ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠴᠠᠭ ᠢ ᠲᠣᠭᠲᠠᠭᠠᠪᠠ
ᠨᠡᠶᠢᠲᠡᠯᠡᠭᠰᠡᠨ ᠴᠠᠭ᠄
2020/5/9
       ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠸᠢᠴᠠᠲ ᠢᠶᠠᠷ ᠨᠡᠶᠢᠲᠡᠯᠡᠭᠰᠡᠨ ᠮᠡᠳᠡᠭᠡ ᠪᠠᠷ᠄ 2020 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠢᠯᠭᠠᠭᠤᠯᠤᠭᠴᠢ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠴᠠᠭ ᠨᠢ 6 ᠳ᠋ᠤᠭᠠᠷ ᠰᠠᠷ᠎ᠠ ᠶᠢᠨ 1 ᠤ ᠡᠳᠦᠷ ᠠᠴᠠ 14 ᠤ ᠡᠳᠦᠷ ᠲᠤ ᠶᠠᠪᠤᠭᠳᠠᠨ᠎ᠠ᠃ ᠡᠯ᠎ᠡ ᠠᠶᠢᠮᠠᠭ ᠬᠤᠲᠠ ᠶᠢᠨ ᠰᠢᠯᠭᠠᠭᠤᠯᠤᠭᠴᠢ ᠶᠢᠨ ᠪᠣᠳᠠᠲᠠᠶ ᠰᠢᠯᠭᠠᠬᠤ ᠴᠠᠭ ᠢ ᠲᠤᠬᠠᠶ ᠶᠢᠨ ᠴᠠᠭ ᠲᠤ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠂ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠪᠠ ᠰᠢᠯᠭᠠᠯᠲᠠ ᠶᠢᠨ ᠴᠡᠭ ᠤᠨ ᠶᠡᠭᠡ ᠳᠡᠭᠡᠳᠦ ᠰᠤᠷᠭᠠᠭᠤᠯᠢ ᠶᠢᠨ ᠰᠦᠯᠵᠢᠶ᠎ᠡ ᠪᠠᠷ ᠳᠠᠮᠵᠢᠭᠤᠯᠤᠨ ᠠᠰ ᠲᠤ ᠨᠢ ᠨᠡᠶᠢᠲᠡᠯᠡᠨ᠎ᠡ᠃ ᠡᠯ᠎ᠡ ᠰᠢᠯᠭᠠᠯᠲᠠ ᠶᠢᠨ ᠴᠡᠭ ᠨᠢ ᠰᠢᠯᠭᠠᠭᠤᠯᠤᠭᠴᠢ ᠶᠢᠨ ᠬᠥᠮᠦᠨ ᠤ ᠲᠤᠭ᠎ᠠ ᠪᠣᠯᠤᠨ ᠴᠠᠭ ᠠᠭᠤᠷ ᠤᠨ ᠪᠠᠶᠢᠳᠠᠯ ᠢ ᠦᠨᠳᠦᠰᠦᠯᠡᠵᠦ ᠪᠠᠶᠢᠭᠠᠳ ᠳᠠᠭᠤᠰᠬᠠᠬᠤ ᠴᠠᠭ ᠢ ᠵᠣᠬᠢᠰᠲᠠᠶ ᠳᠣᠭᠢᠷᠠᠭᠤᠯᠤᠨ᠎ᠠ᠃        ᠪᠡᠶ᠎ᠡ ᠶᠢᠨ ᠲᠠᠮᠢᠷ ᠤᠨ ᠰᠢᠯᠭᠠᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠶᠢᠳᠠᠵᠤ ᠪᠤᠳᠠᠲᠠᠢ ᠬᠡᠷᠡᠭᠵᠢᠭᠦᠯᠦᠨ᠎ᠡ᠃ ᠰᠢᠯᠭᠠᠬᠤ ᠭᠠᠵᠠᠷ ᠨᠢ᠄ ᠬᠥᠬᠡᠬᠤᠲᠠ᠂ ᠪᠤᠭᠤᠲᠤ ᠬᠤᠲᠠ ᠂ ᠦᠬᠠᠶ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠠᠯᠠᠱᠠ ᠠᠶᠢᠮᠠᠭ ᠤᠨ ᠰᠢᠯᠭᠠᠭᠤᠯᠤᠭᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠬᠦᠷᠴᠦ ᠰᠢᠯᠭᠠᠯᠲᠠ ᠳᠤ ᠣᠷᠣᠯᠴᠠᠨ᠎ᠠ︔ ᠲᠦᠩᠯᠢᠶᠣᠤ ᠬᠤᠲᠠ᠂ ᠤᠯᠠᠭᠠᠨᠬᠠᠳᠠ ᠬᠤᠲᠠ ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠤᠨ ᠰᠢᠯᠭᠠᠭᠤᠯᠤᠭᠴᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠬᠦᠷᠴᠦ ᠰᠢᠯᠭᠠᠯᠲᠠ ᠳᠤ ᠣᠷᠣᠯᠴᠠᠨ᠎ᠠ᠃        ᠰᠣᠷᠢᠯᠲᠠ ᠶᠢᠨ ᠲᠥᠷᠥᠯ ᠵᠦᠢᠯ ᠳᠤ 100 ᠮᠧᠲᠷ ᠤᠨ ᠭᠦᠶᠦᠯᠲᠡ᠂ ᠭᠤᠷᠪᠠᠨ ᠳᠡᠰ ᠤᠨ ᠵᠣᠭᠰᠤᠭ᠎ᠠ ᠬᠤᠯᠠ ᠬᠠᠷᠠᠶᠢᠯᠲᠠ᠂ ᠤᠭ ᠣᠷᠣᠨ ᠳᠤ ᠪᠠᠨ ᠲᠤᠭᠤᠯᠭᠠᠨ ᠪᠥᠮᠪᠦᠭᠡ ᠲᠦᠯᠬᠢᠬᠦ᠂ 800 ᠮᠧᠲᠷ ᠤᠨ ᠭᠦᠶᠦᠯᠲᠡ ᠪᠠᠭᠲᠠᠵᠤ᠂ ᠤᠯᠤᠰ ᠤᠨ ᠬᠠᠮᠢᠶ᠎ᠠ ᠪᠦᠬᠦᠢ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ ᠬᠡᠷᠡᠭᠵᠢᠭᠦᠯᠦᠨ᠎ᠡ᠃ ᠠᠳᠠᠯᠢ ᠨᠢᠭᠡᠨ ᠰᠢᠯᠭᠠᠭᠤᠯᠤᠭᠴᠢ ᠠᠯᠢᠪᠠ ᠰᠢᠯᠭᠠᠯᠲᠠ ᠶᠢᠨ ᠲᠥᠷᠥᠯ ᠵᠦᠢᠯ ᠢᠶᠠᠨ ᠡᠷᠬᠡᠪᠰᠢ ᠠᠳᠠᠯᠢ ᠨᠢᠭᠡ ᠡᠳᠦᠷ ᠤᠨ ᠳᠣᠲᠣᠷ᠎ᠠ ᠪᠦᠬᠦᠨ ᠢ ᠰᠢᠯᠭᠠᠵᠤ ᠳᠠᠭᠤᠰᠬᠠᠬᠤ ᠪᠠᠷ ᠱᠠᠭᠠᠷᠳᠠᠨ᠎ᠠ᠂ ᠡᠰᠡ ᠲᠡᠶᠢᠮᠦ ᠪᠣᠯ᠂ ᠰᠣᠷᠢᠯᠲᠠ ᠶᠢᠨ ᠲᠥᠷᠥᠯ ᠵᠦᠢᠯ ᠤᠨ ᠬᠢᠷᠢ ᠪᠦᠲᠦᠮᠵᠢ ᠶᠢ ᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号