| ᠥᠪᠥᠷ ᠵᠠᠰᠠᠭ ᠠᠯᠪᠠᠨ ᠲᠠᠷᠬᠠᠭᠠᠨᠨᠰᠠᠨ ︹2020︺ 9 ᠳ᠋ᠦ᠋ᠭᠡᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠥᠬᠦᠮ | ᠦᠵᠡᠭᠦᠯᠬᠦ ᠪᠠᠷ ᠭᠦᠨᠵᠡᠭᠡᠢ ᠠᠬᠢᠭᠤᠯᠬᠤ ᠲᠤᠬᠠᠶ ᠵᠢᠯᠣᠭᠤᠳᠬᠤ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ | ᠲᠢᠩᠬᠢᠮ ᠥᠰᠥᠭ ﹇2018﹈ 22 ᠳ᠋ᠤᠭᠠᠷ ᠲᠣᠭᠠᠲᠤ︶᠂ ︽ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 722 ᠳ᠋ᠤᠭᠠᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠦᠨᠡᠨ ᠬᠦ ᠰᠢᠯᠢᠳᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ | ᠮᠡᠳᠡᠭᠳᠡᠪᠡ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ | ᠲᠣᠳᠣᠷᠬᠠᠶᠢᠯᠠᠬᠤ ᠬᠡᠷᠡᠭᠲᠡᠢ | ︵ᠨᠢᠭᠡ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠢᠯᠭᠠᠨ ᠲᠣᠳᠣᠷᠬᠠᠶᠢᠯᠠᠬᠤ ᠬᠡᠷᠡᠭᠲᠡᠶ᠃ | ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠭᠠᠵᠠᠷ ᠣᠷᠣᠨ ︵ᠳᠣᠷᠣᠭᠰᠢ ᠲᠤᠷᠰᠢᠯᠲᠠ ᠶᠢᠨ ᠴᠡᠭ ᠤᠨ ᠭᠠᠵᠠᠷ ᠣᠷᠣᠨ ᠭᠡᠵᠦ | ᠲᠣᠪᠴᠢᠯᠠᠨ᠎ᠠ︶ ᠨᠢ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠡᠭᠦᠷᠭᠡᠯᠡᠬᠦ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ᠳᠣᠷᠣᠭᠰᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ | ᠭᠡᠵᠦ ᠲᠣᠪᠴᠢᠯᠠᠨ᠎ᠠ︶ ᠬᠢᠭᠡᠳ ᠤᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠱᠤᠭᠤᠮ ᠢ | ᠢᠯᠭᠠᠨ ᠲᠣᠳᠣᠷᠬᠠᠶᠢᠯᠠᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ | ᠬᠤᠪᠢᠶᠠᠷᠢᠯᠠᠨ ᠰᠢᠯᠵᠢᠭᠦᠯᠦᠭᠡᠳ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠬᠡᠷᠡᠭᠵᠢᠭᠦᠯᠵᠦ ᠪᠠᠶᠢᠭ᠎ᠠ ᠵᠠᠰᠠᠭ | ᠵᠠᠬᠢᠷᠭᠠᠨ ᠤ ᠡᠷᠬᠡ ᠳᠤ ᠬᠠᠤᠯᠢ ᠴᠠᠭᠠᠵᠠ ᠶᠢᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ︔ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠲᠣᠭᠲᠠᠭᠠᠬᠤ᠂ ᠠᠵᠢᠯ ᠲᠥᠷᠥᠯ ᠤᠨ | ᠬᠠᠮᠢᠶᠠᠷᠤᠯᠲᠠ ᠬᠢᠬᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ | ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ | ᠰᠠᠯᠭᠠᠨ ᠬᠡᠷᠡᠭᠵᠢᠭᠦᠯᠬᠦ ᠬᠡᠷᠡᠭᠲᠡᠢ᠃ | ︵ᠬᠤᠶᠠᠷ︶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠨᠵᠢᠯᠡᠬᠦ ᠤᠬᠠᠭᠠᠨᠴᠢ ᠪᠠᠷ | ᠬᠤᠪᠢᠶᠠᠷᠢᠯᠠᠨ ᠰᠢᠯᠵᠢᠭᠦᠯᠬᠦ ᠬᠡᠷᠡᠭᠲᠡᠢ᠃ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠠᠵᠤ ᠠᠬᠤᠶᠢᠯᠠᠯ ᠪᠠ | ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭᠳᠠᠬᠤ ᠪᠥᠭᠡᠳ ᠦᠷᠭᠦᠯᠵᠢ ᠡᠭᠦᠰᠭᠦ᠂ | ᠭᠤᠶᠤᠴᠢᠯᠠᠬᠤ ᠬᠡᠮᠵᠢᠶ᠎ᠡ ᠶᠡᠭᠡ᠂ ᠵᠥᠪᠰᠢᠶᠡᠷᠡᠯ ᠤᠨ ᠪᠠᠷᠢᠮᠵᠢᠶ᠎ᠠ ᠪᠠ ᠳᠡᠰ ᠳᠠᠷᠠᠭᠠᠯᠠᠯ ᠨᠢ ᠲᠣᠳᠣᠷᠬᠠᠶ᠂ | ᠲᠥᠪᠯᠡᠷᠡᠭᠦᠯᠦᠨ ᠭᠦᠢᠴᠡᠳᠭᠡᠬᠦ ᠳᠤ ᠠᠷᠠᠳ ᠲᠤ ᠨᠠᠩ ᠶᠡᠭᠡ ᠳᠦᠬᠦᠮ ᠦᠵᠡᠭᠦᠯᠣᠨ ᠥᠨᠳᠥᠷ ᠪᠦᠲᠦᠮᠵᠢᠲᠡᠶ ᠪᠣᠯᠬᠤ | ᠵᠦᠢᠯᠡᠰ ᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠨᠢᠭᠡᠲᠦᠯᠲᠡᠢ ᠬᠤᠪᠢᠶᠠᠷᠢᠯᠠᠨ | ᠰᠢᠯᠵᠢᠭᠦᠯᠵᠦ ᠭᠦᠢᠴᠡᠳᠬᠡᠯᠭᠡᠬᠦ ᠬᠡᠷᠡᠭᠲᠡᠶ᠃ ︽ᠨᠢᠭᠡ ᠠᠵᠢᠯ ᠶᠠᠪᠤᠳᠠᠯ ᠢ ᠭᠦᠢᠴᠡᠳᠭᠡᠵᠦ ᠳᠠᠭᠤᠰᠬᠠᠬᠤ︾ ᠪᠠᠷ | ᠬᠠᠷᠠᠯᠲᠠ ᠪᠣᠯᠭᠠᠵᠤ᠂ ᠪᠣᠳᠠᠲᠠᠶ ᠪᠠᠨ ᠦᠨᠳᠦᠰᠦᠯᠡᠨ ᠵᠠᠰᠠᠭ ᠵᠠᠬᠢᠷᠭᠠᠨ ᠤ ᠵᠥᠪᠰᠢᠶᠡᠷᠡᠯ ᠯᠦᠭᠡ ᠬᠤᠯᠪᠣᠭᠳᠠᠬᠤ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠪᠥᠬᠦ ᠬᠡᠯᠬᠢᠶᠡᠰᠦ ᠪᠠᠷ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠲᠤ ᠰᠢᠯᠵᠢᠭᠦᠯᠵᠦ ᠲᠥᠪᠯᠡᠷᠡᠭᠦᠯᠦᠨ ᠭᠦᠢᠴᠡᠳᠭᠡᠯᠭᠡᠬᠦ ᠶᠢᠨ ᠬᠠᠮᠲᠤ ᠪᠥᠬᠦ ᠴᠤᠪᠤᠷᠠᠯ ᠢ ᠨᠢ ᠳᠠᠬᠢᠵᠤ | ᠵᠣᠬᠢᠶᠠᠬᠤ ᠬᠡᠷᠡᠭᠲᠡᠢ᠃ ︽ᠨᠢᠭᠡ ᠪᠦᠯᠦᠭ ᠨᠢ ᠪᠣᠯᠪᠠᠰᠤᠷᠠᠩᠭᠤᠶ ᠪᠣᠯᠪᠠᠯ᠂ ᠲᠡᠷᠡ ᠨᠢᠭᠡ ᠪᠦᠯᠦᠭ ᠢ ᠨᠢ ᠬᠤᠪᠢᠶᠠᠷᠢᠯᠠᠨ | ᠰᠢᠯᠵᠢᠭᠦᠯᠬᠦ︾ ᠵᠠᠷᠴᠢᠮ ᠶᠣᠰᠣᠭᠠᠷ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠨᠢ ᠪᠤᠳᠤᠯᠢᠶᠠᠨᠲᠠᠶ᠂ ᠲᠤᠰᠬᠠᠶ | ᠮᠡᠷᠭᠡᠵᠢᠯ ᠤᠨ ᠱᠠᠭᠠᠷᠳᠠᠯᠭ᠎ᠠ ᠪᠠᠷ ᠦᠨᠳᠦᠷ᠂ ᠬᠦᠯᠢᠶᠡᠰᠦᠯᠡᠬᠦ ᠴᠢᠨᠠᠷ ᠪᠠ ᠬᠢᠵᠠᠭᠠᠷᠯᠠᠬᠤ ᠴᠢᠨᠠᠷ ᠲᠠᠢ᠂ ᠣᠯᠠᠨ | ᠨᠡᠶᠢᠲᠡ ᠶᠢᠨ ᠠᠰᠢᠭ ᠲᠤᠰᠠ ᠪᠠ ᠣᠯᠠᠨ ᠨᠡᠶᠢᠲᠡ ᠶᠢᠨ ᠴᠢᠬᠤᠯᠠ ᠶᠡᠭᠡ ᠠᠮᠤᠷ ᠲᠦᠪᠰᠢᠨ ᠳᠤ ᠬᠤᠯᠪᠣᠭᠳᠠᠭᠰᠠᠨ | ᠵᠦᠢᠯᠡᠰ ᠢ ᠬᠤᠪᠢᠶᠠᠷᠢᠯᠠᠨ ᠰᠢᠯᠵᠢᠭᠦᠯᠬᠦ ᠪᠠᠨ ᠲᠦᠷ ᠴᠠᠭ ᠬᠤᠶᠢᠰᠢᠯᠠᠭᠤᠯᠵᠤ ᠪᠣᠯᠤᠨ᠎ᠠ᠂ ᠨᠥᠬᠦᠴᠡᠯ | ᠪᠦᠷᠢᠯᠳᠦᠭᠰᠡᠨ ᠤ ᠳᠠᠷᠠᠭ᠎ᠠ ᠴᠠᠭ ᠲᠤᠬᠠᠶ ᠳᠤ ᠨᠢ ᠬᠤᠪᠢᠶᠠᠷᠢᠯᠠᠨ ᠰᠢᠯᠵᠢᠭᠦᠯᠬᠦ ᠬᠡᠷᠡᠭᠲᠡᠢ᠃ | ︵ᠭᠤᠷᠪᠠ︶ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠤᠪᠢᠶᠠᠷᠢᠯᠠᠨ | ᠰᠢᠯᠵᠢᠭᠦᠯᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠦᠢᠯᠡᠰ ᠲᠤ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠴᠠᠭ ᠲᠤᠬᠠᠶ ᠳᠤ ᠨᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ | ᠵᠦᠢᠯᠡᠰ ᠤᠨ ᠨᠡᠷᠡᠶᠢᠳᠦᠯ᠂ ᠬᠡᠷᠡᠭᠵᠢᠭᠦᠯᠬᠦ ᠰᠠᠯᠠᠭ᠎ᠠ ᠮᠥᠴᠢᠷ᠂ ᠲᠣᠭᠲᠠᠭᠠᠭᠰᠠᠨ ᠦᠨᠳᠦᠰᠦᠯᠡᠯ ᠵᠢᠴᠢ | ᠬᠠᠷᠢᠭᠤᠴᠠᠯᠭ᠎ᠠ ᠶᠢᠨ ᠵᠦᠢᠯᠡᠰ ᠵᠡᠷᠭᠡ ᠶᠢ ᠢᠯᠡ ᠪᠣᠯᠭᠠᠬᠤ ᠪᠥᠭᠡᠳ ᠬᠥᠳᠡᠯᠦᠩᠭᠦᠶ ᠪᠠᠷ ᠬᠠᠮᠢᠶᠠᠷᠬᠤ ᠶᠢ ᠬᠡᠷᠡᠭᠵᠢᠭᠦᠯᠬᠦ | ᠬᠡᠷᠡᠭᠲᠡᠶ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠣᠬᠢᠬᠤ ᠬᠢᠨᠠᠨ ᠬᠠᠮᠢᠶᠠᠷᠬᠤ ᠵᠦᠢᠯᠡᠰ ᠤᠨ ᠨᠠᠷᠢᠨ | ᠬᠠᠭᠤᠳᠠᠰᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠵᠦᠢᠯᠡᠰ᠂ ᠬᠡᠷᠡᠭᠵᠢᠭᠦᠯᠬᠦ ᠭᠤᠤᠯ | ᠴᠣᠭᠴᠠ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠶᠢᠨ ᠵᠦᠢᠯᠡᠰ ᠵᠡᠷᠭᠡ ᠶᠢ ᠲᠣᠳᠣᠷᠬᠠᠶᠢᠯᠠᠨ᠂ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠪᠦᠲᠦᠮᠵᠢᠲᠡᠢ ᠵᠣᠯᠭᠠᠭᠤᠯᠬᠤ ᠬᠡᠷᠡᠭᠲᠡᠶ᠃ | ᠬᠤᠶᠠᠷ᠂ ᠬᠢᠨᠠᠬᠤ ᠬᠠᠮᠢᠶᠠᠷᠬᠤ ᠶᠢ ᠵᠣᠯᠭᠠᠭᠤᠯᠬᠤ ᠲᠣᠭᠲᠠᠴᠠ ᠪᠠᠨ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠬᠤᠪᠢᠶᠠᠷᠢᠯᠠᠵᠣ ᠰᠢᠯᠵᠢᠭᠦᠯᠣᠭ᠍ᠰᠡᠨ ᠵᠦᠢᠯᠡᠰ ᠢ ᠲᠤᠰᠢᠶᠠᠵᠤ ᠥᠭᠬᠦ ᠪᠠ ᠭᠠᠷᠳᠠᠵᠤ ᠠᠪᠬᠤ | ᠠᠵᠢᠯ ᠢ ᠰᠠᠶᠢᠲᠤᠷ ᠬᠢᠬᠦ ᠬᠡᠷᠡᠭᠲᠡᠶ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ | ᠵᠥᠪᠰᠢᠶᠡᠷᠡᠯ ᠵᠡᠷᠭᠡ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠳᠤ ᠪᠠᠨ᠂ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ ᠤᠨ ᠪᠢᠴᠢᠭ ᠬᠠᠷ᠎ᠠ᠂ ᠳᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠶᠢ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠵᠡᠷᠭᠡ ᠳᠤ ᠨᠢ ᠰᠢᠯᠵᠢᠭᠦᠯᠦᠨ ᠲᠤᠰᠢᠶᠠᠵᠤ ᠥᠭᠬᠦ ᠶᠢᠨ | ᠬᠠᠮᠲᠤ᠂ ᠡᠳᠡᠭᠡᠷ ᠵᠦᠢᠯᠡᠰ ᠢ ᠬᠤᠪᠢᠶᠠᠷᠢᠯᠠᠵᠣ ᠰᠢᠯᠵᠢᠭᠦᠯᠣᠭ᠍ᠰᠡᠨ ᠤ ᠳᠠᠷᠠᠭᠠᠬᠢ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠵᠢᠴᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠨᠢ | ᠲᠣᠳᠣᠷᠬᠠᠶᠢᠯᠠᠬᠤ ᠬᠡᠷᠡᠭᠲᠡᠶ᠃ ᠬᠤᠪᠢᠶᠠᠷᠢᠯᠠᠨ ᠰᠢᠯᠵᠢᠭᠦᠯᠦᠭᠡᠳᠦᠶ ᠵᠦᠢᠯᠡᠰ ᠲᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠬᠠᠤᠯᠢ | ᠶᠣᠰᠣᠭᠠᠷ ᠭᠦᠢᠴᠡᠳᠭᠡᠬᠦ ᠬᠡᠷᠡᠭᠲᠡᠶ᠃ | ︵ᠬᠤᠶᠠᠷ︶ ᠬᠢᠨᠠᠬᠤ ᠬᠠᠮᠢᠶᠠᠷᠬᠤ ᠮᠡᠳᠡᠭᠡ ᠵᠠᠩᠭᠢ ᠶᠢᠨ ᠬᠠᠮᠲᠤᠷᠠᠯᠴᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠬᠢᠨᠠᠨ ᠵᠥᠪᠰᠢᠶᠡᠷᠡᠬᠦ ᠪᠠ | ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠬᠤᠤᠰ ᠴᠢᠭᠯᠡᠯ ᠢᠶᠠᠷ ᠮᠡᠳᠡᠭᠳᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ | ᠬᠢᠨᠠᠬᠤ ᠬᠠᠮᠢᠶᠠᠷᠬᠤ ᠮᠡᠳᠡᠭᠡ ᠵᠠᠩᠭᠢ ᠶᠢᠨ ᠬᠠᠮᠲᠤᠷᠠᠯᠴᠠᠨ ᠬᠥᠳᠡᠯᠦᠯᠴᠡᠬᠦ ᠰᠦᠯᠵᠢᠶᠡᠨ ᠤ ᠲᠠᠪᠴᠠᠩ ᠪᠠᠶᠢᠭᠤᠯᠬᠤ ᠪᠠ | ᠬᠤᠯᠪᠣᠭᠠᠴᠢᠨ ᠤ ᠳᠦᠷᠢᠮ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ᠂ ᠠᠯᠪᠠᠨ ᠵᠠᠬᠢᠳᠠᠯ᠂ ᠣᠬᠤᠷ ᠴᠢᠮᠡᠭᠡ᠂ | ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠮᠡᠳᠡᠭᠡ ᠵᠠᠩᠭᠢ ᠶᠢ ᠴᠠᠭ | ᠲᠤᠬᠠᠶ ᠳᠤ ᠨᠢ ᠳᠠᠮᠵᠢᠭᠤᠯᠤᠨ ᠬᠦᠷᠭᠡᠬᠦ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ | ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢ ᠴᠠᠭ ᠲᠤ ᠨᠢ ᠮᠡᠳᠡᠭᠦᠯᠦᠨ | ᠬᠦᠷᠭᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ ᠲᠤᠬᠠᠶ ᠳᠤ ᠨᠢ ᠬᠦᠯᠢᠶᠡᠨ ᠠᠪᠬᠤ ᠶᠢᠨ ᠬᠠᠮᠲᠤ | ᠬᠢᠨᠠᠯᠲᠠ ᠬᠠᠮᠢᠶᠠᠷᠤᠯᠲᠠ ᠳᠤ ᠪᠠᠨ ᠣᠷᠣᠭᠤᠯᠬᠤ ᠬᠡᠷᠡᠭᠲᠡᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠬᠠᠮᠢᠶᠠᠷᠤᠭᠰᠠᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠴᠠᠭ ᠲᠤ ᠨᠢ | ᠬᠠᠷᠢᠭᠤ ᠲᠤᠰᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ | ᠰᠠᠨᠠᠭᠤᠯᠭ᠎ᠠ ᠶᠢ ᠦᠨᠳᠦᠰᠦᠯᠡᠨ ᠵᠣᠬᠢᠬᠤ ᠬᠡᠮᠵᠢᠶ᠎ᠡ ᠪᠠᠷ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠬᠦᠴᠦ ᠪᠠᠨ | ᠬᠠᠮᠲᠤᠳᠬᠠᠨ ᠠᠬᠢᠭᠤᠯᠬᠤ ᠬᠡᠷᠡᠭᠲᠡᠢ᠃ ᠠᠬᠤᠢ ᠲᠠᠯᠠᠪᠠᠢ ᠳᠤ ᠨᠢ ᠬᠠᠶᠢᠨ ᠰᠢᠯᠭᠠᠬᠤ᠂ ᠮᠡᠷᠭᠡᠵᠢᠯ ᠤᠨ ᠬᠢᠨᠠᠨ | ᠪᠠᠶᠢᠴᠠᠭᠠᠯᠲᠠ᠂ ᠲᠤᠰᠬᠠᠶ ᠮᠡᠷᠭᠡᠵᠢᠯᠲᠡᠨ ᠤ ᠨᠤᠲᠠᠯᠠᠯᠲᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠡᠷᠭᠡ ᠬᠢᠨᠠᠨ | ᠵᠥᠪᠰᠢᠶᠡᠷᠡᠬᠦ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠥᠷᠨᠢᠭᠦᠯᠬᠦ ᠨᠥᠬᠦᠴᠡᠯ ᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠲᠦᠷ ᠪᠦᠷᠢᠯᠳᠦᠭᠦᠯᠦᠭᠡᠳᠦᠢ ᠪᠣᠯ᠂ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠦᠷᠭᠦᠯᠵᠢᠯᠡᠨ ᠬᠠᠷᠢᠭᠤᠴᠠᠬᠤ ᠬᠡᠷᠡᠭᠲᠡᠢ︔ ᠲᠤᠰ ᠠᠵᠢᠯ ᠢ ᠥᠷᠨᠢᠭᠦᠯᠬᠦ ᠨᠥᠬᠦᠴᠡᠯ ᠢ | ᠪᠦᠷᠢᠯᠳᠦᠭᠦᠯᠦᠭᠰᠡᠨ ᠪᠣᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠥᠪᠡᠰᠦᠪᠡᠨ ᠵᠣᠬᠢᠶᠠᠨ | ᠪᠠᠶᠢᠭᠤᠯᠵᠦ ᠬᠡᠷᠡᠭᠵᠢᠭᠦᠯᠬᠦ ᠬᠡᠷᠡᠭᠲᠡᠢ᠂ ᠴᠢᠬᠤᠯᠠ ᠲᠠᠢ ᠦᠶ᠎ᠡ ᠳᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤ ᠪᠠᠷ ᠪᠡᠶᠡᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠬᠡᠷᠡᠭᠲᠡᠢ᠃ | ︵ᠳᠥᠷᠪᠡ︶ ᠲᠤᠬᠠᠶᠢᠯᠠᠭᠰᠠᠨ ᠠᠵᠢᠯ᠂ ᠬᠤᠷᠠᠯ᠂ ᠪᠣᠯᠪᠠᠰᠤᠷᠠᠭᠤᠯᠤᠯ ᠵᠡᠷᠭᠡ ᠲᠠᠯ᠎ᠠ ᠶᠢᠨ ᠣᠶᠢᠯᠠᠭᠠᠨ | ᠨᠡᠪᠲᠡᠷᠡᠯᠴᠡᠬᠦ ᠠᠵᠢᠯ ᠢ ᠴᠢᠩᠭᠠᠳᠬᠠᠬᠤ ᠬᠡᠷᠡᠭᠲᠡᠶ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ | ᠵᠡᠷᠭᠡ ᠳᠤ ᠲᠣᠬᠢᠷᠠᠭᠤᠯᠤᠯᠲᠠ ᠬᠢᠵᠦ ᠬᠤᠪᠢᠷᠠᠯᠲᠠ ᠭᠠᠷᠤᠭᠰᠠᠨ ᠪᠠᠶᠢᠪᠡᠯ᠂ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ | ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠳᠦ ᠱᠠᠲᠤᠨ ᠤ | ᠠᠵᠢᠯ ᠲᠥᠷᠥᠯ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠲᠠᠢ | ᠬᠤᠯᠪᠣᠭᠳᠠᠬᠤ ᠬᠤᠷᠠᠯ᠂ ᠪᠣᠯᠪᠠᠰᠤᠷᠠᠭᠤᠯᠤᠯ ᠵᠡᠷᠭᠡ ᠶᠢ ᠡᠷᠬᠢᠯᠡᠬᠦ ᠳᠤ᠂ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠣᠷᠣᠯᠴᠠᠭᠤᠯᠬᠤ ᠪᠠᠷ ᠮᠡᠳᠡᠭᠳᠡᠬᠦ | ᠬᠡᠷᠡᠭᠲᠡᠶ᠃ | ︵ᠲᠠᠪᠤ︶ ᠭᠡᠷᠡᠴᠢ ᠦᠨᠡᠮᠯᠡᠯ ᠪᠢᠴᠢᠭ ᠬᠠᠷ᠎ᠠ ᠢ ᠭᠤᠶᠤᠴᠢᠯᠠᠨ ᠠᠪᠬᠤ ᠠᠵᠢᠯ ᠢ ᠵᠣᠬᠢᠴᠠᠭᠤᠯᠤᠨ ᠰᠠᠶᠢᠲᠤᠷ | ᠬᠢᠬᠦ ᠬᠡᠷᠡᠭᠲᠡᠶ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠡᠪ ᠳᠦᠷᠢᠮᠲᠦ ᠦᠨᠡᠮᠯᠡᠯ ᠪᠠ ᠵᠠᠭᠪᠤᠷ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠳᠦ ᠱᠠᠲᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠠᠴᠠ | ᠬᠠᠩᠭᠠᠵᠤ ᠦᠩᠭᠦᠭᠰᠡᠨ ᠪᠣᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠨ ᠠᠪᠬᠤ ᠳᠤ | ᠬᠠᠪᠰᠣᠷᠬᠤ ᠬᠡᠷᠡᠭᠲᠡᠶ᠃ ᠨᠢᠭᠡᠳᠦᠯᠲᠡᠶ ᠲᠣᠭᠲᠠᠭᠠᠭᠰᠠᠨ ᠬᠡᠪ ᠵᠠᠭᠪᠤᠷ ᠢᠶᠠᠷ ᠥᠪᠡᠰᠦᠪᠡᠨ ᠳᠠᠷᠤᠮᠠᠯᠯᠠᠵᠤ ᠪᠣᠯᠬᠤ ᠳᠤ | ᠭᠦᠷᠪᠡᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠳᠠᠷᠤᠮᠠᠯᠯᠠᠨ ᠵᠣᠬᠢᠶᠠᠬᠤ ᠬᠡᠷᠡᠭᠲᠡᠢ᠃ | ︵ᠵᠢᠷᠭᠤᠭ᠎ᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ | ᠨᠢᠭᠡ ᠴᠣᠭᠴᠠᠵᠢᠭᠤᠯᠤᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ᠡᠯ᠎ᠡ ᠰᠠᠯᠠᠭ᠎ᠠ ᠮᠥᠴᠢᠷ ᠤᠨ ᠲᠠᠷᠠᠬᠠᠶ ᠲᠤᠰᠠᠭᠠᠷ ᠪᠠᠶᠢᠭ᠎ᠠ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢᠨ | ᠰᠢᠰᠲ᠋ᠧᠮ ᠢ ᠡᠮᠬᠢᠯᠡᠨ ᠨᠡᠶᠢᠯᠡᠭᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠶ ᠰᠦᠯᠵᠢᠶ᠎ᠡ ᠪᠠ | ᠠᠵᠢᠯ ᠲᠥᠷᠥᠯ ᠤᠨ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢᠨ ᠰᠢᠰᠲ᠋ᠧᠮ ᠬᠢᠭᠡᠣᠨ ᠨᠢᠭᠡ ᠴᠣᠭᠴᠠᠵᠢᠭᠤᠯᠤᠭᠰᠠᠨ | ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠣ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠠᠯᠤᠰᠯᠠᠨ ᠱᠠᠲᠤ ᠳᠡᠰ ᠠᠯᠤᠰᠯᠠᠨ ᠮᠡᠳᠡᠭᠡ ᠵᠠᠩᠭᠢ ᠪᠠᠨ | ᠬᠠᠷᠢᠯᠴᠠᠨ ᠮᠡᠳᠡᠷᠡᠬᠦ᠂ ᠳ᠋ᠠᠶᠢᠲ᠋ᠠ ᠪᠠᠨ ᠬᠠᠮᠲᠤ ᠪᠠᠷ ᠭᠦᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ | ᠠᠬᠢᠭᠤᠯᠵᠤ᠂ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠪᠠᠶᠠᠯᠡᠭᠦᠯᠬᠦ ᠬᠡᠷᠡᠭᠲᠡᠢ᠃ | ︵ᠳᠣᠯᠤᠭ᠎ᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠠᠮᠠᠭ᠎ᠠ ᠶᠢᠨ | ᠬᠠᠤᠯᠢ ᠶᠢᠨ ᠬᠦᠴᠦᠨ ᠢ ᠲᠣᠳᠣᠷᠬᠠᠶᠢᠯᠠᠬᠤ ᠬᠡᠷᠡᠭᠲᠡᠶ᠃ ᠲᠢᠩᠬᠢᠮ ᠦᠰᠦᠭ ︹2018︺ 22 ᠳ᠋ᠤᠭᠠᠷ ᠲᠣᠭᠠᠲᠤ | ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠦᠢᠯᠡᠰ ᠢ ᠭᠦᠢᠴᠡᠳᠭᠡᠬᠦ ᠳᠤ | ᠬᠠᠤᠯᠢ ᠶᠢᠨ ᠬᠦᠴᠦᠨ ᠲᠠᠢ ᠪᠣᠯᠬᠤᠷ᠂ ᠤᠤᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠠᠯᠠᠭ᠎ᠠ | ᠮᠥᠴᠢᠷ ᠤᠨ ᠲᠠᠮᠠᠭ᠎ᠠ ᠶᠢ ᠳᠠᠪᠬᠤᠷᠳᠠᠭᠤᠯᠤᠨ ᠳᠠᠷᠤᠭᠤᠯᠬᠤ ᠪᠠᠷ ᠱᠠᠭᠠᠷᠳᠠᠵᠤ ᠪᠣᠯᠬᠤ ᠦᠭᠡᠢ᠂ ᠳᠠᠪᠬᠤᠷᠳᠠᠭᠤᠯᠤᠨ | ᠲᠠᠮᠠᠭ᠎ᠠ ᠳᠠᠷᠤᠬᠤ ᠶᠢ ᠲᠠᠰᠤ ᠵᠣᠭᠰᠣᠭᠠᠬᠤ ᠬᠡᠷᠡᠭᠲᠡᠶ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ | ᠡᠴᠦᠰ ᠤᠨ ᠰᠢᠭᠦᠯᠲᠡ ᠳᠤ ᠬᠤᠯᠪᠣᠭᠳᠠᠭᠰᠠᠨ ᠡᠰᠡᠭᠦᠯ᠎ᠠ ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠮᠡᠳᠡᠷᠡᠭᠦᠯᠬᠦ | ᠴᠢᠬᠤᠯᠠᠲᠠᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠦᠨᠡᠮᠰᠢᠨ ᠭᠡᠷᠡᠴᠢᠯᠡᠭᠦᠯᠬᠦ ᠪᠤᠶᠤ ᠲᠠᠶᠢᠯᠪᠤᠷᠢᠯᠠᠨ ᠲᠣᠳᠣᠷᠬᠠᠶᠢᠯᠠᠭᠤᠯᠬᠤ ᠴᠢᠬᠤᠯᠠᠲᠠᠢ ᠪᠣᠯ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠰᠠᠨᠠᠯ ᠢᠶᠠᠨ ᠪᠢᠴᠢᠭ ᠤᠨ ᠬᠡᠯᠪᠡᠷᠢ ᠪᠠᠷ ᠭᠠᠷᠭᠠᠵᠤ ᠥᠭᠬᠦ ᠬᠡᠷᠡᠭᠲᠡᠶ᠃ | ︵ᠨᠠᠢᠮᠠ︶ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ︽ᠬᠡᠨ ᠭᠤᠣᠯᠴᠢᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ | ᠵᠠᠷᠴᠢᠮ ᠢ ᠪᠠᠷᠢᠮᠲᠠᠯᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ ᠬᠠᠤᠯᠢ ᠲᠣᠭᠲᠠᠭᠠᠯ | ᠪᠠ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠲᠣᠳᠣᠷᠬᠠᠶᠢᠯᠠᠭᠰᠠᠨ ᠬᠢᠨᠠᠨ ᠬᠠᠮᠢᠶᠠᠷᠬᠤ ᠵᠦᠢᠯᠡᠰ ᠪᠠ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠵᠢᠷᠤᠮᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠤᠯᠢ | ᠶᠣᠰᠣᠭᠠᠷ ᠬᠢᠨᠠᠨ ᠬᠠᠮᠢᠶᠠᠷᠴᠤ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ | ︵ᠨᠢᠭᠡ︶ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯᠯᠠᠬᠤ ᠲᠠᠯᠠᠪᠤᠷ | ᠭᠠᠵᠠᠷ ᠤᠨ ᠬᠠᠮᠢᠶᠠᠷᠤᠯᠲᠠ᠂ ᠬᠢᠨᠠᠨ ᠵᠥᠪᠰᠢᠶᠡᠷᠡᠬᠦ ᠴᠤᠪᠤᠷᠠᠯ᠂ ᠦᠢᠯᠡᠴᠢᠯᠡᠬᠦ ᠠᠷᠭ᠎ᠠ ᠮᠠᠶ᠋ᠢᠭ ᠵᠡᠷᠭᠡ ᠶᠢᠨ | ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ | ᠴᠣᠭᠴᠠ ᠶᠢᠨ ᠲᠢᠩᠬᠢᠮ ᠤᠨ ᠴᠢᠳᠠᠮᠵᠢ ᠶᠢᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠰᠠᠭᠤᠷᠢ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠵᠢᠷᠤᠮᠵᠢᠯ ᠵᠡᠷᠭᠡ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ | ᠵᠦᠢᠯ ᠤᠨ ᠬᠢᠨᠠᠨ ᠵᠥᠪᠰᠢᠶᠡᠷᠡᠬᠦ ᠬᠦᠴᠦᠨ ᠵᠦᠢᠯ ᠢ ᠵᠤᠷᠪᠤᠰ ᠳᠠᠷᠠᠭᠠᠯᠠᠨ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠨᠠᠷᠢᠯᠢᠭᠵᠢᠭᠤᠯᠤᠨ | ᠬᠡᠮᠵᠢᠶᠡᠵᠢᠭᠦᠯᠵᠦ᠂ ᠪᠠᠷᠢᠮᠵᠢᠶᠠᠵᠢᠭᠰᠠᠨ ᠠᠵᠢᠯ ᠤᠨ ᠴᠣᠪᠣᠷᠠᠯ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠨ᠂ ᠠᠳᠠᠯᠢ ᠨᠢᠭᠡᠨ ᠠᠵᠢᠯ ᠶᠠᠪᠤᠳᠠᠯ ᠢ ᠢᠯᠭᠠᠭ᠎ᠠ | ᠥᠬᠡᠶ ᠭᠥᠯᠢᠶᠡᠨ ᠠᠪᠴᠤ ᠰᠢᠢᠳᠪᠦᠷᠢᠯᠡᠬᠦ ᠪᠠ ᠠᠳᠠᠯᠢ ᠪᠠᠷᠢᠮᠵᠢᠶ᠎ᠠ ᠪᠠᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠦᠭᠡᠳᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠵᠦᠢᠯᠡᠰ ᠢ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ︵ᠰᠠᠯᠠᠭ᠎ᠠ | ᠮᠥᠴᠢᠷ ᠤᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠬᠢᠨᠠᠨ | ᠵᠥᠪᠰᠢᠶᠡᠷᠡᠬᠦ ᠰᠠᠯᠠᠭ᠎ᠠ ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠬᠢᠨᠠᠨ | ᠵᠥᠪᠰᠢᠶᠡᠷᠡᠬᠦ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠲᠡᠶᠢᠰᠢ ᠲᠥᠪᠯᠡᠷᠡᠭᠦᠯᠵᠦ᠂ ᠦᠢᠯᠡᠴᠢᠯᠡᠬᠦ ᠵᠦᠢᠯᠡᠰ ᠢ | ᠦᠢᠯᠡᠴᠢᠯᠡᠬᠦ ᠲᠢᠩᠬᠢᠮ ᠳᠤ ᠣᠷᠣᠭᠤᠯᠬᠤ ᠶᠢ ᠪᠣᠳᠠᠲᠠᠶᠢᠵᠢᠭᠤᠯᠬᠤ᠂ ᠬᠢᠨᠠᠨ ᠵᠥᠪᠰᠢᠶᠡᠷᠡᠬᠦ ᠡᠷᠬᠡ ᠶᠢ ᠦᠢᠯᠡᠴᠢᠯᠡᠬᠦ | ᠴᠣᠩᠬᠤᠪᠴᠢ ᠳᠤ ᠣᠯᠭᠤᠵᠤ ᠪᠣᠳᠠᠲᠠᠶᠢᠵᠢᠭᠤᠯᠬᠤ᠂ ᠡᠯᠧᠺᠲᠷᠣᠨ ᠢᠶᠠᠷ ᠬᠢᠨᠠᠨ ᠪᠠᠶᠢᠴᠠᠭᠠᠯᠲᠠ ᠬᠢᠬᠦ ᠶᠢ | ᠪᠣᠳᠠᠲᠠᠶᠢᠵᠢᠭᠤᠯᠦᠨᠡ︶ ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠣᠷᠣᠭᠤᠯᠵᠣ ᠲᠥᠪᠯᠡᠷᠡᠭᠦᠯᠦᠨ ᠭᠦᠢᠴᠡᠳᠭᠡᠬᠦ ᠬᠡᠷᠡᠭᠲᠡᠢ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠡᠳᠦᠶ ᠭᠠᠵᠠᠷ | ᠣᠷᠣᠨ ᠨᠢ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠲᠤᠰ | ᠵᠠᠰᠠᠭ ᠵᠠᠬᠢᠷᠭᠠᠨ ᠤ ᠣᠷᠣᠨ ᠳᠠᠬᠢ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠣ ᠨᠢᠭᠡᠳᠦᠯᠲᠡᠢ ᠭᠦᠢᠴᠡᠳᠬᠡᠵᠦ | ᠲᠥᠪᠯᠡᠷᠡᠭᠦᠯᠦᠨ ᠦᠢᠯᠡᠴᠢᠯᠡᠵᠦ᠂ ︽ᠨᠢᠭᠡ ᠯᠡ ᠡᠭᠦᠳᠡ ᠪᠠᠷ ᠣᠷᠣᠵᠤ᠂ ᠣᠯᠠᠨ ᠠᠵᠢᠯ ᠶᠠᠪᠤᠳᠠᠯ ᠢ ᠭᠦᠢᠴᠡᠳᠬᠡᠵᠦ | ᠳᠠᠭᠤᠰᠬᠠᠬᠤ︾ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ | ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠪᠠ ᠠᠨᠠᠢ ᠶᠢ ᠦᠨᠡᠯᠡᠬᠦ︾ ᠳᠦᠷᠢᠮ ᠢ ᠪᠦᠬᠦ ᠲᠠᠯ᠎ᠠ ᠪᠠᠷ | ᠪᠠᠶᠢᠭᠤᠯᠬᠤ ᠬᠡᠷᠡᠭᠲᠡᠢ᠃ ᠡᠯᠧᠺᠲᠷᠣᠨ ᠢᠶᠠᠷ ᠬᠢᠨᠠᠨ ᠪᠠᠶᠢᠴᠠᠭᠠᠬᠤ᠂ ᠠᠬᠤᠢ ᠲᠠᠯᠠᠪᠤᠷ ᠲᠤ ᠬᠦᠷᠴᠦ ᠦᠨᠡᠯᠡᠯᠲᠡ ᠬᠢᠬᠦ | ᠵᠡᠷᠭᠡ ᠠᠷᠭ᠎ᠠ ᠮᠠᠶ᠋ᠢᠭ ᠢ ᠠᠪᠴᠤ᠂ ᠴᠣᠩᠬᠤᠪᠴᠢ ᠪᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡ | ᠠᠵᠢᠯᠯᠠᠭ᠎ᠠ ᠳᠤ ᠦᠨᠡᠯᠡᠯᠲᠡ ᠬᠢᠵᠦ ᠬᠢᠨᠠᠯᠲᠠ ᠲᠠᠯᠪᠢᠬᠤ ᠶᠢ ᠴᠢᠩᠭᠠᠷᠠᠭᠤᠯᠬᠤ ᠬᠡᠷᠡᠭᠲᠡᠢ᠃ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ ᠪᠠᠶᠢᠴᠠᠭᠠᠬᠤ ᠲᠠᠯ᠎ᠠ ᠶᠢᠨ ᠬᠢᠨᠠᠯᠲᠠ | ᠲᠠᠯᠪᠢᠬᠤ ᠶᠢ ᠴᠢᠩᠭᠠᠷᠠᠭᠤᠯᠤᠨ᠂ ᠬᠢᠨᠠᠯᠲᠠ ᠲᠠᠯᠪᠢᠵᠤ ᠬᠢᠵᠠᠭᠠᠷᠯᠠᠬᠤ ᠶᠢ ᠦᠨᠡᠨ ᠬᠦ ᠴᠢᠩᠭᠠᠳᠬᠠᠬᠤ ᠬᠡᠷᠡᠭᠲᠡᠢ᠃ | ᠳᠥᠷᠪᠡ᠂ ᠳᠡᠭᠡᠳᠦ ᠳᠣᠤᠷᠠᠳᠤ ᠱᠠᠲᠤᠨ ᠤ ᠬᠤᠭᠤᠷᠣᠨᠳᠣᠬᠢ ᠵᠣᠬᠢᠴᠠᠭᠤᠯᠤᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ | ︵ᠨᠢᠭᠡ︶ ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠲᠤᠬᠠᠶᠢᠯᠠᠭᠰᠠᠨ ᠠᠵᠢᠯ ᠤᠨ ᠵᠢᠭᠠᠨ | ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠵᠠᠰᠠᠭ ᠵᠠᠬᠢᠷᠭᠠᠨ ᠤ ᠵᠥᠪᠰᠢᠶᠡᠷᠡᠯ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠪᠢᠴᠢᠭ ᠮᠠᠲ᠋ᠧᠷᠢᠶᠠᠯ ᠢ | ᠲᠣᠭᠳᠠᠭᠠᠨ ᠶᠠᠪᠤᠭᠤᠯᠬᠤ ᠪᠠ ᠤᠯᠠᠮᠵᠢᠯᠠᠨ ᠶᠠᠪᠤᠭᠤᠯᠬᠤ ᠳᠤ᠂ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠭᠤᠣᠯᠯᠠᠨ ᠢᠯᠡᠭᠡᠬᠦ ᠪᠤᠶᠤ ᠬᠠᠭᠤᠯᠤᠨ ᠢᠯᠡᠭᠡᠬᠦ | ᠬᠡᠪᠴᠢᠶᠡᠨ ᠳᠤ ᠣᠷᠣᠭᠤᠯᠬᠤ ᠬᠡᠷᠡᠭᠲᠡᠶ︔ ᠵᠠᠰᠠᠭ ᠵᠠᠬᠢᠷᠭᠠᠨ ᠤ ᠵᠥᠪᠰᠢᠶᠡᠷᠡᠯ ᠲᠠᠢ ᠬᠤᠯᠪᠣᠭᠳᠠᠬᠤ ᠲᠤᠬᠠᠶᠢᠯᠠᠭᠰᠠᠨ | ᠠᠵᠢᠯ ᠤᠨ ᠬᠤᠯᠪᠣᠭᠳᠠᠯ ᠪᠦᠬᠦᠢ ᠬᠤᠷᠠᠯ᠂ ᠪᠣᠯᠪᠠᠰᠤᠷᠠᠭᠤᠯᠤᠯ ᠵᠡᠷᠭᠡ ᠶᠢ ᠡᠷᠬᠢᠯᠡᠭᠦ ᠳᠤ ᠳᠣᠣᠷᠠᠳᠤ ᠱᠠᠲᠤᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠮᠡᠳᠡᠭᠳᠡᠵᠦ ᠣᠷᠣᠯᠴᠠᠭᠤᠯᠬᠤ ᠬᠡᠷᠡᠭᠲᠡᠶ᠃ | ︵ᠬᠤᠶᠠᠷ︶ ᠬᠢᠨᠠᠨ ᠪᠠᠶᠢᠴᠠᠭᠠᠬᠤ ᠪᠤᠶᠤ ᠡᠴᠦᠰ ᠤᠨ ᠬᠢᠨᠠᠯᠲᠠ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ | ᠴᠤᠪᠤᠷᠠᠯ ᠢᠶᠠᠨ ᠳᠥᠭᠦᠮᠴᠢᠯᠡᠬᠦ ᠬᠡᠷᠡᠭᠲᠡᠶ᠃ ᠳᠡᠭᠡᠳᠦ ᠨᠢᠭᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠬᠢᠨᠠᠨ ᠪᠠᠶᠢᠴᠠᠭᠠᠬᠤ ᠪᠤᠶᠤ ᠡᠴᠦᠰ ᠤᠨ ᠬᠢᠨᠠᠯᠳᠠ ᠬᠢᠭᠦ ᠴᠢᠬᠤᠯᠳᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠢ ᠪᠣᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠳᠡᠭᠡᠳᠦ ᠨᠢᠭᠡ ᠱᠠᠲᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠰᠢᠭᠤᠳ ᠮᠡᠳᠡᠭᠦᠯᠦᠨ ᠬᠦᠷᠭᠡᠬᠦ ᠬᠡᠷᠡᠭᠲᠡᠢ᠂ ᠠᠳᠠᠯᠢ | ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠳᠠᠮᠵᠢᠭᠤᠯᠤᠨ ᠮᠡᠳᠡᠭᠦᠯᠬᠦ ᠴᠢᠬᠤᠯᠠ ᠦᠭᠡᠢ᠃ | ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠰᠢᠰᠲ᠋ᠧᠮ | ᠪᠠ ᠡᠷᠬᠡ ᠮᠡᠳᠡᠯ ᠵᠡᠷᠭᠡ ᠡᠬᠢ ᠪᠠᠶᠠᠯᠢᠭ ᠢ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠲᠤ ᠴᠢᠯᠦᠭᠡᠲᠡᠢ ᠨᠡᠭᠡᠭᠡᠨ ᠥᠭᠴᠦ᠂ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠳᠡᠭᠡᠳᠦ ᠳᠣᠣᠷᠠᠳᠤ ᠱᠠᠲᠤᠨ ᠤ ᠲᠤᠬᠠᠶᠢᠯᠠᠭᠰᠠᠨ ᠠᠵᠢᠯ ᠤᠨ ᠵᠣᠯᠭᠠᠭᠤᠯᠬᠤ ᠲᠣᠭᠲᠠᠴᠠ ᠶᠢ | ᠪᠠᠶᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠳᠡᠭᠡᠳᠦ ᠱᠠᠲᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠠᠵᠢᠯ ᠢᠶᠠᠨ ᠢᠳᠡᠪᠬᠢᠲᠡᠢ ᠵᠣᠯᠭᠠᠭᠤᠯᠬᠤ ᠶᠢ ᠴᠢᠩᠭᠠᠳᠬᠠᠨ᠂ | ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ | ᠪᠠ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠵᠡᠷᠭᠡ ᠶᠢ ᠴᠢᠩᠭ᠎ᠠ ᠬᠡᠷᠡᠭᠵᠢᠭᠦᠯᠦᠨ᠂ ᠮᠡᠳᠡᠭᠡ ᠵᠠᠩᠭᠢ ᠰᠣᠯᠢᠯᠴᠠᠬᠤ ᠪᠠᠨ | ᠴᠢᠩᠭᠠᠳᠬᠠᠵᠤ᠂ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠨ᠂ ᠠᠵᠢᠯ ᠢᠶᠠᠨ ᠳᠡᠮᠵᠢᠭᠦᠯᠬᠦ ᠪᠠᠷ | ᠴᠢᠷᠮᠠᠶᠢᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠠᠶᠢᠮᠠᠭ ᠬᠤᠲᠠ ᠨᠢ ᠦᠨᠳᠦᠰᠦᠨ ᠱᠠᠲᠤᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠳᠤ ᠵᠢᠭᠠᠨ ᠵᠢᠯᠤᠭᠤᠳᠤᠯᠭ᠎ᠠ ᠬᠢᠬᠦ ᠪᠠᠨ ᠴᠢᠩᠭᠠᠳᠬᠠᠬᠤ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠥᠭᠡᠷᠡᠴᠢᠯᠡᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠢᠯ ᠤᠨ | ᠲᠠᠯ᠎ᠠ ᠪᠠᠷ ᠵᠢᠭᠠᠨ ᠵᠢᠯᠣᠭᠤᠳᠬᠤ ᠪᠠᠨ ᠴᠢᠩᠭᠠᠷᠠᠭᠤᠯᠤᠨ᠂ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠢ | ᠵᠣᠷᠢᠭᠵᠢᠭᠤᠯᠤᠨ ᠬᠠᠪᠰᠤᠷᠴᠤ ᠪᠠᠶᠢᠭᠠᠳ ᠬᠠᠤᠯᠢ ᠪᠠᠷ ᠵᠠᠰᠠᠬᠤ ᠪᠦᠳᠦᠭᠦᠪᠴᠢ ᠲᠥᠰᠥᠪ ᠤᠨ ᠳᠣᠲᠣᠷ᠎ᠠ ᠤᠤᠭᠠᠯ | ᠪᠦᠲᠦᠭᠡᠯᠴᠢ ᠴᠢᠨᠠᠷᠲᠠᠶ᠂ ᠢᠯᠭᠠᠵᠢᠭᠤᠯᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠬᠦ ᠬᠡᠷᠡᠭᠲᠡᠢ᠃ | ᠡᠯ᠎ᠡ ᠭᠠᠵᠠᠷ ᠣᠷᠣᠨ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠢᠭᠡᠳ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠬᠠᠷᠢᠶᠠᠯᠠᠭᠳᠠᠬᠤ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠬᠤ ᠬᠡᠷᠡᠭᠲᠡᠢ᠃ | | ︵ᠬᠤᠶᠠᠷ︶ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠬᠤ ᠬᠡᠷᠡᠭᠲᠡᠢ᠃ | ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠨ᠂ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠲᠣᠮᠳᠠ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠭᠦᠮᠣᠨ ᠤ ᠬᠦᠴᠦᠨ᠂ ᠠᠵᠢᠯ ᠤᠨ ᠵᠠᠷᠤᠳᠠᠯ ᠵᠡᠷᠭᠡ ᠲᠠᠯ᠎ᠠ ᠶᠢᠨ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠪᠠ ᠭᠡᠷᠡᠴᠢ ᠦᠨᠡᠮᠯᠡᠯ | ᠬᠡᠪᠯᠡᠨ ᠳᠠᠷᠤᠮᠠᠯᠯᠠᠬᠤ ᠵᠡᠷᠭᠡ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠠᠴᠠ ᠪᠠᠲᠤᠯᠠᠬᠤ ᠬᠡᠷᠡᠭᠲᠡᠢ᠃ | ︵ᠭᠤᠷᠪᠠ︶ ᠲᠦᠬᠦᠷᠵᠢᠭᠦᠯᠦᠭᠰᠡᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ | ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠥᠭᠡᠷᠡᠴᠢᠯᠡᠯᠲᠡ ᠶᠢᠨ ᠲᠦᠭᠦᠷ ᠲᠥᠷᠥ ᠶᠢᠨ ᠪᠣᠳᠣᠯᠭ᠎ᠠ ᠪᠠᠨ | ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠶ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠢᠯᠭᠠᠷᠠᠭᠤᠯᠬᠤ ᠶᠢᠨ ᠬᠠᠮᠲᠤ ᠵᠣᠬᠢᠬᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠬᠤ ᠵᠡᠷᠭᠡ ᠠᠷᠭ᠎ᠠ | ᠮᠠᠶ᠋ᠢᠭ ᠢᠶᠠᠷ ᠥᠭᠡᠷᠡᠴᠢᠯᠡᠯᠲᠡ ᠪᠠᠨ ᠭᠦᠨᠵᠡᠭᠡᠶᠢᠷᠡᠭᠦᠯᠬᠦ ᠶᠢ ᠬᠠᠶᠢᠨ ᠰᠦᠪᠡᠭᠴᠢᠯᠡᠵᠦ᠂ ᠥᠭᠡᠷᠡᠴᠢᠯᠡᠯᠲᠡ ᠶᠢ | ᠤᠷᠤᠭᠰᠢᠲᠠᠶ ᠠᠬᠢᠭᠤᠯᠬᠤ ᠳᠤ ᠬᠠᠤᠯᠢ ᠲᠦᠷᠢᠮ ᠤᠨ ᠪᠠᠲᠤᠯᠠᠭ᠎ᠠ ᠬᠠᠩᠭᠠᠵᠤ ᠪᠣᠯᠤᠨ᠎ᠠ᠃ | ︵ᠳᠥᠷᠪᠡ︶ ᠥᠭᠡᠷᠡᠴᠢᠯᠡᠯᠲᠡ ᠶᠢ ᠤᠬᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠲᠤᠷᠰᠢᠯᠲᠠ ᠶᠢᠨ | ᠴᠡᠭ ᠤᠨ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠥᠭᠡᠷᠡᠴᠢᠯᠡᠯᠲᠡ ᠶᠢᠨ ᠲᠤᠰᠬᠠᠶ | ᠪᠤᠯᠤᠩ᠂ ᠰᠦᠯᠵᠢᠶᠡᠨ ᠤ ᠲᠠᠪᠴᠠᠩ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠬᠡᠯᠪᠡᠷᠢ ᠪᠠᠷ ᠳᠠᠮᠵᠢᠭᠤᠯᠤᠨ᠂ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠳᠠᠶᠢᠯᠵᠣ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠦᠭᠰᠡᠨ ᠠᠷᠭ᠎ᠠ ᠬᠢᠳᠡᠯ ᠢ ᠥᠷᠭᠡᠨ ᠳᠡᠯᠭᠡᠷ ᠤᠬᠠᠭᠤᠯᠤᠨ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠢᠳᠡᠪᠬᠢᠲᠡᠢ ᠳᠡᠯᠭᠡᠨ ᠦᠵᠡᠭᠦᠯᠵᠦ᠂ ᠥᠭᠡᠷᠡᠴᠢᠯᠡᠯᠲᠡ ᠶᠢ ᠬᠠᠮᠳᠤ ᠪᠠᠷ ᠠᠬᠢᠭᠤᠯᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠶ᠃ | 2020 ᠣᠨ ᠤ 4 ᠳ᠋ᠤᠬᠡᠷ ᠰᠠᠷ᠎ᠠ ᠶᠢᠨ 30 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |