ᠮᠠᠨ ᠤ ᠣᠷᠣᠨ ᠬᠢᠴᠢᠶᠡᠯ ᠰᠡᠷᠭᠦᠭᠡᠭᠰᠡᠨ ᠰᠤᠷᠭᠠᠭᠤᠯᠢ ᠳᠤ ᠵᠢᠭᠠᠨ ᠰᠤᠷᠭᠠᠬᠤ ᠲᠥᠯᠥᠪᠯᠡᠭᠡ ᠪᠣᠯᠤᠨ ᠵᠢᠭᠠᠨ ᠰᠤᠷᠭᠠᠬᠤ ᠪᠠᠶᠢᠷᠢᠯᠠᠭᠤᠯᠤᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠱᠠᠭᠠᠷᠳᠠᠪᠠ
ᠨᠡᠶᠢᠲᠡᠯᠡᠭᠰᠡᠨ ᠴᠠᠭ᠄
2020-05-06
       ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠵᠦ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠠᠭ ᠲᠤᠬᠠᠶ ᠳᠤ ᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠡᠬᠢᠯᠡᠵᠦ ᠬᠢᠴᠢᠶᠡᠯᠯᠡᠬᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢᠶᠠᠨ ᠰᠠᠶᠢᠲᠤᠷ ᠬᠢᠵᠦ᠂ ︽ᠰᠢᠨᠵᠢᠯᠡᠬᠦ ᠤᠬᠠᠭᠠᠨᠴᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠡᠮᠬᠢ ᠵᠢᠷᠤᠮ ᠲᠠᠢ ᠰᠤᠷᠭᠠᠭᠤᠯᠢ ᠡᠬᠢᠯᠡᠬᠦ︾ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃          ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠲᠦᠢᠯ ᠤᠨ ᠣᠨᠤᠪᠴᠢᠲᠠᠢ ᠪᠠᠷ ᠰᠡᠷᠭᠡᠶᠢᠯᠡᠨ ᠡᠵᠡᠮᠳᠡᠬᠦ ᠶᠢ ᠦᠨᠡᠨ ᠬᠦ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠡᠷᠡᠮ ᠢ ᠪᠠᠲᠤ ᠴᠣᠭᠴᠠᠯᠠᠬᠤ ᠬᠡᠷᠡᠭᠲᠡᠶ᠃ ᠵᠢᠭᠠᠨ ᠰᠤᠷᠭᠠᠬᠤ ᠲᠥᠯᠥᠪᠯᠡᠭᠡ ᠪᠣᠯᠤᠨ ᠵᠢᠭᠠᠨ ᠰᠤᠷᠭᠠᠬᠤ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠶ᠃ ᠰᠤᠷᠭᠠᠭᠤᠯᠢ ᠠᠴᠠ ᠰᠤᠷᠤᠭᠴᠢᠳ ᠤᠨ ᠰᠦᠯᠵᠢᠶᠡᠨ ᠳᠡᠭᠡᠷ᠎ᠡ᠂ ᠭᠡᠷ ᠲᠤ ᠪᠠᠨ ᠰᠤᠷᠤᠯᠴᠠᠭᠰᠠᠨ ᠪᠠᠶᠢᠳᠠᠯ ᠢ ᠣᠶᠢᠯᠠᠭᠠᠨ ᠮᠠᠭᠠᠳᠯᠠᠵᠤ᠂ ᠵᠢᠭᠠᠨ ᠰᠤᠷᠭᠠᠬᠤ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠰᠤᠷᠤᠯᠭ᠎ᠠ ᠶᠢᠨ ᠪᠠᠶᠢᠳᠠᠯ ᠢ ᠲᠦᠢᠯ ᠤᠨ ᠣᠨᠣᠪᠴᠢᠲᠠᠶ ᠪᠠᠷ ᠵᠠᠳᠠᠯᠬᠤ ᠬᠡᠷᠡᠭᠲᠡᠶ᠃ ᠰᠢᠨ᠎ᠡ ᠬᠢᠴᠢᠶᠡᠯ ᠳᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠷᠨᠢᠭᠦᠯᠦᠭᠰᠡᠨ ᠥᠬᠡᠶ ᠪᠣᠯ ︽ᠲᠡᠭ ᠠᠴᠠ ᠡᠬᠢᠯᠡᠬᠦ︾ ᠵᠢᠭᠠᠨ ᠰᠤᠷᠭᠠᠯᠲᠠ ᠶᠢ ᠬᠡᠷᠡᠭᠵᠢᠭᠦᠯᠬᠦ ᠬᠡᠷᠡᠭᠲᠡᠶ︔ ᠰᠢᠨ᠎ᠡ ᠬᠢᠴᠢᠶᠡᠯ ᠳᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠷᠨᠢᠭᠦᠯᠦᠭᠰᠡᠨ ᠪᠣᠯ᠂ ᠰᠣᠯᠪᠢᠴᠠᠭᠤᠯᠤᠨ ᠵᠢᠭᠠᠵᠤ ᠳᠠᠪᠲᠠᠬᠤ ᠠᠵᠢᠯ ᠢ ᠬᠢᠨᠠᠮᠠᠭᠠᠶ ᠬᠢᠵᠦ᠂ ᠰᠤᠷᠤᠭᠴᠢ ᠨᠢᠭᠡᠪᠦᠷᠢ ᠴᠥᠮ ᠰᠤᠷᠬᠤ ᠮᠡᠳᠡᠯᠭᠡ ᠶᠢ ᠨᠡᠯᠢᠶᠡᠳ ᠰᠠᠶᠢᠨ ᠡᠵᠡᠮᠰᠢᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠳᠠᠬᠢᠨ ᠰᠢᠨ᠎ᠡ ᠬᠢᠴᠢᠶᠡᠯ ᠢ ᠵᠢᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠰᠤᠷᠭᠠᠭᠤᠯᠢ ᠨᠤᠭᠤᠳ ᠵᠢᠭᠠᠨ ᠰᠤᠷᠭᠠᠬᠤ ᠲᠥᠯᠥᠪᠯᠡᠭᠡ ᠬᠢᠭᠡᠳ ᠵᠢᠭᠠᠨ ᠰᠤᠷᠭᠠᠬᠤ ᠴᠠᠭ ᠬᠤᠭᠤᠴᠠᠭ᠎ᠠ ᠪᠠᠨ ᠬᠠᠨᠳᠤᠯᠭᠠᠲᠤ ᠴᠢᠨᠠᠷᠲᠠᠶ ᠪᠠᠷ ᠲᠣᠬᠢᠷᠠᠭᠤᠯᠵᠤ᠂ ᠵᠢᠭᠠᠨ ᠰᠤᠷᠭᠠᠬᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠵᠢᠭᠠᠨ ᠰᠤᠷᠭᠠᠬᠤ ᠠᠬᠢᠴᠠ ᠪᠠᠨ ᠵᠦᠶ ᠵᠣᠬᠢᠰᠲᠠᠶ ᠡᠵᠡᠮᠳᠡᠵᠦ᠂ ᠵᠢᠭᠠᠨ ᠰᠤᠷᠭᠠᠬᠤ ᠠᠭᠤᠯᠭ᠎ᠠ ᠪᠠ ᠵᠢᠭᠠᠨ ᠰᠤᠷᠭᠠᠬᠤ ᠴᠠᠭ ᠤᠨ ᠤᠷᠲᠤ ᠶᠢ ᠨᠢ ᠵᠣᠬᠢᠰᠲᠠᠶ ᠪᠠᠶᠢᠯᠭᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠠᠩᠬ᠎ᠠ ᠵᠡᠷᠭᠡ ᠶᠢᠨ ᠬᠤᠶᠠᠳᠤᠭᠠᠷ ᠣᠨ ᠤ ᠰᠤᠷᠤᠭᠴᠢ ᠪᠣᠯᠤᠨ ᠥᠨᠳᠥᠷ ᠵᠡᠷᠭᠡ ᠶᠢᠨ ᠬᠤᠶᠠᠳᠤᠭᠠᠷ ᠣᠨ ᠤ ᠰᠤᠷᠤᠭᠴᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ ᠣᠷᠣᠯᠴᠠᠬᠤ ᠣᠨᠴᠠᠭᠠᠢ ᠪᠠᠶᠢᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠬᠢᠴᠢᠶᠡᠯ ᠲᠥᠷᠥᠯ ᠤᠨ ᠵᠢᠭᠠᠨ ᠰᠤᠷᠭᠠᠬᠤ ᠪᠠᠶᠢᠷᠢᠯᠠᠭᠤᠯᠤᠯᠲᠠ ᠶᠢ ᠴᠠᠭ ᠲᠤᠬᠠᠶ ᠳᠤ ᠨᠢ ᠲᠣᠬᠢᠷᠠᠭᠤᠯᠵᠤ᠂ ᠵᠢᠭᠠᠨ ᠰᠤᠷᠭᠠᠬᠤ ᠲᠥᠯᠥᠪᠯᠡᠭᠡ ᠪᠣᠯᠤᠨ ᠵᠢᠭᠠᠨ ᠰᠤᠷᠭᠠᠬᠤ ᠠᠬᠢᠴᠠ ᠶᠢᠨ ᠬᠠᠨᠳᠤᠯᠭᠠᠲᠤ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠨ᠂ ᠬᠠᠮᠢᠶ᠎ᠠ ᠪᠦᠬᠦᠢ ᠬᠢᠴᠢᠶᠡᠯ ᠲᠥᠷᠥᠯ ᠤᠨ ᠵᠢᠭᠠᠨ ᠰᠤᠷᠭᠠᠬᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠰᠠᠶᠢᠲᠤᠷ ᠲᠣᠬᠢᠷᠠᠭᠤᠯᠵᠤ᠂ ᠵᠢᠭᠠᠨ ᠰᠤᠷᠭᠠᠬᠤ ᠪᠠ ᠰᠢᠯᠭᠠᠯᠲᠠ ᠳᠤ ᠪᠡᠯᠡᠳᠬᠡᠬᠦ ᠴᠠᠭ ᠢ ᠴᠢᠷᠮᠠᠶᠢᠨ ᠪᠠᠲᠤᠯᠠᠬᠤ ᠬᠡᠷᠡᠭᠲᠡᠶ᠃ ᠠᠵᠢᠯᠯᠠᠵᠤ ᠠᠮᠠᠷᠠᠬᠤ ᠴᠠᠭ ᠤᠨ ᠬᠠᠮᠢᠶᠠᠷᠤᠯᠲᠠ ᠶᠢ ᠴᠢᠩᠳᠠᠯᠠᠵᠤ᠂ ᠳᠠᠰᠬᠠᠯ ᠳᠠᠭᠠᠭᠠᠯᠭᠠᠪᠤᠷᠢ ᠶᠢᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠳᠠᠰᠬᠠᠯ ᠳᠠᠭᠠᠭᠠᠯᠭᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠬᠡᠲᠦ ᠬᠦᠨᠳᠦᠷᠡᠬᠦ ᠶᠢ ᠰᠡᠷᠭᠡᠶᠢᠯᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠨᠢ ᠴᠢᠩᠭᠠᠳᠬᠠᠬᠤ ᠬᠡᠷᠡᠭᠲᠡᠢ ᠭᠡᠪᠡ᠃        ᠮᠡᠳᠡᠭᠳᠡᠯ ᠳᠤ ᠪᠠᠰᠠ ᠱᠠᠭᠠᠷᠳᠠᠭᠰᠠᠨ ᠨᠢ᠂ ᠡᠯ᠎ᠡ ᠭᠠᠵᠠᠷ ᠤᠳ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠳᠠᠪᠲᠠᠬᠤ ᠠᠩᠭᠢ ᠶᠢ ᠵᠢᠷᠤᠮᠵᠢᠭᠤᠯᠤᠨ ᠴᠡᠭᠴᠡᠯᠡᠬᠦ ᠠᠵᠢᠯ ᠳᠤ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢᠮ ᠢ ᠨᠢ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠤᠷᠠᠯᠢᠭ ᠢᠶᠠᠷ ᠰᠢᠯᠭᠠᠭᠤᠯᠤᠭᠰᠠᠳ᠂ ᠳᠠᠬᠢᠨ ᠰᠤᠷᠤᠯᠴᠠᠬᠤ ᠰᠤᠷᠤᠭᠴᠢᠳ ᠤᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠴᠢᠭᠯᠡᠭᠦᠯᠦᠨ᠂ ᠡᠯ᠎ᠡ ᠠᠶᠢᠮᠠᠭ ᠬᠤᠲᠠ ᠵᠣᠬᠢᠶᠠᠨ ᠪᠠᠶᠢᠭᠤᠯᠤᠨ ᠦᠨᠡᠯᠡᠨ ᠵᠢᠱᠢᠵᠦ᠂ ᠬᠢᠴᠢᠶᠡᠯ ᠢᠶᠠᠨ ᠰᠡᠷᠭᠦᠭᠡᠬᠦ ᠡᠰᠡᠬᠦ ᠶᠢ ᠨᠢ ᠲᠣᠭᠲᠠᠭᠠᠬᠤ ᠬᠡᠷᠡᠭᠲᠡᠢ᠃ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠦᠷᠭᠦᠯᠵᠢᠯᠡᠨ ᠵᠢᠭᠰᠠᠭᠠᠨ ᠪᠠᠶᠢᠴᠠᠭᠠᠯᠲᠠ ᠬᠢᠵᠦ᠂ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠪᠣᠯᠪᠠᠰᠤᠷᠠᠭᠤᠯᠤᠯ ᠬᠢᠵᠦ ᠬᠢᠴᠢᠶᠡᠯᠯᠡᠭᠰᠡᠨ ᠪᠣᠯ ᠴᠥᠮ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠡᠷᠭᠢᠯᠡᠬᠦ ᠵᠥᠪᠰᠢᠶᠡᠷᠡᠯ ᠢ ᠨᠢ ᠬᠠᠤᠯᠢ ᠶᠣᠰᠣᠭᠠᠷ ᠬᠦᠴᠦᠨ ᠥᠬᠡᠶ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠭᠠᠵᠠᠷ ᠤᠳ ᠠᠯᠪᠠᠨ ᠠᠴᠠ ᠡᠷᠬᠢᠯᠡᠭᠰᠡᠨ ᠠᠵᠢᠯ ᠤᠨ ᠪᠠᠶᠢᠷᠢ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠢᠶᠠᠯ ᠬᠠᠪᠰᠤᠷᠭᠠᠬᠤ ᠶᠢ ᠵᠠᠰᠠᠬᠤ ᠪᠠᠨ ᠴᠢᠩᠭᠠᠳᠬᠠᠵᠤ᠂ ᠰᠠᠬᠢᠯᠭ᠎ᠠ ᠳᠥᠷᠢᠮ ᠢ ᠰᠥᠷᠦᠨ ᠵᠥᠷᠢᠴᠡᠭᠰᠡᠳ ᠢ ᠡᠷᠡᠰ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠬᠦ ᠬᠡᠷᠡᠭᠲᠡᠶ ᠭᠡᠪᠡ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号