ᠥᠪᠥᠷ ᠮᠣᠩᠭᠤᠯ 5 ᠳ᠋ᠤᠭᠠᠷ ᠰᠠᠷ᠎ᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠣᠬᠢᠷᠠᠭᠤᠯᠤᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020-05-07
       5 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠸᠢᠴᠠᠲ ᠢᠶᠠᠷ ᠳᠠᠮᠵᠢᠭᠤᠯᠤᠨ 5 ᠳ᠋ᠤᠭᠠᠷ ᠰᠠᠷ᠎ᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠣᠬᠢᠷᠠᠭᠤᠯᠤᠯᠲᠠ ᠶᠢ ᠨᠡᠶᠢᠲᠡᠯᠡᠪᠡ᠃        5 ᠳ᠋ᠤᠭᠠᠷ ᠰᠠᠷ᠎ᠠ ᠶᠢᠨ 7 ᠤ ᠡᠳᠦᠷ — 18 ᠤ ᠡᠳᠦᠷ ᠪᠣᠯᠲᠠᠯ᠎ᠠ᠂ 2020 ᠣᠨ ᠤ ᠪᠥᠬᠦ ᠣᠷᠣᠨ ᠤ ᠳᠤᠮᠳᠠ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃        5 ᠳ᠋ᠤᠭᠠᠷ ᠰᠠᠷ᠎ᠠ ᠶᠢᠨ 13 ᠤ ᠡᠳᠦᠷ — 18 ᠤ ᠡᠳᠦᠷ ᠪᠣᠯᠲᠠᠯ᠎ᠠ᠂ 2020 ᠣᠨ ᠤ ᠬᠤᠶᠠᠳᠤᠭᠠᠷ ᠤᠳᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠠᠭᠠᠷ ᠰᠤᠷᠤᠭᠴᠢ ᠡᠯᠰᠡᠬᠦ ᠳᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ᠃        5 ᠳ᠋ᠤᠭᠠᠷ ᠰᠠᠷ᠎ᠠ ᠶᠢᠨ 20 ᠤ ᠡᠳᠦᠷ — 31 ᠤ ᠡᠳᠦᠷ ᠪᠣᠯᠲᠠᠯ᠎ᠠ᠂ 2020 ᠣᠨ ᠤ ᠬᠤᠶᠠᠳᠤᠭᠠᠷ ᠤᠳᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠠᠭᠠᠷ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ᠎ᠠ᠃        5 ᠳ᠋ᠤᠭᠠᠷ ᠰᠠᠷ᠎ᠠ ᠶᠢᠨ 23 ᠤ ᠡᠳᠦᠷ — 30 ᠤ ᠡᠳᠦᠷ ᠪᠣᠯᠲᠠᠯ᠎ᠠ᠂ 2019 — 2020 ᠰᠤᠷᠤᠯᠭ᠎ᠠ ᠶᠢᠨ ᠣᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠳᠠᠬᠢ ᠪᠥᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃        5 ᠳ᠋ᠤᠭᠠᠷ ᠰᠠᠷ᠎ᠠ ᠶᠢᠨ 25 ᠤ ᠡᠳᠦᠷ — 31 ᠤ ᠡᠳᠦᠷ ᠪᠣᠯᠲᠠᠯ᠎ᠠ᠂ ᠣᠷᠣᠨ ᠤ ᠳᠣᠲᠣᠷᠠᠬᠢ ᠥᠨᠳᠥᠷ ᠬᠢᠷᠢ ᠲᠦᠪᠰᠢᠨ ᠪᠥᠬᠦᠶ ᠲᠠᠮᠢᠷ ᠤᠨ ᠠᠩᠭᠢ ᠶᠢᠨ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠰᠢᠯᠭᠠᠯᠲᠠ ᠬᠢᠨ᠎ᠡ᠃        5 ᠳ᠋ᠤᠭᠠᠷ ᠰᠠᠷ᠎ᠠ ᠶᠢᠨ 30 ᠤ ᠡᠳᠦᠷ — 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ 5 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠦᠨᠡᠯᠡᠨ ᠵᠢᠱᠢᠵᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠪᠠᠶᠢᠴᠠᠭᠠᠯᠲᠠ ᠬᠢᠨ᠎ᠡ᠂ ᠵᠠᠷᠴᠢᠮ ᠳᠡᠭᠡᠷ᠎ᠡ ᠪᠠᠨ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠨ᠎ᠠ᠃        5 ᠳ᠋ᠤᠭᠠᠷ ᠰᠠᠷ᠎ᠠ ᠳᠤ᠂ 2020 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠡᠯ᠎ᠡ ᠨᠢᠭᠡᠴᠢ ᠨᠦᠭᠦᠳ ᠬᠤᠶᠠᠳᠠᠬᠢ ᠰᠢᠯᠭᠠᠯᠲᠠ ᠶᠢ ᠵᠣᠬᠢᠶᠠᠨ ᠪᠠᠶᠢᠭᠤᠯᠤᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号