᠯᠥᠭᠦᠯᠬᠦ ᠳᠠᠭᠠᠭᠠᠯᠲᠠ ᠬᠢᠬᠦ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠪᠠᠭᠤᠷᠠᠭᠤᠯᠬᠤ ᠪᠤᠶᠤ ᠬᠡᠯᠲᠦᠷᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠶᠢᠰᠦ︶ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠭᠠᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠲᠠ ᠶᠢᠨ ᠵᠠᠷᠴᠢᠮ ᠶᠣᠰᠣᠭᠠᠷ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠨᠥᠯᠥᠭᠡᠯᠡᠭᠳᠡᠭᠰᠡᠨ᠂ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 2020 ᠣᠨ ᠤ 1 ᠳ᠋ᠤᠬᠡᠷ ᠰᠠᠷ᠎ᠠ ᠶᠢᠨ 25 ᠤ ᠡᠳᠦᠷ ᠠᠴᠠ ᠬᠤᠶᠢᠰᠢᠬᠢ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠳᠤ᠂ ᠡᠬᠡ ᠮᠥᠩᠭᠦ ᠶᠢ ᠪᠤᠴᠠᠭᠠᠨ ᠬᠦᠤ ᠮᠥᠩᠭᠦ ᠲᠥᠯᠥᠬᠦ ᠶᠢ ᠨᠢ ᠲᠦᠷ ᠴᠠᠭ ᠤᠨ ᠴᠢᠨᠠᠷᠲᠠᠶ ᠪᠠᠷ ᠬᠤᠶᠢᠰᠢᠯᠠᠭᠤᠯᠬᠤ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ᠃ ᠡᠬᠡ ᠮᠥᠩᠭᠦ ᠶᠢ ᠪᠤᠴᠠᠭᠠᠬᠤ ᠬᠤᠭᠤᠴᠠᠭ᠎ᠠ ᠶᠢ ᠨᠢ ᠬᠠᠮᠤᠭ ᠤᠨ ᠤᠷᠲᠤ ᠳᠤ ᠪᠠᠨ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠵᠤ ᠪᠣᠯᠤᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠬᠦᠨᠳᠦ ᠨᠣᠴᠢᠲᠠᠶ ᠨᠥᠯᠥᠭᠡᠯᠡᠭᠳᠡᠭᠰᠡᠨ᠂ ᠰᠡᠷᠭᠦᠭᠡᠯᠲᠡ ᠶᠢᠨ ᠦᠶᠡᠯᠡᠯ ᠢᠶᠠᠷ ᠨᠡᠯᠢᠶᠡᠳ ᠤᠷᠲᠤ ᠪᠥᠭᠡᠳ ᠬᠥᠭᠵᠢᠯᠲᠡ ᠶᠢᠨ ᠢᠷᠡᠭᠡᠳᠦᠶ ᠪᠠᠷ ᠰᠠᠶᠢᠨ ᠪᠠᠶᠢᠭ᠎ᠠ ᠴᠥᠭᠡᠨ ᠲᠣᠭᠠᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠠᠵᠤ ᠠᠬᠤᠶᠢᠯᠠᠯ ᠲᠠᠢ ᠵᠥᠪᠳᠡᠯᠴᠡᠵᠦ ᠪᠠᠶᠢᠭᠠᠳ ᠤᠷᠳᠤᠳᠬᠠᠬᠤ ᠲᠠᠯ᠎ᠠ ᠪᠠᠷ ᠪᠤᠰᠤᠳ ᠲᠤᠬᠢᠷᠠᠭᠤᠯᠭ᠎ᠠ ᠬᠢᠵᠦ ᠪᠣᠯᠤᠨ᠎ᠠ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠮᠵᠢᠯᠴᠠᠨ᠎ᠠ︶        ᠳᠥᠷᠪᠡ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠬᠦ ᠬᠡᠷᠡᠭᠲᠡᠢ        ︵ᠠᠷᠪᠠ︶ ᠳᠡᠯᠭᠡᠭᠦᠷᠴᠢᠨ ᠤ ᠠᠵᠤ ᠠᠬᠤᠢ ᠶᠢᠨ ᠲᠠᠯ᠎ᠠ ᠪᠠᠷ ᠬᠢ ᠬᠢᠵᠠᠭᠠᠷᠯᠠᠬᠤ ᠴᠢᠨᠠᠷᠲᠠᠶ ᠲᠥᠷᠥ ᠶᠢᠨ ᠪᠣᠳᠣᠯᠭ᠎ᠠ ᠶᠢ ᠴᠢᠯᠥᠭᠡᠲᠡᠶ ᠪᠣᠯᠭᠠᠨ᠂ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ ᠦᠭᠡᠢ ᠳᠡᠯᠭᠡᠭᠦᠷᠴᠢᠳ ᠢ ᠬᠠᠮᠢᠶᠠᠷᠬᠤ ᠵᠠᠭᠪᠤᠷ ᠢ ᠵᠣᠬᠢᠰᠲᠠᠢ ᠲᠣᠭᠲᠠᠭᠠᠵᠤ᠂ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠠᠯᠠᠪᠤᠷ ᠭᠠᠵᠠᠷ᠂ ᠴᠠᠭ ᠬᠤᠭᠤᠴᠠᠭ᠎ᠠ ᠶᠢ ᠨᠢ ᠵᠢᠭᠠᠵᠤ ᠲᠣᠭᠲᠠᠭᠠᠨ᠂ ᠠᠵᠢᠯ ᠣᠯᠬᠤ ᠳᠤ ᠬᠦᠴᠢᠷᠲᠡᠶ ᠬᠥᠮᠦᠰ᠂ ᠲᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠦᠰ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠪᠣᠷᠣᠯᠠᠭᠤᠯᠬᠤ᠂ ᠡᠰᠡᠬᠦᠯ᠎ᠡ ᠬᠤᠪᠢ ᠬᠥᠮᠦᠨ ᠥᠪᠡᠷ ᠤᠨ ᠤᠷ᠎ᠠ ᠴᠢᠳᠠᠪᠤᠷᠢ ᠳᠤ ᠪᠠᠨ ᠲᠦᠰᠢᠭᠯᠡᠨ ᠬᠠᠤᠯᠢ ᠶᠣᠰᠣᠭᠠᠷ ᠵᠥᠪᠰᠢᠶᠡᠷᠡᠭᠦᠯᠬᠦ ᠴᠢᠬᠤᠯᠠ ᠦᠭᠡᠢ ᠠᠷᠠᠳ ᠲᠤ ᠲᠦᠬᠦᠮ ᠦᠵᠡᠭᠦᠯᠬᠦ ᠬᠥᠳᠡᠯᠮᠦᠷᠢ ᠦᠢᠯᠡᠴᠢᠯᠡᠭᠡᠨ ᠤ ᠠᠵᠢᠯᠯᠠᠭ᠎ᠠ ᠬᠢᠬᠦ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠵᠢᠯᠴᠠᠨ᠎ᠠ︶        ︵ᠠᠷᠪᠠᠨ ᠨᠢᠭᠡ︶ ᠠᠮᠢᠳᠤᠯᠢᠭ ᠢᠶᠠᠷ ᠠᠵᠢᠯ ᠤᠯᠬᠤ ᠬᠦᠮᠦᠰ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠤᠯᠴᠠᠬᠤ ᠳᠤ ᠥᠪᠡᠷᠲᠡᠭᠡᠨ ᠵᠠᠰᠠᠬᠤ ᠣᠷᠣᠨ ᠳᠠᠬᠢ ᠬᠤᠲᠠ ᠬᠥᠳᠡᠭᠡ ᠶᠢᠨ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠠᠵᠢᠯ ᠣᠯᠬᠤ ᠳᠤ ᠬᠦᠴᠢᠷᠲᠡᠶ ᠬᠥᠮᠦᠰ᠂ ᠰᠤᠷᠭᠠᠭᠤᠯᠢ ᠠᠴᠠ ᠪᠠᠨ ᠰᠠᠯᠵᠤ ᠭᠠᠷᠤᠭᠠᠳ 2 ᠵᠢᠯ ᠳᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠣᠭᠠᠳ 1 ᠵᠢᠯ ᠠᠴᠠ ᠳᠡᠭᠡᠭᠰᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠡᠮᠡᠭᠦᠷᠢ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠵᠢᠯᠴᠠᠨ᠎ᠠ︶        ᠲᠠᠪᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠵᠤ ᠦᠢᠯᠡᠰ ᠴᠣᠭᠴᠠᠯᠠᠬᠤ ᠶᠢ ᠠᠬᠢᠭᠤᠯᠬᠤ ᠬᠡᠷᠡᠭᠲᠡᠢ        ︵ᠠᠷᠪᠠᠨ ᠬᠤᠶᠠᠷ︶ ᠠᠵᠤ ᠠᠬᠤᠶᠢᠯᠠᠯ ᠪᠠ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠠᠵᠢᠯ ᠣᠯᠭᠤᠬᠤ ᠠᠴᠢᠶᠠᠯᠠᠪᠤᠷᠢ ᠪᠠᠷ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠠᠵᠢᠯ ᠣᠯᠭᠤᠭᠰᠠᠨ ᠤ ᠬᠠᠮᠲᠤ 1 ᠵᠢᠯ ᠠᠴᠠ ᠳᠡᠭᠡᠭᠰᠢᠬᠢ ᠬᠦᠳᠡᠯᠮᠦᠷᠢ ᠶᠢᠨ ᠭᠡᠷ᠎ᠡ ᠲᠣᠭᠲᠠᠭᠰᠠᠨ ᠮᠥᠷᠲᠡᠭᠡᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ ᠶᠣᠰᠣᠭᠠᠷ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ ᠯᠡ ᠤᠳᠠᠭ᠎ᠠ ᠳᠤ ᠣᠯᠭᠤᠬᠤ ᠬᠡᠷᠡᠭᠲᠡᠢ᠂ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠭᠰᠠᠨ ᠪᠥᠭᠡᠳ ᠠᠵᠢᠯᠯᠠᠬᠤ ᠪᠠᠷ ᠪᠣᠯᠪᠠᠰᠤᠷᠠᠭᠤᠯᠬᠤ ᠶᠢ ᠣᠷᠣᠯᠠᠭᠤᠯᠤᠭᠰᠠᠨ ᠪᠠᠶᠢᠪᠠᠯ᠂ ᠠᠵᠢᠯ ᠤᠯᠭᠤᠨᠨᠰᠠᠨ ᠬᠥᠮᠦᠨ ᠤ ᠲᠤᠭ᠎ᠠ ᠶᠢ ᠦᠨᠳᠦᠰᠦᠯᠡᠨ᠂ ᠬᠠᠮᠤᠭ ᠤᠨ ᠶᠡᠭᠡ ᠳᠤ ᠪᠠᠨ 6 ᠰᠠᠷ᠎ᠠ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶        ︵ᠠᠷᠪᠠᠨ ᠭᠤᠷᠪᠠ︶ ︽ᠴᠡᠭ ᠠᠴᠠ ᠴᠡᠭ ᠲᠤ ᠬᠠᠨᠳᠤᠭᠤᠯᠤᠭᠰᠠᠨ︾ ᠦᠢᠯᠡᠴᠢᠯᠡᠭᠡ ᠥᠷᠨᠢᠭᠦᠯᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠡᠮᠬᠢ ᠵᠢᠷᠤᠮ ᠲᠠᠢ ᠪᠠᠷ ᠠᠵᠢᠯ ᠤᠨ ᠪᠠᠶᠢᠷᠢᠨ ᠳᠤ ᠪᠠᠨ ᠪᠤᠴᠠᠵᠦ ᠠᠵᠢᠯᠯᠠᠬᠤ ᠶᠢ ᠬᠥᠲᠥᠯᠥᠨ ᠵᠢᠯᠣᠭᠤᠳᠴᠤ᠂ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠳᠤ ᠦᠢᠯᠡᠴᠢᠯᠡᠬᠦ ᠪᠠᠶᠢᠭᠤᠯᠤᠮᠵᠢ᠂ ᠬᠥᠮᠦᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠵᠢᠴᠢ ᠬᠥᠳᠡᠯᠮᠦᠷᠢ ᠦᠢᠯᠡᠴᠢᠯᠡᠭᠡᠨ ᠤ ᠡᠷᠬᠢᠯᠡᠨ ᠵᠠᠭᠤᠴᠢᠯᠠᠭᠴᠢᠳ ᠲᠤ ᠣᠷᠣᠨ ᠪᠦᠰᠡ ᠠᠯᠤᠰᠯᠠᠨ ᠬᠥᠳᠡᠯᠮᠦᠷᠢ ᠦᠢᠯᠡᠴᠢᠯᠡᠭᠡ ᠪᠠᠨ ᠭᠠᠳᠠᠭᠰᠢ ᠭᠠᠷᠭᠠᠬᠤ ᠶᠢ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠠᠵᠢᠯᠯᠠᠭᠤᠯᠬᠤ ᠶᠢᠨ ᠬᠠᠮᠲᠤ᠂ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠶᠢ ᠬᠠᠪᠰᠤᠷᠤᠨ ᠲᠣᠭᠲᠠᠭᠠᠭᠰᠠᠨ ᠪᠠᠶᠢᠪᠠᠯ᠂ ᠲᠣᠭᠲᠠᠭᠠᠯ ᠶᠣᠰᠣᠭᠠᠷ ᠬᠥᠮᠦᠨ ᠪᠦᠷᠢ ᠳᠤ 100 ᠲᠥᠭᠦᠷᠢᠭ ᠤᠨ ᠠᠵᠢᠯ ᠣᠯᠭᠤᠵᠤ ᠦᠢᠯᠡᠰ ᠴᠣᠭᠴᠠᠯᠠᠭᠰᠠᠨ ᠦᠢᠯᠡᠴᠢᠯᠡᠭᠡᠨ ᠤ ᠨᠡᠮᠡᠭᠦᠷᠢ ᠣᠯᠭᠤᠬᠤ ᠬᠡᠷᠡᠭᠲᠡᠢ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠵᠣᠬᠢᠶᠠᠨ ᠪᠠᠶᠢᠭᠤᠯᠤᠯᠲᠠ ᠲᠠᠢ ᠪᠠᠷ ᠭᠠᠳᠠᠭᠰᠢ ᠭᠠᠷᠭᠠᠭᠰᠠᠨ ᠪᠠᠶᠢᠪᠠᠯ᠂ ᠠᠵᠢᠯ ᠣᠯᠭᠤᠵᠤ ᠦᠢᠯᠡᠰ ᠴᠣᠭᠴᠠᠯᠠᠬᠤ ᠨᠥᠬᠦᠪᠥᠷᠢ ᠪᠠᠷ ᠳᠠᠮᠵᠢᠭᠤᠯᠤᠨ ᠲᠡᠳᠡᠨ ᠤ ᠦᠨᠳᠦᠰᠦᠨ ᠦᠢᠯᠡᠴᠢᠯᠡᠭᠡᠨ ᠤ ᠦᠷ᠎ᠡ ᠪᠦᠲᠦᠭᠡᠯ ᠢ ᠬᠤᠳᠠᠯᠳᠤᠨ ᠠᠪᠴᠤ ᠪᠣᠯᠤᠨ᠎ᠠ᠂ ᠪᠣᠳᠠᠲᠠᠶ ᠬᠡᠷᠡᠭᠵᠢᠭᠦᠯᠬᠦ ᠠᠷᠭ᠎ᠠ ᠶᠢ ᠡᠯ᠎ᠡ ᠠᠶᠢᠮᠠᠭ ᠬᠤᠲᠠ ᠲᠣᠭᠲᠠᠭᠠᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠮᠵᠢᠯᠴᠠᠨ᠎ᠠ︶        ︵ᠠᠷᠪᠠᠨ ᠳᠥᠷᠪᠡ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠤᠴᠠᠵᠤ ᠦᠢᠯᠡᠰ ᠴᠣᠭᠴᠠᠯᠠᠬᠤ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠨᠤᠲᠤᠭ ᠲᠤ ᠪᠠᠨ ᠪᠤᠴᠠᠵᠤ ᠦᠢᠯᠡᠰ ᠴᠣᠭᠴᠠᠯᠠᠬᠤ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢ ᠤᠷᠢᠳ ᠢᠶᠠᠷ ᠪᠠᠲᠤᠯᠠᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠢ ᠵᠠᠰᠠᠭ ᠤᠨ ᠣᠷᠳᠣᠨ ᠠᠴᠠ ᠭᠤᠤᠯᠯᠠᠭᠤᠯᠤᠨ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ ᠲᠠᠬᠢ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠲᠠᠰᠤᠭ ᠲᠤ ᠦᠢᠯᠡᠰ ᠴᠤᠭᠴᠠᠯᠪᠠᠯ᠂ 3 ᠵᠢᠯ ᠤᠨ ᠳᠣᠲᠣᠷ᠎ᠠ ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠰᠦᠢᠳᠬᠡᠯ᠂ ᠠᠷᠢᠭᠤᠨ ᠴᠡᠪᠡᠷ ᠤᠨ ᠰᠦᠢᠳᠬᠡᠯ᠂ ᠤᠰᠤ ᠴᠠᠬᠢᠯᠭᠠᠨ ᠳᠤᠯᠠᠭᠠᠯᠠᠭ᠎ᠠ ᠵᠡᠷᠭᠡ ᠰᠦᠢᠳᠬᠡᠯ ᠢ ᠬᠡᠯᠲᠦᠷᠢᠭᠦᠯᠬᠦ ᠬᠡᠷᠡᠭᠲᠡᠢ᠃ ᠲᠦᠷᠢᠶᠡᠰᠦᠯᠡᠬᠦ ᠵᠡᠷᠭᠡ ᠡᠷᠭᠢᠯᠳᠦᠭᠦᠯᠬᠦ ᠬᠡᠯᠪᠡᠷᠢ ᠪᠠᠷ ᠬᠠᠮᠲᠤ ᠶᠢᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠣᠯᠵᠤ ᠲᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠬᠤᠪᠢᠷᠠᠭᠤᠯᠤᠭᠰᠠᠨ ᠦᠭᠡᠢ ᠪᠠᠶᠢᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠣᠰᠣᠭᠠᠷ ᠬᠠᠮᠢᠶ᠎ᠠ ᠪᠦᠬᠦᠢ ᠰᠦᠢᠳᠬᠡᠯ ᠢ ᠨᠢ ᠬᠡᠯᠲᠦᠷᠢᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠵᠢᠯᠴᠠᠨ᠎ᠠ︶        ︵ᠠᠷᠪᠠᠨ ᠲᠠᠪᠤ︶ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ ᠤᠷᠢᠳ ᠢᠶᠠᠷ ᠳᠠᠮᠵᠢᠵᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠪᠥᠬᠦ ᠲᠠᠯ᠎ᠠ ᠪᠠᠷ ᠨᠠᠷᠢᠨ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠲᠥᠷᠥ ᠶᠢᠨ ᠪᠣᠳᠣᠯᠭ᠎ᠠ ᠬᠦᠷᠲᠡᠬᠦ ᠨᠥᠬᠦᠴᠡᠯ ᠳᠤ ᠨᠡᠶᠢᠴᠡᠭᠰᠡᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠪᠦᠬᠦᠨ ᠢ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠡᠳᠬᠦᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ᠂ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠬᠦ᠂ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠳᠤ ᠶᠠᠳᠠᠭᠤ ᠬᠦᠴᠢᠷᠳᠡᠯᠲᠡᠶ ᠬᠦᠳᠡᠯᠮᠦᠷᠢ ᠬᠦᠴᠦᠨ ᠢ ᠡᠩ ᠲᠡᠷᠢᠭᠦᠨ ᠳᠤ ᠵᠣᠬᠢᠶᠠᠨ ᠪᠠᠶᠢᠭᠤᠯᠤᠨ ᠬᠡᠷᠡᠭᠯᠡᠵᠦ᠂ ᠠᠵᠤ ᠠᠬᠤᠶᠢᠯᠠᠯ ᠳᠤ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠢ ᠨᠡᠩ ᠶᠡᠭᠡ ᠪᠠᠷ ᠡᠯᠰᠡᠨ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃ ᠶᠠᠳᠠᠭᠤ ᠶᠢ ᠲᠡᠳᠬᠦᠬᠦ ᠬᠦᠲᠦᠴᠢ ᠠᠵᠤ ᠠᠬᠤᠶᠢᠯᠠᠯ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠳ ᠤᠨ ᠠᠵᠢᠯ ᠢᠶᠠᠨ ᠲᠦᠷᠭᠡᠬᠡᠨ ᠰᠡᠷᠭᠦᠭᠡᠬᠦ ᠶᠢ ᠳᠡᠮᠵᠢᠬᠦ ᠬᠡᠷᠡᠭᠲᠡᠶ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠶᠢ ᠵᠢᠷᠤᠮᠵᠢᠭᠤᠯᠵᠤ᠂ ︽ᠨᠤᠲᠤᠭ ᠠᠴᠠ ᠪᠠᠨ ᠰᠠᠯᠬᠤ ᠶᠢᠨ ᠠᠷᠭ᠎ᠠ ᠦᠭᠡᠢ᠂ ᠲᠡᠳᠭᠦᠮᠡᠷ ᠠᠵᠢᠯ ᠦᠭᠡᠢ᠂ ᠶᠠᠳᠠᠭᠤ ᠠᠴᠠ ᠠᠩᠭᠢᠵᠢᠷᠠᠬᠤ ᠬᠦᠴᠦᠨ ᠦᠭᠡᠢ︾ ᠮᠥᠷᠲᠡᠭᠡᠨ ᠠᠵᠢᠯ ᠤᠨ ᠪᠠᠶᠢᠷᠢ ᠶᠢᠨ ᠠᠵᠢᠯ ᠢ ᠬᠢᠬᠦ ᠴᠢᠳᠠᠪᠤᠷᠢ ᠲᠠᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠤᠷᠢᠳ ᠢᠶᠠᠷ ᠲᠥᠪᠬᠢᠨᠡᠭᠦᠯᠬᠦ ᠬᠡᠷᠡᠭᠲᠡᠢ᠃ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠬᠡᠪᠴᠢᠶ᠎ᠡ ᠨᠢ ᠶᠡᠭᠡ ᠪᠠᠶᠢᠪᠠᠯ᠂ ᠡᠯ᠎ᠡ ᠭᠠᠵᠠᠷ ᠣᠷᠣᠨ ᠨᠢ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠨ ᠭᠦᠬᠢᠭᠦᠯᠵᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ᠂ ᠲᠠᠷᠢᠶᠠᠯᠠᠩ ᠮᠠᠯ ᠠᠵᠤ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶        ᠵᠢᠷᠭᠤᠭ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠭᠡᠬᠦ ᠬᠡᠷᠡᠭᠲᠡᠢ        ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠤ ᠬᠠᠮᠲᠤ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ ᠶᠣᠰᠣᠭᠠᠷ ᠠᠵᠤ ᠠᠬᠤᠶᠢᠯᠠᠯ ᠳᠤ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ ᠯᠡ ᠤᠳᠠᠭ᠎ᠠ ᠳᠤ ᠣᠯᠭᠤᠬᠤ ᠬᠡᠷᠡᠭᠲᠡᠢ᠂ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ᠵᠡᠷᠭᠡ ᠬᠠᠮᠵᠢᠯᠴᠠᠨ᠎ᠠ︶        ︵ᠠᠷᠪᠠᠨ ᠳᠣᠯᠤᠭ᠎ᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ 2020 ᠣᠨ ᠪᠠ 2021 ᠣᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠬᠡᠪᠴᠢᠶ᠎ᠡ ᠪᠠᠨ ᠦᠷᠭᠦᠯᠵᠢᠯᠡᠨ ᠥᠷᠭᠡᠳᠭᠡᠬᠦ ᠬᠡᠷᠡᠭᠲᠡᠢ᠂ ᠲᠣᠰ ᠨᠢᠭᠡᠴᠢ ᠳᠤ ᠳᠠᠳᠤᠯᠭ᠎ᠠ ᠬᠢᠭᠰᠡᠨ ᠬᠤᠭᠤᠴᠠᠭ᠎ᠠ ᠶᠢ ᠤᠷᠢᠵᠤ ᠡᠯᠰᠡᠨ ᠠᠵᠢᠯ ᠣᠯᠭᠤᠬᠤ ᠤᠷᠢᠲᠠᠯ ᠨᠥᠬᠦᠴᠡᠯ ᠪᠣᠯᠭᠠᠵᠤ ᠪᠣᠯᠬᠤ ᠥᠬᠡᠶ᠃ ᠣᠨᠴᠠᠭᠠᠢ ᠠᠵᠤ ᠠᠬᠤᠶᠢᠯᠠᠯ ᠢ ᠭᠠᠷᠭᠠᠪᠠᠯ᠂ ᠵᠠᠷᠴᠢᠮ ᠳᠡᠭᠡᠷ᠎ᠡ ᠪᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠨ ᠤ ᠤᠷᠢᠵᠤ ᠡᠯᠰᠡᠬᠦ ᠲᠥᠯᠥᠪᠯᠡᠭᠡ ᠳᠠᠬᠢ ᠲᠤᠰ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠬᠠᠷᠢᠴᠠᠯ ᠢᠶᠠᠨ 80% ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯᠴᠢᠯᠠᠨ ᠬᠠᠮᠢᠶᠠᠷᠬᠤ ᠨᠢᠭᠡᠴᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠠᠷᠪᠠᠨ ᠨᠠᠢᠮᠠ︶ ᠡᠯ᠎ᠡ ᠱᠠᠲᠤᠨ ᠤ ᠠᠵᠢᠯ ᠦᠢᠯᠡᠰ ᠤᠨ ᠨᠢᠭᠡᠴᠢ ᠨᠢ 2020 ᠣᠨ ᠪᠠ 2021 ᠣᠨ ᠤ ᠬᠤᠭᠤᠰᠣᠨ ᠣᠷᠣᠨ ᠲᠤᠭ᠎ᠠ ᠲᠠᠢ ᠠᠵᠢᠯ ᠤᠨ ᠪᠠᠶᠢᠷᠢ ᠶᠢ ᠭᠤᠤᠯᠳᠠᠭᠤ ᠲᠤᠰ ᠵᠢᠯ ᠤᠨ ᠲᠡᠭᠦᠰᠬᠦ ᠰᠤᠷᠤᠭᠴᠢᠳ ᠪᠠ ᠠᠵᠢᠯ ᠡᠷᠢᠵᠦ ᠪᠠᠶᠢᠭ᠎ᠠ ᠡᠨᠡ ᠬᠦ ᠬᠤᠭᠤᠴᠠᠭᠠᠨ ᠳᠤ ᠪᠠᠨ ᠠᠵᠢᠯᠯᠠᠬᠤ ᠨᠢᠭᠡᠴᠢ ᠦᠭᠡᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠤᠰᠬᠠᠶᠢᠯᠠᠨ ᠤᠷᠢᠵᠤ ᠡᠯᠰᠡᠬᠦ ᠳᠤ ᠬᠡᠷᠡᠭᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠮᠢᠶᠠᠷᠤᠯᠲᠠ ᠪᠠ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠬᠡᠪᠴᠢᠶ᠎ᠡ ᠪᠠᠨ ᠥᠷᠭᠡᠳᠬᠡᠨ᠂ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ 50% ᠠᠴᠠ ᠳᠣᠤᠷ᠎ᠠ ᠪᠠᠶᠢᠯᠭᠠᠬᠤ ᠦᠭᠡᠶ ᠬᠠᠷᠢᠴᠠᠯ ᠢᠶᠠᠷ ᠲᠣᠬᠢᠷᠠᠭᠤᠯᠵᠤ ᠠᠵᠢᠯ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶᠠᠨ ᠤ ᠣᠷᠣᠨ ᠲᠤᠭᠠᠨ ᠤ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠠᠷᠪᠠ ᠶᠢᠰᠦ︶ 2020 ᠣᠨ ᠳᠤ ᠠᠰᠫᠢᠷᠠᠨᠲ ᠡᠯᠰᠡᠬᠦ ᠬᠡᠪᠴᠢᠶ᠎ᠡ ᠶᠢ 20% ᠠᠴᠠ ᠳᠡᠭᠡᠭᠰᠢ ᠨᠡᠮᠡᠭᠳᠡᠭᠦᠯᠵᠦ᠂ ᠰᠣᠷᠣᠭᠴᠢ ᠡᠯᠰᠡᠬᠦ ᠲᠥᠯᠥᠪᠯᠡᠭᠡ ᠶᠢ 1.2 ᠲᠦᠮᠡ ᠭᠠᠷᠤᠢ ᠪᠣᠯᠭᠠᠬᠤ ᠬᠡᠷᠡᠭᠲᠡᠢ︔ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠰᠣᠷᠣᠭᠴᠢ ᠡᠯᠰᠡᠬᠦ ᠬᠡᠪᠴᠢᠶ᠎ᠡ ᠶᠢ ᠨᠡᠮᠡᠭᠳᠡᠭᠦᠯᠵᠦ᠂ ᠰᠣᠷᠣᠭᠴᠢ ᠡᠯᠰᠡᠬᠦ ᠬᠠᠷᠢᠴᠠᠯ ᠢ 5% ᠠᠴᠠ ᠨᠡᠮᠡᠭᠳᠡᠬᠦᠯᠦᠬᠡᠳ 15% ᠪᠣᠯᠭᠠᠬᠤ ᠬᠡᠷᠡᠭᠲᠡᠢ᠃ ᠴᠡᠷᠢᠭ ᠲᠤ ᠡᠯᠰᠡᠬᠦ ᠤᠶᠤᠲᠠᠳ ᠤᠨ ᠬᠡᠪᠴᠢᠶ᠎ᠡ ᠶᠢ ᠨᠡᠮᠡᠭᠳᠡᠭᠦᠯᠵᠦ᠂ ᠴᠡᠷᠢᠭ ᠲᠤ ᠡᠯᠰᠡᠬᠦ ᠶᠡᠷᠦᠩᠬᠡᠶ ᠡᠭᠦᠷᠭᠡ ᠳᠤ ᠲᠣᠰ ᠵᠢᠯ ᠤᠨ ᠲᠡᠭᠦᠰᠦᠭᠰᠡᠳ ᠢ ᠡᠯᠰᠡᠬᠦ ᠳᠤ ᠪᠠᠨ ᠬᠢᠵᠠᠭᠠᠷᠯᠠᠬᠤ ᠲᠤᠭ᠎ᠠ ᠲᠣᠭᠲᠠᠭᠠᠬᠤ ᠦᠭᠡᠢ᠂ ᠴᠡᠷᠢᠭ ᠲᠤ ᠡᠯᠰᠡᠪᠡᠰᠦ ᠵᠣᠬᠢᠬᠤ ᠪᠦᠬᠦᠨ ᠢ ᠡᠯᠰᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠬᠤᠷᠢ︶ ᠬᠥᠮᠦᠨ ᠬᠡᠷᠡᠭᠯᠡᠬᠦ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠨᠢᠭᠤᠷᠳᠠᠨ ᠰᠢᠯᠭᠠᠵᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠪᠠᠶᠢᠴᠠᠭᠠᠯᠲᠠ ᠪᠠ ᠭᠡᠷ᠎ᠡ ᠲᠣᠭᠲᠠᠵᠤ ᠡᠯᠰᠡᠨ ᠠᠵᠢᠯᠯᠠᠭᠤᠯᠬᠤ ᠴᠠᠭ ᠢ ᠬᠤᠶᠢᠰᠢᠯᠠᠭᠤᠯᠵᠤ᠂ ᠰᠤᠷᠭᠠᠭᠤᠯᠢ ᠠᠴᠠ ᠰᠠᠯᠵᠤ ᠭᠠᠷᠬᠤ ᠪᠠᠨ ᠬᠤᠶᠢᠰᠢᠯᠠᠭᠤᠯᠤᠭᠰᠠᠨ ᠲᠣᠰ ᠵᠢᠯ ᠤᠨ ᠲᠡᠭᠦᠰᠦᠭᠰᠡᠳ ᠤᠨ ᠨᠡᠷ᠎ᠡ ᠪᠠᠨ ᠮᠡᠳᠡᠭᠦᠯᠬᠦ ᠶᠢ ᠨᠢ ᠬᠦᠯᠢᠶᠡᠨ ᠠᠪᠬᠤ᠂ ᠳᠠᠩᠰᠠ ᠡᠪᠬᠡᠮᠡᠯ ᠢ ᠨᠢ ᠰᠢᠯᠵᠢᠭᠦᠯᠦᠨ ᠥᠭᠬᠦ᠂ ᠡᠷᠦᠬᠡ ᠠᠮᠠ ᠶᠢ ᠨᠢ ᠭᠦᠢᠴᠡᠳᠭᠡᠬᠦ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠬᠤ ᠬᠡᠷᠡᠭᠲᠡᠶ᠃ ᠰᠤᠷᠭᠠᠭᠤᠯᠢ ᠠᠴᠠ ᠪᠠᠨ ᠰᠠᠯᠵᠤ ᠭᠠᠷᠤᠭᠠᠳ ᠠᠵᠢᠯ ᠣᠯᠤᠭᠠᠳᠤᠶ ᠲᠡᠭᠦᠰᠦᠭᠰᠡᠳ ᠥᠪᠡᠷ ᠤᠨ ᠬᠦᠰᠡᠯ ᠪᠣᠳᠣᠯ ᠢᠶᠠᠨ ᠦᠨᠳᠦᠰᠦᠯᠡᠵᠦ᠂ ᠡᠷᠦᠬᠡ ᠠᠮᠠ᠂ ᠳᠠᠩᠰᠠ ᠡᠪᠬᠡᠮᠡᠯ ᠢᠶᠠᠨ ᠰᠤᠷᠭᠠᠭᠤᠯᠢ ᠳᠤ ᠪᠠᠨ 2 ᠵᠢᠯ ᠬᠠᠳᠠᠭᠠᠯᠠᠭᠤᠯᠬᠤ ᠪᠤᠶᠤ ᠰᠤᠷᠤᠭᠴᠢ ᠶᠢᠨ ᠰᠢᠯᠭᠠᠵᠤ ᠢᠷᠡᠭᠰᠡᠨ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠳᠤ ᠦᠢᠯᠡᠴᠢᠯᠡᠬᠦ ᠪᠠᠶᠢᠭᠤᠯᠤᠮᠵᠢ ᠳᠤ ᠨᠢ ᠰᠢᠯᠵᠢᠭᠦᠯᠦᠨ ᠥᠭᠴᠦ᠂ ᠲᠤᠰ ᠵᠢᠯ ᠤᠨ ᠲᠡᠭᠦᠰᠦᠭᠰᠡᠳ ᠤᠨ ᠬᠤᠪᠢ ᠪᠠᠷ ᠠᠵᠢᠯᠲᠠᠨ ᠬᠡᠷᠡᠭᠯᠡᠬᠦ ᠨᠢᠭᠡᠴᠢ ᠶᠢᠨ ᠰᠢᠯᠭᠠᠯᠲᠠ᠂ ᠡᠯᠰᠡᠨ ᠬᠡᠷᠡᠭᠯᠡᠬᠦ ᠳᠤ ᠣᠷᠣᠯᠴᠠᠭᠤᠯᠬᠤ ᠬᠡᠷᠡᠭᠲᠡᠶ᠂ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠲᠣᠰ ᠵᠢᠯ ᠤᠨ ᠲᠡᠭᠦᠰᠦᠭᠰᠡᠳ ᠢᠶᠠᠷ ᠯᠠᠪᠯᠠᠯᠲᠠ ᠪᠣᠯᠭᠠᠵᠤ ᠬᠠᠮᠢᠶ᠎ᠠ ᠪᠥᠬᠦᠶ ᠭᠠᠷᠳᠠᠮ ᠢ ᠨᠢ ᠭᠦᠢᠴᠡᠳᠭᠡᠵᠦ ᠥᠭᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠠᠮᠵᠢᠯᠴᠠᠨ᠎ᠠ︶        ᠳᠣᠯᠤᠭ᠎ᠠ᠂ ᠬᠦᠴᠢᠷᠳᠡᠯᠲᠡᠶ ᠬᠥᠮᠦᠰ ᠲᠤ ᠰᠠᠭᠤᠷᠢ ᠠᠴᠠ ᠨᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ        ︵ᠬᠤᠷᠢᠨ ᠨᠢᠭᠡ︶ ᠲᠣᠰ ᠵᠢᠯ ᠤᠨ ᠳᠣᠲᠣᠷ᠎ᠠ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠬᠤᠭᠤᠴᠠᠭ᠎ᠠ ᠨᠢ ᠲᠤᠯᠤᠭᠰᠠᠨ ᠪᠣᠯᠪᠠᠴᠤ ᠪᠠᠰᠠ ᠠᠵᠢᠯ ᠣᠯᠤᠭᠠᠳᠤᠶ ᠠᠵᠢᠯ ᠠᠯᠳᠠᠭᠰᠠᠳ᠂ ᠠᠵᠢᠯ ᠠᠯᠳᠠᠭᠰᠠᠳ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠰᠠᠨ ᠪᠥᠭᠡᠳ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠣᠯᠪᠠᠴᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠨᠥᠬᠦᠴᠡᠯ ᠳᠤ ᠨᠡᠶᠢᠴᠡᠬᠦ ᠦᠭᠡᠢ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠪᠠ ᠲᠡᠳᠡᠨ ᠤ ᠠᠵᠢᠯᠯᠠᠵᠤ ᠪᠠᠶᠢᠭ᠎ᠠ ᠨᠢᠭᠡᠴᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠪᠣᠯᠪᠠᠴᠤ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠪᠠᠷ ᠲᠣᠭᠲᠠᠭᠠᠭᠰᠠᠨ ᠨᠢᠭᠡ ᠯᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠠᠪᠬᠤ ᠨᠥᠬᠦᠴᠡᠯ ᠳᠤ ᠨᠡᠶᠢᠴᠡᠬᠦ ᠦᠭᠡᠢ ᠠᠵᠢᠯ ᠠᠯᠳᠠᠭᠰᠠᠳ ᠲᠤ ᠠᠵᠢᠯ ᠠᠯᠳᠠᠭᠰᠠᠳ ᠤᠨ ᠨᠥᠬᠦᠪᠥᠷᠢ ᠮᠥᠩᠭᠦ ᠶᠢ ᠨᠢ 6 ᠰᠠᠷ᠎ᠠ ᠪᠠᠷ ᠨᠢᠭᠡᠳᠦᠯᠲᠡᠶ ᠣᠯᠭᠤᠬᠤ ᠬᠡᠷᠡᠭᠲᠡᠢ᠂ ᠪᠠᠷᠢᠮᠵᠢᠶ᠎ᠠ ᠶᠢ ᠨᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ 1 — 12 ᠳ᠋ᠤᠭᠠᠷ ᠰᠠᠷ᠎ᠠ ᠬᠦᠷᠲᠡᠯᠡᠬᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦᠨ ᠤ ᠪᠠᠷᠢᠮᠵᠢᠶ᠎ᠠ ᠶᠢᠨ 80% ᠪᠠᠷ ᠲᠣᠭᠲᠠᠭᠠᠬᠤ ᠬᠡᠷᠡᠭᠲᠡᠢ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠬᠤᠭᠤᠴᠠᠭ᠎ᠠ ᠨᠢ ᠲᠤᠯᠤᠭᠰᠠᠨ ᠪᠣᠯᠪᠠᠴᠤ ᠪᠠᠰᠠ ᠠᠵᠢᠯ ᠣᠯᠤᠭᠠᠳᠤᠢ ᠮᠥᠷᠲᠡᠭᠡᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠬᠤᠭᠤᠴᠠᠭ᠎ᠠ ᠲᠤᠯᠳᠠᠯ᠎ᠠ 1 ᠵᠢᠯ ᠪᠠᠶᠢᠬᠤ ᠦᠭᠡᠢ ᠬᠥᠮᠦᠰ ᠲᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠦᠷᠭᠦᠯᠵᠢᠯᠡᠨ ᠣᠯᠭᠤᠵᠤ ᠪᠣᠯᠣᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠬᠤᠷᠢᠨ ᠬᠤᠶᠠᠷ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠪᠠᠰᠠ ᠲᠣᠭᠲᠠᠪᠤᠷᠢᠲᠠᠶ ᠠᠵᠢᠯ ᠣᠯᠣᠭᠠᠳᠤᠢ ᠪᠠᠶᠢᠪᠠᠯ᠂ ᠲᠥᠷᠥ ᠶᠢᠨ ᠪᠣᠳᠣᠯᠭ᠎ᠠ ᠪᠠᠷ ᠬᠠᠷᠠᠭᠠᠯᠵᠠᠯ ᠬᠦᠷᠲᠡᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ ᠪᠣᠯᠤᠨ᠎ᠠ︔ ᠠᠵᠢᠯ ᠣᠯᠬᠤ ᠳᠤ ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠵᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠡᠮᠡᠭᠦᠷᠢ ᠬᠦᠷᠲᠡᠬᠦ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ ᠲᠤᠯᠤᠭᠰᠠᠨ ᠪᠣᠯᠪᠠᠴᠤ ᠪᠠᠰᠠ ᠲᠣᠭᠲᠠᠪᠤᠷᠢᠲᠠᠶ ᠠᠵᠢᠯ ᠣᠯᠣᠭᠠᠳᠤᠢ ᠪᠠᠶᠢᠪᠠᠯ᠂ ᠲᠥᠷᠥ ᠶᠢᠨ ᠪᠣᠳᠣᠯᠭ᠎ᠠ ᠪᠠᠷ ᠬᠠᠷᠠᠭᠠᠯᠵᠠᠯ ᠬᠦᠷᠲᠡᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ ᠪᠣᠯᠤᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠭᠤᠬᠤ ᠳᠤ ᠦᠨᠡᠨ ᠬᠦ ᠬᠦᠴᠢᠷᠲᠡᠶ ᠲᠡᠳᠡᠭᠡᠷ ᠠᠵᠢᠯ ᠤᠯᠬᠤ ᠳᠤ ᠬᠦᠴᠢᠷᠳᠡᠵᠦ ᠪᠠᠶᠢᠭ᠎ᠠ ᠬᠥᠮᠦᠰ ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠠᠰᠢᠭᠯᠠᠨ ᠰᠠᠭᠤᠷᠢ ᠠᠴᠠ ᠨᠢ ᠪᠠᠲᠤᠯᠠᠵᠤ ᠲᠥᠪᠬᠢᠨᠡᠭᠦᠯᠬᠦ ᠬᠡᠷᠡᠭᠲᠡᠢ᠃ ᠠᠷᠢᠭᠤᠳᠬᠠᠨ ᠴᠡᠪᠡᠷᠯᠡᠵᠦ ᠬᠢᠵᠢᠭ ᠰᠡᠷᠭᠡᠶᠢᠯᠡᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠨᠢᠭᠡ ᠪᠦᠯᠦᠭ ᠲᠦᠷ ᠴᠠᠭ ᠤᠨ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠭᠠᠷᠭᠠᠵᠤ᠂ ᠠᠵᠢᠯ ᠤᠨ ᠡᠭᠦᠷᠭᠡ ᠪᠠ ᠠᠵᠢᠯᠯᠠᠬᠤ ᠴᠠᠭ ᠢ ᠦᠨᠳᠦᠰᠦᠯᠡᠨ᠂ ᠵᠣᠬᠢᠬᠤ ᠬᠡᠮᠵᠢᠶᠡᠨ ᠤ ᠠᠵᠢᠯ ᠤᠨ ᠪᠠᠶᠢᠷᠢ ᠶᠢᠨ ᠨᠡᠮᠡᠭᠦᠷᠢ ᠪᠠ ᠨᠡᠶᠢᠭᠡᠮ ᠤᠨ ᠳᠠᠭᠠᠳᠬᠠᠯ ᠤᠨ ᠨᠡᠮᠡᠭᠦᠷᠢ ᠣᠯᠭᠤᠬᠤ ᠬᠡᠷᠡᠭᠲᠡᠢ᠂ ᠨᠡᠮᠡᠭᠦᠷᠢ ᠣᠯᠭᠤᠬᠤ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ᠃ ᠬᠡᠷᠡᠭᠰᠡᠬᠦ ᠪᠡᠯᠡ ᠮᠥᠩᠭᠦ ᠶᠢ ᠠᠵᠢᠯ ᠣᠯᠭᠤᠬᠤ ᠨᠦᠬᠦᠪᠦᠷᠢ ᠶᠢᠨ ᠪᠡᠯᠡ ᠮᠥᠩᠭᠦ ᠠᠴᠠ ᠵᠠᠷᠤᠴᠠᠭᠤᠯᠵᠤ ᠪᠣᠯᠤᠨ᠎ᠠ᠃ ᠠᠵᠤ ᠠᠬᠤᠶᠢᠯᠠᠯ ᠨᠢ ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠦᠭᠡᠳ ᠬᠠᠭᠠᠰ ᠵᠢᠯ ᠭᠠᠷᠤᠢ ᠪᠣᠯᠣᠭᠰᠠᠨ ᠬᠥᠮᠦᠰ ᠲᠤ ᠠᠵᠢᠯ ᠣᠯᠭᠤᠭᠰᠠᠨ ᠪᠥᠭᠡᠳ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠳᠠᠭᠠᠤ ᠳᠤ ᠨᠡᠶᠢᠭᠡᠮ ᠤᠨ ᠳᠠᠭᠠᠳᠬᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠢᠶᠠᠷ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ ᠯᠡ ᠤᠳᠠᠭ᠎ᠠ ᠳᠤ ᠥᠭᠴᠦ ᠪᠣᠯᠤᠨ᠎ᠠ᠂ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶          ᠨᠠᠢᠮᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠭᠡᠨ ᠬᠡᠪᠴᠢᠶ᠎ᠡ ᠲᠠᠢ ᠥᠷᠨᠢᠭᠦᠯᠬᠦ ᠬᠡᠷᠡᠭᠲᠡᠢ        ︵ᠬᠤᠷᠢᠨ ᠭᠤᠷᠪᠠ︶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠳᠡᠭᠡᠭᠰᠢᠯᠡᠭᠦᠯᠬᠦ ᠪᠠ ᠠᠵᠢᠯ ᠤᠨ ᠪᠠᠶᠢᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ᠂ ᠠᠵᠤ ᠠᠬᠤᠶᠢᠯᠠᠯ ᠪᠤᠶᠤ ᠠᠵᠤ ᠠᠬᠤᠶᠢᠯᠠᠯ ᠤᠨ ᠨᠠᠶᠢᠳᠠᠵᠤ ᠪᠣᠯᠪᠠᠰᠤᠷᠠᠭᠤᠯᠬᠤ ᠪᠠᠶᠢᠭᠤᠯᠤᠮᠵᠢ ᠨᠢ ᠠᠵᠢᠯᠲᠠᠨ ᠠᠵᠢᠯᠴᠢᠨ ︵ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠬᠥᠳᠡᠯᠮᠦᠷᠢ ᠦᠢᠯᠡᠴᠢᠯᠡᠭᠡᠨ ᠢᠶᠠᠷ ᠲᠣᠮᠢᠯᠠᠭᠳᠠᠭᠰᠠᠨ ᠬᠥᠮᠦᠰ ᠢ ᠪᠠᠭᠲᠠᠭᠠᠨ᠎ᠠ᠂ ᠳᠣᠷᠣᠭᠰᠢ ᠠᠳᠠᠯᠢ︶ ᠢᠶᠠᠨ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ ᠠᠵᠢᠯ ᠤᠨ ᠪᠠᠶᠢᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠥᠷᠨᠢᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠠᠵᠢᠯᠯᠠᠭᠠᠨ ᠤ ᠪᠠᠯᠠ ᠮᠥᠩᠭᠦᠨ ᠤ ᠬᠡᠷᠡᠭᠯᠡᠵᠦ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ︹2019︺ 60 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠰᠦᠯᠵᠢᠶᠡᠨ ᠳᠠᠬᠢ ᠨᠡᠮᠡᠭᠦᠷᠢ ᠥᠭᠬᠦ ᠴᠢᠨᠠᠷᠲᠠᠶ ᠪᠣᠯᠪᠠᠰᠤᠷᠠᠭᠤᠯᠤᠯ ᠥᠷᠨᠢᠭᠦᠯᠦᠭᠰᠡᠨ ᠪᠠᠶᠢᠪᠠᠯ᠂ ᠴᠥᠮ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠳᠡᠭᠡᠭᠰᠢᠯᠡᠭᠦᠯᠬᠦ ᠨᠡᠮᠡᠭᠦᠷᠢ ᠶᠢ ᠲᠣᠭᠲᠠᠭᠠᠯ ᠶᠣᠰᠣᠭᠠᠷ ᠭᠤᠶᠤᠴᠢᠯᠠᠨ ᠠᠪᠴᠤ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠬᠤᠷᠢᠨ ᠳᠥᠷᠪᠡ︶ ᠠᠮᠤᠷ ᠲᠦᠪᠰᠢᠨ ᠤ ᠤᠷ᠎ᠠ ᠴᠢᠳᠠᠪᠤᠷᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠤᠷ᠎ᠠ ᠴᠢᠳᠠᠪᠤᠷᠢ ᠶᠢᠨ ᠠᠵᠢᠯ ᠤᠨ ᠪᠠᠶᠢᠷᠢ ᠶᠢᠨ ᠠᠵᠢᠯᠲᠠᠨ ᠠᠵᠢᠯᠴᠢᠳ ᠣᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠠᠳ ᠠᠶᠤᠯ ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠪᠠᠶᠢᠪᠠᠯ᠂ ᠵᠢᠯ ᠪᠦᠷᠢ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠨ ᠤ ᠲᠤᠭ᠎ᠠ ᠪᠠᠷ ᠠᠵᠤ ᠠᠬᠤᠶᠢᠯᠠᠯ ᠳᠤ ᠬᠥᠮᠦᠨ ᠳᠤᠮᠳᠠᠴᠢ ᠪᠠᠷ 200 ᠲᠥᠭᠦᠷᠢᠭ ᠤᠨ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠲᠡᠮᠦᠷᠯᠢᠭ ᠬᠠᠶᠢᠯᠤᠭᠤᠯᠬᠤ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠠᠶᠤᠯ ᠶᠡᠭᠡ ᠲᠠᠢ ᠠᠵᠢᠯ ᠲᠥᠷᠥᠯ ᠤᠨ ᠠᠵᠤ ᠠᠬᠤᠶᠢᠯᠠᠯ ᠤᠳ ᠠᠵᠢᠯᠯᠠᠵᠤ ᠪᠠᠶᠢᠭ᠎ᠠ ᠬᠥᠮᠦᠰ ᠪᠠ ᠡᠯ᠎ᠡ ᠲᠥᠷᠥᠯ ᠤᠨ ᠣᠨᠴᠠᠭᠠᠢ ᠵᠦᠢᠯ ᠤᠨ ᠠᠵᠢᠯ ᠬᠢᠵᠦ ᠪᠠᠶᠢᠭ᠎ᠠ ᠬᠥᠮᠦᠰ ᠢᠶᠠᠨ ᠵᠣᠬᠢᠶᠠᠨ ᠪᠠᠶᠢᠭᠤᠯᠵᠤ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠠᠵᠢᠯ ᠬᠢᠭᠰᠡᠳ ᠤᠨ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠬᠢᠷᠢ ᠲᠡᠩᠴᠡᠪᠡᠯ ᠠᠵᠢᠯ ᠤᠨ ᠪᠠᠶᠢᠷᠢ ᠳᠤ ᠭᠠᠷᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ︽ᠭᠤᠤᠯᠳᠠᠯᠭ᠎ᠠ ᠲᠠᠢ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠲᠠᠬᠢ A ᠲᠥᠷᠥᠯ ᠤᠨ ᠠᠵᠢᠯ ᠮᠡᠷᠭᠡᠵᠢᠯ ︵ᠠᠵᠢᠯ︶ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ᠂ ᠠᠵᠢᠯᠲᠠᠨ ᠠᠵᠢᠯᠴᠢᠨ ᠬᠤᠪᠢ ᠬᠥᠮᠦᠨ ᠪᠤᠶᠤ ᠠᠵᠤ ᠠᠬᠤᠶᠢᠯᠠᠯ ᠳᠤ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠢ᠂ ᠨᠡᠮᠡᠭᠦᠷᠢ ᠶᠢᠨ ᠪᠡᠯᠡ ᠮᠥᠩᠭᠦ ᠶᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠠᠵᠢᠯᠯᠠᠭᠠᠨ ᠤ ᠲᠤᠰᠬᠠᠶ ᠪᠡᠯᠡ ᠮᠦᠩᠬᠦᠨ ᠠᠴᠠ ᠭᠠᠷᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ︵ᠬᠤᠷᠢᠨ ᠲᠠᠪᠤ︶ ᠠᠵᠢᠯ ᠣᠯᠬᠤ ᠭᠤᠣᠯᠳᠠᠯᠭ᠎ᠠ ᠲᠠᠢ ᠬᠥᠮᠥᠰ ᠢ ᠵᠣᠷᠢᠭᠵᠢᠭᠤᠯᠵᠤ ᠪᠠᠶᠢᠭᠠᠳ ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ︾ ᠳᠤ ᠢᠳᠡᠪᠬᠢᠲᠡᠢ ᠣᠷᠣᠯᠴᠠᠭᠤᠯᠤᠨ᠂ ᠡᠯ᠎ᠡ ᠭᠠᠵᠠᠷ ᠣᠷᠣᠨ ᠨᠢ ᠠᠵᠢᠯ ᠣᠯᠭᠤᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠠᠳᠠᠯᠢ ᠪᠤᠰᠤ ᠠᠵᠢᠯ ᠮᠡᠷᠭᠡᠵᠢᠯ ︵ᠠᠵᠢᠯ︶ ᠪᠠ ᠪᠣᠯᠪᠠᠰᠤᠷᠠᠭᠤᠯᠤᠯ ᠤᠨ ᠲᠥᠷᠥᠯ ᠵᠦᠢᠯ ᠢ ᠦᠨᠳᠦᠰᠦᠯᠡᠨ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ ᠪᠣᠯᠪᠠᠰᠤᠷᠠᠭᠤᠯᠬᠤ ᠬᠢᠴᠢᠶᠡᠯ ᠤᠨ ᠴᠠᠭ ᠤᠨ ᠬᠠᠷᠢᠴᠠᠯ ᠢ ᠵᠣᠬᠢᠰᠲᠠᠶ ᠲᠣᠭᠲᠠᠭᠠᠵᠤ ᠪᠣᠯᠤᠨ᠎ᠠ᠂ ᠵᠠᠷᠢᠮ ᠪᠣᠳᠠᠲᠠᠢ ᠠᠵᠢᠯᠯᠠᠭᠤᠯᠵᠤ ᠰᠣᠷᠢᠬᠤ ᠴᠢᠬᠤᠯᠠ ᠦᠭᠡᠢ ᠪᠤᠶᠤ ᠰᠦᠯᠵᠢᠶ᠎ᠡ ᠪᠠᠷ ᠳᠠᠭᠤᠷᠢᠶᠠᠨ ᠠᠵᠢᠯᠯᠠᠵᠤ ᠰᠣᠷᠢᠵᠤ ᠪᠣᠯᠬᠤ ᠠᠵᠢᠯ ᠮᠡᠷᠭᠡᠵᠢᠯ ︵ᠠᠵᠢᠯ︶ ᠤᠨ ᠲᠥᠷᠥᠯ ᠵᠦᠢᠯ ᠢ ᠪᠥᠬᠦ ᠶᠠᠪᠤᠴᠠ ᠪᠠᠷ ᠨᠢ ᠰᠦᠯᠵᠢᠶ᠎ᠡ ᠪᠠᠷ ᠪᠣᠯᠪᠠᠰᠤᠷᠠᠭᠤᠯᠬᠤ ᠪᠠ ᠰᠦᠯᠵᠢᠶ᠎ᠡ ᠪᠠᠷ ᠰᠢᠯᠭᠠᠨ ᠬᠢᠨᠠᠵᠤ ᠪᠣᠯᠬᠤ ᠶᠢᠨ ᠬᠠᠮᠲᠤ᠂ ᠪᠣᠯᠪᠠᠰᠤᠷᠠᠭᠤᠯᠤᠯ ᠤᠨ ᠨᠡᠮᠡᠭᠦᠷᠢ ᠶᠢ ᠲᠣᠭᠲᠠᠭᠠᠯ ᠶᠣᠰᠣᠭᠠᠷ ᠣᠯᠭᠤᠬᠤ ᠬᠡᠷᠡᠭᠲᠡᠢ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠣᠷᠣᠨ ᠪᠦᠰᠡ ᠠᠯᠤᠰᠯᠠᠨ ᠪᠣᠯᠪᠠᠰᠤᠷᠠᠭᠤᠯᠬᠤ ᠪᠠ ᠪᠣᠯᠪᠠᠰᠤᠷᠠᠭᠤᠯᠤᠭᠰᠠᠨ ᠴᠠᠭ ᠢ ᠨᠢ ᠨᠡᠶᠢᠯᠡᠭᠦᠯᠦᠨ ᠪᠤᠳᠤᠬᠤ ᠵᠡᠷᠭᠡ ᠪᠣᠯᠪᠠᠰᠤᠷᠠᠭᠤᠯᠤᠯ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠪᠣᠯᠪᠠᠰᠤᠷᠠᠭᠤᠯᠤᠯ ᠳᠤ ᠣᠷᠣᠯᠴᠠᠭᠰᠠᠨ ᠪᠥᠭᠡᠳ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠦᠨᠡᠮᠯᠡᠯ ᠣᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠪᠦᠷᠢ ᠳᠤ ᠡᠳᠦᠷ ᠪᠦᠷᠢ 100 ᠲᠥᠭᠦᠷᠢᠭ ᠤᠨ ᠠᠮᠢᠳᠤᠷᠠᠯ ᠤᠨ ᠨᠡᠮᠡᠭᠦᠷᠢ ︵ᠵᠠᠮ ᠬᠠᠷᠢᠯᠴᠠᠭᠠᠨ ᠤ ᠨᠡᠮᠡᠭᠦᠷᠢ ᠪᠠᠭᠲᠠᠨ᠎ᠠ︶ ᠣᠯᠭᠤᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠵᠢᠯᠴᠠᠨ᠎ᠠ︶        ᠶᠢᠰᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ        ︵ᠬᠤᠷᠢᠨ ᠵᠢᠷᠭᠤᠭ᠎ᠠ︶ ᠰᠦᠯᠵᠢᠶ᠎ᠡ ᠪᠠᠷ ᠬᠠᠩᠭᠠᠯᠭ᠎ᠠ ᠬᠡᠷᠡᠭᠴᠡᠭᠡ ᠶᠢ ᠪᠠᠶᠢᠴᠠᠭᠠᠬᠤ᠂ ᠪᠣᠯᠪᠠᠰᠤᠷᠠᠭᠤᠯᠤᠯ ᠢ ᠵᠣᠯᠭᠠᠭᠤᠯᠬᠤ᠂ ᠠᠵᠢᠯ ᠣᠯᠭᠤᠯᠲᠠ ᠶᠢ ᠵᠣᠯᠭᠠᠭᠤᠯᠬᠤ᠂ ᠮᠥᠷᠳᠡᠨ ᠦᠢᠯᠡᠴᠢᠯᠡᠬᠦ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠭᠡᠨ ᠬᠡᠪᠴᠢᠶ᠎ᠡ ᠲᠠᠢ ᠥᠷᠨᠢᠭᠦᠯᠦᠨ᠂ ᠪᠠᠶᠢᠴᠠᠭᠠᠯᠲᠠ ᠶᠢᠨ ᠦᠷ᠎ᠡ ᠳ᠋ᠦᠩ ᠢ ᠭᠦᠢᠴᠡᠳ ᠠᠰᠢᠨᠨᠯᠠᠵᠦ᠂ ᠬᠠᠩᠭᠠᠯᠭ᠎ᠠ ᠬᠡᠷᠡᠭᠴᠡᠭᠡ ᠪᠠᠷ ᠨᠢ ᠠᠵᠢᠯ ᠣᠯᠭᠤᠬᠤ ᠦᠢᠯᠡᠴᠢᠯᠡᠭᠡᠨ ᠤ ᠠᠵᠢᠯᠯᠠᠭ᠎ᠠ ᠶᠢ ᠬᠠᠨᠳᠤᠯᠭ᠎ᠠ ᠲᠠᠢ ᠪᠠᠷ ᠥᠷᠨᠢᠭᠦᠯᠬᠦ ᠬᠡᠷᠡᠭᠲᠡᠢ ᠃ ᠨᠡᠶᠢᠭᠡᠮ ᠤᠨ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠠ ᠬᠥᠳᠡᠯᠮᠦᠷᠢ ᠦᠢᠯᠡᠴᠢᠯᠡᠭᠡᠨ ᠤ ᠡᠷᠬᠢᠯᠡᠨ ᠵᠠᠭᠤᠴᠢᠯᠠᠭᠴᠢ ᠵᠡᠷᠭᠡ ᠦᠢᠯᠡᠴᠢᠯᠡᠭᠡ ᠬᠠᠩᠭᠠᠭᠰᠠᠨ ᠪᠠᠶᠢᠪᠠᠯ᠂ ᠠᠵᠢᠯ ᠣᠯᠭᠤᠵᠤ ᠦᠢᠯᠡᠰ ᠴᠣᠭᠴᠠᠯᠠᠬᠤ ᠦᠢᠯᠡᠴᠢᠯᠡᠭᠡᠨ ᠤ ᠨᠡᠮᠡᠭᠦᠷᠢ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶        ︵ᠬᠤᠷᠢᠨ ᠳᠣᠯᠤᠭ᠎ᠠ︶ ᠬᠤᠲᠠ ᠪᠠᠯᠭᠠᠰᠤ ᠶᠢ ᠪᠠᠶᠢᠩᠭᠤ ᠰᠠᠭᠤᠭ᠎ᠠ ᠭᠠᠵᠠᠷ ᠢᠶᠠᠷ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ︵ᠬᠥᠳᠡᠭᠡ ᠲᠣᠰᠬᠤᠨ ᠠᠴᠠ ᠬᠤᠲᠠ ᠣᠷᠣᠵᠤ ᠬᠦᠴᠦ ᠶᠠᠪᠤᠭᠰᠠᠳ ᠪᠠ ᠲᠤᠰ ᠭᠠᠵᠠᠷ ᠤᠨ ᠪᠤᠰᠤ ᠡᠷᠦᠬᠡ ᠠᠮᠠ ᠲᠠᠢ ᠪᠤᠰᠤᠳ ᠬᠥᠮᠦᠰ ᠪᠠᠭᠲᠠᠨ᠎ᠠ︶ ᠢ ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠢᠶᠠᠷ ᠪᠦᠷᠢᠳᠭᠡᠬᠦ ᠬᠡᠪᠴᠢᠶᠡᠨ ᠳᠤ ᠣᠷᠣᠭᠤᠯᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠬᠦᠷᠲᠡᠭᠡᠬᠦ ᠬᠡᠷᠡᠭᠲᠡᠢ᠂ ᠬᠥᠮᠦᠨ ᠪᠠ ᠡᠷᠦᠬᠡ ᠠᠮᠠ ᠨᠢ ᠰᠠᠯᠤᠩᠬᠢᠷᠠᠭᠰᠠᠨ ᠪᠠ ᠡᠷᠦᠬᠡ ᠠᠮᠠ ᠨᠢ ᠲᠣᠰ ᠭᠠᠵᠠᠷ ᠤᠨ ᠪᠢᠰᠢ ᠵᠡᠷᠭᠡ ᠰᠢᠯᠲᠠᠭᠠᠨ ᠢᠶᠠᠷ ᠬᠦᠯᠢᠶᠡᠨ ᠠᠪᠴᠤ ᠭᠦᠢᠴᠡᠳᠬᠡᠬᠦ ᠦᠭᠡᠢ ᠪᠠᠶᠢᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ ᠬᠠᠮᠵᠢᠯᠴᠠᠨ᠎ᠠ︶        ᠠᠷᠪᠠ᠂ ᠠᠵᠢᠯ ᠣᠯᠭᠤᠬᠤ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ        ︵ᠬᠤᠷᠢᠨ ᠨᠠᠢᠮᠠ︶ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠨᠥᠯᠥᠭᠡ ᠶᠢ ᠠᠷᠭᠠᠴᠠᠭᠠᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠᠨ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠱᠠᠯᠠᠪᠳᠠᠨ ᠬᠢᠵᠦ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠪᠡᠯᠡ ᠮᠦᠩᠬᠦᠨ ᠤ ᠪᠠᠲᠤᠯᠠᠭ᠎ᠠ ᠶᠢ ᠴᠢᠩᠭᠠᠷᠠᠭᠤᠯᠤᠨ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠪᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠠᠵᠢᠯ ᠣᠯᠭᠤᠯᠲᠠ ᠶᠢᠨ ᠠᠵᠢᠯ ᠶᠠᠪᠤᠳᠠᠯ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ ᠵᠦᠢᠯ ᠤᠨ ᠭᠤᠤᠯᠳᠠᠯᠭ᠎ᠠ ᠲᠠᠢ ᠭᠦᠢᠴᠡᠳᠬᠡᠯ ᠲᠣᠭᠠᠨ ᠤ ᠠᠬᠢᠴᠠ ᠶᠢᠨ ᠪᠠᠶᠢᠳᠠᠯ ᠢ ᠮᠥᠷᠳᠡᠨ ᠲᠣᠬᠢᠷᠠᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠡᠵᠡᠩᠨᠡᠨ ᠬᠤᠳᠠᠯᠳᠤᠭᠠᠯᠠᠬᠤ ᠵᠡᠷᠭᠡ ᠲᠥᠷᠥ ᠶᠢᠨ ᠪᠣᠳᠣᠯᠭ᠎ᠠ ᠬᠢᠭᠡᠳ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠬᠠᠮᠵᠢᠯᠴᠠᠬᠤ ᠶᠢ ᠴᠢᠩᠭᠠᠳᠬᠠᠨ᠂ ᠣᠷᠣᠨ ᠳᠠᠶᠠᠭᠠᠷ ᠲᠤ ᠠᠵᠢᠯ ᠣᠯᠭᠤᠯᠲᠠ ᠶᠢ ᠴᠢᠬᠤᠯᠠᠴᠢᠯᠠᠬᠤ᠂ ᠠᠵᠢᠯ ᠣᠯᠭᠤᠯᠲᠠ ᠶᠢ ᠳᠡᠮᠵᠢᠬᠦ᠂ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠪᠠᠶᠢᠷᠢᠰᠢᠯ ᠢ ᠠᠬᠢᠭᠤᠯᠤᠨ ᠪᠣᠶ ᠪᠣᠯᠭᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠶ ᠠᠵᠢᠯ ᠤᠨ ᠪᠦᠷᠢᠯᠳᠦᠬᠦᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶                              2020 ᠣᠨ ᠤ 5 ᠳ᠋ᠤᠭᠠᠷ ᠰᠠᠷ᠎ᠠ ᠶᠢᠨ 9 ᠤ ᠡᠳᠦᠷ                  ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号