ᠬᠥᠬᠡᠬᠤᠲᠠ ᠶᠢᠨ 6 ᠤᠳᠠᠭ᠎ᠠ ᠶᠢᠨ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ᠳᠤ 13267 ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2020/6/23
       5 ᠰᠠᠷ᠎ᠠ ᠠᠴᠠ ᠤᠳᠤ ᠪᠤᠯᠳᠠᠯ᠎ᠠ᠂ ᠬᠦᠬᠡᠬᠤᠳᠠ ︽ᠬᠦᠬᠡᠬᠤᠳᠠ ᠳᠤ ᠴᠢᠳᠠᠪᠤᠷᠢᠳᠠᠨ ᠢ ᠴᠤᠭᠯᠠᠷᠠᠭᠤᠯᠬᠤ · ᠳᠡᠬᠦᠰᠬᠦ ᠤᠯᠠᠷᠢᠯ ᠳᠤ ᠬᠠᠮᠳᠤ ᠪᠠᠷ ᠠᠰᠢᠭ ᠬᠦᠷᠳᠡᠬᠦ︾ 2020 ᠣᠨ ᠤ ᠰᠦᠯᠵᠢᠶᠡᠨ ᠤ ᠤᠷᠢᠵᠤ ᠡᠯᠰᠡᠬᠦ ᠠᠵᠢᠯᠯᠠᠭ᠎ᠠ ᠶᠢ ᠵᠠᠯᠭᠠᠭ᠎ᠠ ᠪᠠᠷ 6 ᠳᠠᠯᠠᠪᠤᠷ ᠡᠷᠬᠢᠯᠡᠵᠦ᠂ ᠨᠡᠶᠢᠳᠡ 337 ᠠᠵᠤ ᠠᠬᠤᠢᠢᠯᠠᠯ ᠤᠷᠤᠯᠴᠠᠨ 13267 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠨᠡ ᠬᠦ ᠠᠵᠢᠯᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠶᠡᠭᠡ ᠳᠡᠭᠡᠳᠦ ᠰᠤᠷᠭᠠᠭᠤᠯᠢ ᠲᠡᠭᠦᠰᠬᠦ ᠤᠶᠤᠳᠠᠳ ᠤᠨ ᠭᠦᠢᠴᠡᠳ ᠠᠵᠢᠯ ᠤᠯᠬᠤ ᠶᠢ ᠠᠬᠢᠭᠤᠯᠵᠤ᠂ ᠲᠡᠭᠦᠰᠬᠦ ᠤᠶᠤᠳᠠᠳ ᠤᠨ ᠬᠥᠬᠡᠬᠤᠲᠠ ᠳᠤ ᠠᠵᠢᠯ ᠣᠯᠵᠤ ᠦᠢᠯᠡᠰ ᠪᠤᠰᠬᠠᠬᠤ ᠶᠢ ᠵᠤᠷᠢᠭᠵᠢᠭᠤᠯᠵᠤ ᠪᠤᠢ᠃        ᠬᠦᠬᠡᠬᠤᠳᠠ ᠨᠢ ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠶᠡᠭᠡ ᠳᠡᠭᠡᠳᠦ ᠰᠤᠷᠭᠠᠭᠤᠯᠢ ᠲᠡᠭᠦᠰᠬᠦ ᠤᠶᠤᠳᠠᠳ ᠲᠤ ᠴᠢᠭᠯᠡᠭᠦᠯᠦᠨ ᠲᠤᠰᠬᠠᠶ ᠤᠷᠢᠵᠤ ᠡᠯᠰᠡᠬᠦ ᠠᠵᠢᠯᠯᠠᠭ᠎ᠠ ᠡᠷᠭᠢᠯᠡᠪᠡ᠃ ᠪᠦᠬᠦ ᠬᠤᠲᠠ ᠶᠢᠨ ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠶᠡᠭᠡ ᠳᠡᠭᠡᠳᠦ ᠰᠤᠷᠭᠠᠭᠤᠯᠢ ᠲᠡᠭᠦᠰᠬᠦ ᠤᠶᠤᠳᠠᠳ ᠤᠨ ᠪᠠᠶᠢᠳᠠᠯ ᠢ ᠤᠢᠢᠯᠠᠭᠠᠨ᠂ ᠠᠵᠢᠯ ᠣᠯᠬᠤ ᠱᠠᠭᠠᠷᠳᠠᠯᠭ᠎ᠠ ᠲᠠᠢ 230 ᠭᠠᠷᠤᠶ ᠡᠷᠦᠬᠡ ᠳᠤ ᠨᠢᠭᠡ ᠨᠢᠭᠡ ᠪᠠᠷ ᠤᠳᠠᠰᠤᠳᠠᠵᠤ ᠲᠡᠭᠦᠰᠬᠦ ᠤᠶᠤᠳᠠᠳ ᠲᠠᠢ ᠬᠠᠷᠢᠯᠴᠠᠵᠤ ᠨᠠᠷᠢᠯᠢᠭ ᠤᠨᠤᠪᠴᠢᠳᠠᠢ ᠦᠢᠯᠡᠴᠢᠯᠡᠭᠡ ᠬᠠᠩᠭᠠᠵᠤ᠂ ᠭᠤᠤᠯᠳᠠᠯᠭ᠎ᠠ ᠲᠠᠢ ᠲᠠᠨᠢᠯᠴᠠᠭᠤᠯᠬᠤ ᠬᠡᠯᠪᠡᠷᠢ ᠪᠠᠷ ᠤᠷᠢᠵᠤ ᠬᠡᠷᠡᠭᠯᠡᠬᠦ ᠳᠤ ᠤᠷᠤᠯᠴᠠᠭᠤᠯᠪᠠ᠃        ᠬᠥᠬᠡᠬᠤᠲᠠ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ᠴᠢᠭᠯᠡᠭᠦᠯᠦᠨ ᠲᠤᠰᠬᠠᠶ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠤᠰᠬᠠᠢ ᠲᠠᠯᠠᠪᠤᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠲᠠᠯᠠᠪᠤᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠰᠬᠠᠢ ᠲᠠᠯᠠᠪᠤᠷ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠲᠤᠰᠬᠠᠢ ᠲᠠᠯᠠᠪᠤᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠲᠤᠰᠬᠠᠢ ᠲᠠᠯᠠᠪᠤᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠲᠤᠰᠬᠠᠢ ᠲᠠᠯᠠᠪᠤᠷ ᠵᠡᠷᠭᠡ 8 ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠲᠠᠯᠠᠪᠤᠷ ᠤᠷᠢᠵᠤ ᠡᠯᠰᠡᠬᠦ ᠠᠵᠢᠯᠯᠠᠭ᠎ᠠ ᠡᠷᠬᠢᠯᠡᠪᠡ᠃ ᠣᠳᠣᠬᠠᠨ ᠳᠤ᠂ ᠠᠵᠤ ᠠᠬᠤᠶᠢᠯᠠᠯ ᠪᠤᠯᠤᠨ ᠠᠵᠢᠯ ᠡᠷᠢᠭᠰᠡᠳ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠳᠤᠭᠳᠠᠭᠰᠠᠨ ᠨᠢ ᠨᠡᠶᠢᠲᠡ 7548 ᠪᠤᠢ᠃        ᠶᠡᠭᠡ ᠳᠡᠬᠡᠳᠤ ᠰᠤᠷᠭᠠᠭᠤᠯᠢ ᠳᠡᠬᠦᠰᠬᠦ ᠤᠶᠤᠳᠠᠳ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ ᠲᠥᠷᠥᠯ ᠬᠤᠪᠢᠶᠠᠨ ᠠᠵᠢᠯ ᠠᠬᠤᠢᠢᠯᠠᠯ ᠢ ᠬᠥᠲᠥᠯᠥᠨ ᠵᠢᠯᠣᠭᠤᠳᠴᠤ᠂ ᠠᠵᠢᠯ ᠤᠨ ᠪᠠᠶᠢᠷᠢ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠤᠷᠢᠵᠤ ᠬᠡᠷᠡᠭᠯᠡᠬᠦ ᠠᠵᠢᠯ ᠤᠨ ᠪᠠᠶᠢᠷᠢ ᠨᠢ IT ᠮᠡᠳᠡᠭᠡ ᠬᠤᠯᠪᠣᠭ᠎ᠠ᠂ ᠵᠣᠬᠢᠶᠠᠮᠠᠯ ᠣᠶᠤᠨ ᠴᠢᠳᠠᠪᠤᠷᠢ᠂ ᠮᠥᠩᠭᠦᠨ ᠭᠦᠢᠯᠭᠡᠭᠡᠨ ᠤ ᠦᠨᠡᠲᠦ ᠲᠡᠮᠳᠡᠭᠲᠦ᠂ ᠵᠠᠮ ᠬᠠᠷᠢᠯᠴᠠᠭ᠎ᠠ ᠲᠡᠭᠡᠭᠡᠪᠦᠷᠢ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ 16 ᠠᠵᠢᠯ ᠲᠥᠷᠥᠯ ᠤᠨ ᠬᠦᠷᠢᠶ᠎ᠡ ᠶᠢ ᠬᠠᠮᠤᠷᠴᠤ᠂ ᠲᠡᠭᠦᠰᠬᠦ ᠤᠶᠤᠳᠠᠳ ᠲᠤ ᠨᠡᠯᠢᠶᠡᠳ ᠶᠡᠭᠡ ᠰᠣᠩᠭᠤᠯᠲᠠ ᠶᠢᠨ ᠣᠷᠣᠨ ᠵᠠᠶ ᠬᠠᠩᠭᠠᠵᠠᠶ᠃        10 ᠲᠦᠮᠡᠨ ᠣᠶᠤᠲᠠᠨ ᠢ ᠬᠦᠬᠡᠬᠤᠳᠠ ᠳᠤ ᠦᠯᠡᠳᠡᠬᠡᠬᠦ ᠲᠥᠯᠥᠪᠯᠡᠭᠡ ᠳᠤ᠂ ᠣᠷᠣᠨ ᠤ ᠲᠥᠪ ᠲᠤ ᠶᠡᠭᠡ ᠳᠡᠭᠡᠳᠦ ᠰᠤᠷᠭᠠᠭᠤᠯᠢ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠴᠢᠳᠠᠪᠤᠷᠢᠲᠠᠨ ᠤ ᠳᠤᠬᠠᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂ ᠬᠥᠬᠡᠬᠤᠲᠠ ᠵᠢᠴᠢ ᠪᠤᠰᠤᠳ ᠭᠠᠵᠠᠷ ᠣᠷᠣᠨ ᠤ ᠶᠡᠭᠡ ᠳᠡᠬᠡᠳᠤ ᠰᠤᠷᠭᠠᠭᠤᠯᠢ ᠨᠤᠭᠤᠳ ᠤᠨ ᠨᠢᠬᠡᠨᠳᠡ ᠳᠡᠬᠦᠰᠦᠭᠰᠡᠨ ᠤᠶᠤᠳᠠᠳ ᠢ ᠦᠷᠭᠦᠯᠵᠢᠯᠡᠨ ᠡᠯᠰᠡᠵᠦ᠂ ᠬᠥᠬᠡᠬᠤᠲᠠ ᠳᠤ ᠦᠯᠡᠳᠡᠭᠡᠨ ᠠᠵᠢᠯ ᠣᠯᠭᠤᠬᠤ ᠪᠠᠷ ᠪᠤᠢ᠃        ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢ ᠨᠡᠶᠢᠳᠬᠡᠵᠦ᠂ ᠬᠥᠬᠡᠬᠤᠲᠠ ᠳᠤ ᠪᠠᠶᠢᠭ᠎ᠠ 24 ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠤ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠬᠢᠴᠢᠶᠡᠯ ᠨᠡᠭᠡᠭᠡᠬᠦ ᠶᠢ ᠵᠣᠷᠢᠭᠵᠢᠭᠤᠯᠵᠤ᠂ ᠨᠡᠶᠢᠭᠡᠮ ᠨᠡᠶᠢᠳᠡ ᠳᠤ ᠰᠢᠨ᠎ᠡ ᠶᠢ ᠡᠭᠦᠳᠴᠦ ᠦᠢᠯᠡᠰ ᠪᠤᠰᠬᠠᠬᠤ ᠴᠢᠳᠠᠪᠤᠷᠢᠲᠠᠨ ᠢ ᠨᠡᠶᠢᠲᠡ 1.5 ᠲᠦᠮᠡ ᠶᠢ ᠬᠦᠷᠬᠡᠵᠡᠢ᠃        ︽ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ︾ ᠲᠥᠷᠥᠯ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠠᠵᠢᠯᠯᠠᠵᠤ ᠬᠠᠷᠢᠯᠴᠠᠨ ᠠᠰᠢᠭ ᠬᠦᠷᠳᠡᠬᠦ ᠶᠢ ᠡᠷᠢᠯᠬᠢᠯᠡᠵᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠯᠦᠭᠡ ᠪᠦᠬᠦ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠪᠠᠶᠢᠭᠤᠯᠵᠤ᠂ ᠲᠡᠷᠡᠴᠢᠯᠡᠨ ᠲᠣᠮᠣ ᠬᠡᠯᠪᠡᠷᠢ ᠶᠢᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠤ ᠰᠤᠯᠢᠯᠴᠠᠭᠠᠨ ᠤ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠵᠤ᠂ ᠶᠡᠭᠡ ᠳᠡᠬᠡᠳᠤ ᠰᠤᠷᠭᠠᠭᠤᠯᠢ ᠶᠢᠨ ᠰᠤᠳᠤᠯᠭᠠᠨ ᠤ ᠦᠷ᠎ᠠ ᠪᠦᠳᠦᠬᠡᠯ ᠢ ᠳᠤᠬᠠᠢ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠤᠨ᠎ᠠ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号