ᠠᠯᠠᠱᠠ ᠠᠶᠢᠮᠠᠭ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠭᠡᠳᠦᠶ ᠣᠨ ᠤ ᠬᠢᠴᠢᠶᠡᠯ ᠰᠡᠷᠭᠦᠭᠡᠬᠦ ᠴᠠᠭ ᠢ ᠨᠢᠭᠡᠨᠲᠡ ᠲᠣᠭᠲᠠᠭᠠᠪᠠ
ᠨᠡᠶᠢᠲᠡᠯᠡᠭᠰᠡᠨ ᠴᠠᠭ᠄
2020-05-27
       ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠥᠪᠰᠢᠶᠡᠷᠡᠯ ᠢᠶᠠᠷ᠂ 5 ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠨ᠂ ᠡᠯ᠎ᠡ ᠬᠤᠰᠢᠭᠤ ᠲᠣᠭᠤᠷᠢᠭ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ ᠪᠠᠶᠢᠭᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠵᠢᠯ ᠤᠨ ᠦᠨᠳᠦᠰᠦᠨ ᠪᠠᠷᠢᠮᠵᠢᠶ᠎ᠠ︾ ᠶᠣᠰᠣᠭᠠᠷ ᠪᠠᠭ᠎ᠠ ᠰᠤᠷᠭᠠᠭᠤᠯᠢ ᠶᠢᠨ 1~3 ᠳ᠋ᠤᠭᠠᠷ ᠣᠨ ᠤ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠨᠥᠬᠦᠴᠡᠯ ᠢ ᠦᠨᠡᠯᠡᠨ ᠵᠢᠱᠢᠵᠦ ᠰᠢᠯᠭᠠᠨ ᠬᠤᠷᠢᠶᠠᠨ᠎ᠠ᠃        6 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠪᠠᠭ᠎ᠠ ᠰᠤᠷᠭᠠᠭᠤᠯᠢ ᠶᠢᠨ 1~3 ᠳ᠋ᠤᠭᠠᠷ ᠣᠨ ᠨᠢ ᠬᠠᠷᠢᠶ᠎ᠠ ᠭᠠᠵᠠᠷ ᠤᠨ ᠢᠶᠠᠨ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠵᠦ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠳᠠᠩᠰᠠᠯᠠᠭᠤᠯᠤᠭᠰᠠᠨ ᠤ ᠳᠠᠷᠠᠭ᠎ᠠ ᠰᠤᠷᠭᠠᠭᠤᠯᠢ ᠡᠬᠢᠯᠡᠵᠦ ᠬᠢᠴᠢᠶᠡᠯ ᠰᠡᠷᠭᠦᠵᠦ ᠪᠣᠯᠤᠨ᠎ᠠ᠃        ᠬᠡᠤᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ ᠰᠤᠷᠭᠠᠭᠤᠯᠢ ︵ᠴᠡᠴᠡᠷᠯᠢᠭ︶ ᠡᠬᠢᠯᠡᠵᠦ ᠬᠢᠴᠢᠶᠡᠯ ᠰᠡᠷᠭᠦᠭᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠂ ᠪᠣᠳᠠᠲᠠᠶ ᠴᠠᠭ ᠬᠤᠭᠤᠴᠠᠭ᠎ᠠ ᠶᠢ ᠪᠠᠶᠢᠳᠠᠯ ᠢ ᠨᠢ ᠦᠵᠡᠵᠦ ᠠᠰ ᠲᠤ ᠨᠢ ᠮᠡᠳᠡᠭᠳᠡᠨ᠎ᠡ᠃        ᠡᠯ᠎ᠡ ᠬᠤᠰᠢᠭᠤ ᠲᠣᠭᠤᠷᠢᠭ ᠤᠳ ᠬᠢᠴᠢᠶᠡᠯ ᠰᠡᠷᠭᠦᠭᠡᠬᠦ ᠪᠠᠷᠢᠮᠵᠢᠶ᠎ᠠ ᠪᠠᠨ ᠴᠢᠩᠭᠠᠳᠬᠠᠵᠤ᠂ ᠨᠥᠬᠦᠴᠡᠯ ᠪᠦᠷᠢᠯᠳᠦᠭᠦᠯᠦᠭᠡᠳᠦᠶ ᠨᠢ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠶᠢ ᠡᠷᠡᠰ ᠲᠡᠪᠴᠢᠵᠦ᠂ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠵᠢᠯ ᠤᠨ ᠤᠷᠤᠭᠰᠢᠲᠠᠶ ᠡᠮᠬᠢ ᠵᠢᠷᠤᠮ ᠲᠠᠢ ᠪᠠᠶᠢᠬᠤ ᠶᠢ ᠥᠨᠡᠨ ᠬᠦ ᠪᠠᠲᠤᠯᠠᠬᠤ ᠬᠡᠷᠡᠭᠲᠡᠶ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠠᠯ᠎ᠠ ᠪᠠᠷ ᠥᠴᠦᠬᠡᠨ ᠴᠦ ᠠᠯᠳᠠᠰᠢ ᠭᠠᠷᠭᠠᠵᠤ ᠪᠣᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号