ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/1/26
                   ᠤᠯᠠᠭᠠᠨᠬᠠᠳᠠ ᠵᠠᠰᠠᠭ ᠲᠠᠷᠬᠠᠭᠠᠭᠰᠠᠨ ︹2020︺ 111 ᠳ᠋ᠦ᠋ᠭᠡᠷ ᠲᠣᠭᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠵᠥᠪᠯᠡᠯ ᠠᠯᠪᠠᠨ ᠬᠡᠷ ᠲᠣᠪᠴᠢᠶ᠎ᠠ ᠳᠤ᠄        ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                              2020 ᠣᠨ ᠤ 12 ᠰᠠᠷ᠎ᠠ ᠶᠢᠨ 1 ᠤ ᠡᠳᠦᠷ                              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ        ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠶᠢᠨ ᠪᠠᠭᠰᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠡᠷᠡᠰ ᠵᠠᠰᠠᠵᠤ᠂ ᠰᠤᠷᠭᠠᠨ ᠬᠥᠮᠦᠵᠢᠯ ᠤᠨ ᠠᠵᠢᠯ ᠲᠥᠷᠥᠯ ᠤᠨ ᠲᠥᠪ ᠪᠤᠰᠤ ᠰᠤᠷᠲᠠᠯ ᠢ ᠵᠠᠯᠠᠷᠠᠭᠤᠯᠤᠨ᠂ ᠪᠠᠭᠰᠢ ᠶᠢᠨ ᠶᠣᠰᠣ ᠮᠣᠷᠠᠯ ᠤᠨ ᠤᠷᠮᠠᠰᠢᠭᠤᠯᠤᠯ ᠪᠠ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠣᠷᠴᠢᠨ ᠠᠬᠤᠶ ᠶᠢ ᠪᠠᠶᠢᠭᠤᠯᠬᠤ ᠶᠢᠨ ᠲᠤᠰᠠᠳᠠ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃        ᠨᠢᠭᠡᠳᠦᠭᠡᠷ ᠵᠦᠢᠯ    ᠲᠣᠰ ᠠᠷᠭ᠎ᠠ ᠳᠤ ᠵᠢᠭᠠᠵᠤ ᠪᠠᠶᠢᠭ᠎ᠠ ᠪᠠᠭᠰᠢ ᠭᠡᠳᠡᠭ ᠨᠢ ᠡᠩ ᠤᠨ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ᠂ ᠪᠠᠭᠠᠴᠤᠳ ᠤᠨ ᠣᠷᠳᠣᠨ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠯ᠂ ᠴᠠᠬᠢᠯᠭᠠᠨᠵᠢᠭᠰᠠᠨ ᠰᠤᠷᠭᠠᠨ ᠬᠥᠮᠦᠵᠢᠯ ᠵᠡᠷᠭᠡ ᠪᠠᠶᠢᠭᠤᠯᠤᠮᠵᠢ ᠶᠢᠨ ᠠᠵᠢᠯ ᠳᠤ ᠪᠠᠶᠢᠭ᠎ᠠ ᠪᠠᠭᠰᠢ ᠶᠢ ᠵᠢᠭᠠᠵᠤ ᠪᠣᠶ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠪᠠᠭᠰᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃        ᠬᠤᠶᠠᠳᠤᠭᠠᠷ ᠵᠦᠢᠯ    ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠲᠣᠭᠲᠠᠭᠠᠯ᠄        ︵ᠨᠢᠭᠡ︶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠵᠢᠴᠢ ᠪᠤᠰᠤᠳ ᠲᠠᠯᠠᠪᠤᠷ ᠲᠤ ᠨᠠᠮ ᠤᠨ ᠲᠥᠪ ᠬᠤᠷᠢᠶᠠᠨ ᠤ ᠡᠷᠬᠡ ᠰᠦᠷ ᠢ ᠬᠤᠬᠢᠷᠠᠭᠤᠯᠬᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠵᠥᠷᠢᠴᠡᠬᠦ ᠵᠡᠷᠭᠡ ᠦᠭᠡ ᠶᠠᠷᠢᠶ᠎ᠠ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠬᠤᠶᠠᠷ︶ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯᠯᠠᠭ᠎ᠠ ᠳᠤᠮᠳᠠ ᠵᠢᠴᠢ ᠪᠤᠰᠤᠳ ᠲᠠᠯᠠᠪᠤᠷ ᠲᠤ ᠤᠯᠤᠰ ᠤᠨ ᠠᠰᠢᠭ ᠲᠤᠰᠠ᠂ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ᠂ ᠠᠷᠠᠳ ᠲᠦᠮᠡᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠬᠦ᠂ ᠨᠡᠶᠢᠭᠡᠮ ᠤᠨ ᠡᠮᠬᠢ ᠵᠢᠷᠤᠮ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠬᠦ᠂ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ ᠵᠡᠷᠭᠡ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃        ︵ᠭᠤᠷᠪᠠ︶ ᠬᠢᠴᠢᠶᠡᠯ ᠤᠨ ᠲᠠᠩᠬᠢᠮ᠂ ᠥᠭᠦᠯᠡᠯ ᠤᠨ ᠲᠠᠪᠴᠠᠩ᠂ ᠲᠠᠶᠢᠯᠤᠮᠵᠢ ᠶᠢᠨ ᠲᠣᠣᠷ ᠰᠦᠯᠵᠢᠶ᠎ᠡ ᠵᠢᠴᠢ ᠪᠤᠰᠤᠳ ᠠᠷᠭ᠎ᠠ ᠵᠠᠮ ᠢᠶᠠᠷ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠨᠥᠯᠥᠭᠡᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠪᠳᠡᠬᠦ ᠪᠠᠷ ᠥᠳᠥᠭᠡᠭᠰᠡᠨ ᠶᠠᠷᠢᠶ᠎ᠠ ᠬᠡᠯᠡᠯᠴᠡᠭᠡ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠬᠤᠳᠠᠯ ᠬᠠᠭᠤᠷᠮᠠᠭ ᠮᠡᠳᠡᠭᠡ ᠵᠠᠩᠭᠢ᠂ ᠮᠠᠭᠤ ᠮᠡᠳᠡᠭᠡ ᠵᠠᠩᠭᠢ ᠵᠣᠬᠢᠶᠠᠬᠤ᠂ ᠲᠠᠷᠬᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠳᠥᠷᠪᠡ︶ ᠰᠤᠷᠭᠠᠭᠤᠯᠢ ᠳᠤ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠰᠤᠷᠭᠠᠭᠤᠯᠢ ᠵᠢᠴᠢ ᠪᠤᠰᠤᠳ ᠭᠠᠵᠠᠷ ᠲᠠᠯᠠᠪᠤᠷ ᠲᠤ ᠭᠠᠵᠢᠭᠤ ᠱᠠᠰᠢᠨ᠂ ᠭᠠᠵᠢᠭᠤ ᠨᠣᠮᠯᠠᠯ ᠲᠠᠷᠬᠠᠭᠠᠬᠤ ᠶᠢ ᠴᠢᠩᠭ᠎ᠠ ᠴᠠᠭᠠᠵᠠᠯᠠᠵᠤ᠂ ᠹᠸᠤᠳᠠᠯ ᠤᠨ ᠮᠤᠬᠤᠷ ᠪᠢᠰᠢᠷᠡᠯ ᠤᠨ ᠦᠵᠡᠯ ᠰᠠᠨᠠᠭ᠎ᠠ ᠶᠢ ᠤᠬᠠᠭᠤᠯᠵᠤ᠂ ᠬᠠᠤᠯᠢ ᠪᠤᠰᠤ ᠬᠡᠪᠯᠡᠭᠳᠡᠬᠦᠨ ᠂ ᠳᠣᠤᠷᠠᠳᠤ ᠲᠠᠰ ᠤᠨ ᠪᠣᠯᠬᠢ ᠰᠣᠶᠣᠯ ᠢ ᠤᠯᠠᠮᠵᠢᠯᠠᠵᠤ᠂ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠲᠠᠲᠠᠬᠤ︾ ᠵᠡᠷᠭᠡ ᠦᠢᠯᠡ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃        ︵ᠲᠠᠪᠤ︶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠳᠤᠮᠳᠠ ᠭᠡᠨᠡᠳᠲᠡ ᠶᠢᠨ ᠬᠡᠷᠡᠭ ᠲᠣᠬᠢᠶᠠᠯᠳᠤᠬᠤ᠂ ᠠᠶᠤᠯ ᠲᠦᠭᠰᠢᠭᠦᠷᠢ ᠲᠤᠯᠭᠠᠷᠠᠬᠤ ᠦᠶᠡᠰ᠂ ᠰᠤᠷᠤᠭᠴᠢᠳ ᠤᠨ ᠠᠮᠤᠷ ᠲᠦᠪᠰᠢᠨ ᠠᠶᠤᠯ ᠲᠦᠭᠰᠢᠭᠦᠷᠢ ᠶᠢ ᠥᠯᠥ ᠬᠠᠶᠢᠬᠤᠷᠬᠤ ᠦᠭᠡᠢ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ᠂ ᠥᠪᠡᠰᠦᠪᠡᠨ ᠳᠤᠲᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠵᠢᠷᠭᠤᠭ᠎ᠠ︶ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯᠯᠠᠭ᠎ᠠ ᠪᠣᠯᠤᠨ ᠰᠤᠷᠤᠭᠴᠢᠳ ᠤᠨ ᠬᠠᠮᠢᠶᠠᠷᠤᠯᠲᠠ ᠪᠠ ᠦᠨᠡᠯᠡᠯᠲᠡ ᠳᠤᠮᠳᠠ᠂ ᠰᠤᠷᠤᠭᠴᠢᠳ ᠲᠤ ᠲᠡᠭᠰᠢ ᠪᠤᠰᠤ᠂ ᠭᠤᠣᠯᠴᠢ ᠪᠤᠰᠤ ᠬᠠᠨᠳᠤᠵᠤ ᠨᠡᠶᠢᠭᠡᠮ ᠳᠤ ᠮᠠᠭᠤ ᠨᠥᠯᠥᠭᠡ ᠦᠵᠡᠭᠦᠯᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃        ︵ᠳᠣᠯᠤᠭ᠎ᠠ︶ ᠰᠤᠷᠤᠭᠴᠢ ᠡᠯᠰᠡᠬᠦ᠂ ᠰᠢᠯᠭᠠᠬᠤ᠂ ᠰᠢᠯᠢᠳᠡᠭ ᠢ ᠲᠠᠨᠢᠯᠴᠠᠭᠤᠯᠬᠤ ᠵᠢᠴᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠣᠯᠠ ᠲᠣᠭᠲᠠᠭᠠᠵᠤ ᠤᠷᠢᠨ ᠬᠡᠷᠡᠭᠯᠡᠬᠦ᠂ ᠰᠢᠯᠢᠳᠡᠭ ᠢ ᠰᠢᠯᠭᠠᠷᠠᠭᠤᠯᠵᠤ ᠱᠠᠩᠨᠠᠯ ᠤᠯᠭᠤᠬᠤ ᠵᠡᠷᠭᠡ ᠠᠵᠢᠯ ᠤᠨ ᠳᠤᠮᠳᠠ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠨᠠᠢᠮᠠ︶ ᠠᠵᠢᠯᠯᠠᠬᠤ ᠬᠤᠭᠤᠴᠠᠭᠠᠨ ᠳᠤ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠤᠯᠳᠤᠬᠤ᠂ ᠨᠠᠵᠠᠭᠠᠶᠢᠷᠠᠨ ᠬᠤᠶᠢᠷᠭᠤᠰᠢᠬᠤ᠂ ᠰᠲ᠋ᠣᠺ ᠠᠷᠠᠯᠵᠢᠶᠠᠯᠠᠬᠤ᠂ ᠪᠢᠴᠢᠯ ᠬᠤᠳᠠᠯᠳᠤᠭ᠎ᠠ ᠡᠵᠡᠩᠨᠡᠬᠦ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ᠂ ᠲᠣᠭᠯᠠᠭᠠᠮ ᠨᠠᠭᠠᠳᠬᠤ᠂ ᠭᠠᠷ ᠤᠲᠠᠰᠤ ᠪᠠᠷ ᠵᠣᠭᠤᠭᠳᠠᠬᠤ᠂ ᠨᠠᠶᠢᠵᠠ ᠶᠢᠨ ᠬᠦᠷᠢᠶ᠎ᠡ ᠪᠠᠨ ᠱᠤᠤᠠᠰᠠᠳᠠᠬᠤ ᠵᠡᠷᠭᠡ ᠰᠤᠷᠭᠠᠨ ᠬᠥᠮᠦᠵᠢᠯ ᠵᠢᠭᠠᠨ ᠰᠤᠷᠭᠠᠯᠲᠠ ᠯᠤᠭ᠎ᠠ ᠬᠠᠮᠢᠶ᠎ᠠ ᠦᠭᠡᠶ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠶᠢᠰᠦ︶ ᠰᠤᠷᠤᠭᠴᠢᠳ ᠢ ᠬᠠᠷᠠᠲᠠᠨ ᠲᠠᠮᠤᠯᠠᠬᠤ᠂ ᠡᠰᠡᠬᠦᠯ᠎ᠡ ᠬᠠᠯᠠ ᠦᠵᠡᠭᠦᠯᠬᠦ᠂ ᠳᠣᠷᠣᠮᠵᠢᠯᠠᠬᠤ᠂ ᠭᠠᠳᠠᠭᠤᠷᠴᠢᠯᠠᠬᠤ᠂ ᠬᠤᠱᠣᠩᠨᠠᠬᠤ᠂ ᠶᠥᠭᠡᠳᠡᠬᠦ᠂ ᠭᠠᠭᠴᠠᠭᠠᠷᠳᠠᠭᠤᠯᠬᠤ ᠵᠡᠷᠭᠡ ᠠᠷᠭ᠎ᠠ ᠮᠠᠶ᠋ᠢᠭ ᠢᠶᠠᠷ ᠬᠡᠯᠪᠡᠷᠢ ᠶᠢ ᠨᠢ ᠥᠭᠡᠷᠡᠲᠦᠭᠦᠯᠦᠨ ᠰᠤᠷᠤᠭᠴᠢᠳ ᠢ ᠬᠠᠷᠠᠲᠠᠨ ᠲᠠᠮᠤᠯᠠᠬᠤ᠂ ᠰᠤᠷᠤᠭᠴᠢᠳ ᠤᠨ ᠪᠡᠶ᠎ᠡ ᠰᠡᠳᠬᠢᠯ ᠢ ᠨᠢ ᠭᠡᠮᠲᠦᠭᠡᠬᠦ᠂ ᠡᠰᠡᠬᠦᠯ᠎ᠡ ᠠᠯᠪᠠᠳᠠᠬᠤ᠂ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠰᠤᠷᠭᠠᠭᠤᠯᠢ ᠰᠢᠯᠵᠢᠭᠦᠯᠬᠦ᠂ ᠰᠤᠷᠤᠯᠭ᠎ᠠ ᠶᠢ ᠨᠢ ᠲᠦᠷ ᠵᠣᠭᠰᠤᠭᠠᠬᠤ᠂ ᠰᠤᠷᠭᠠᠭᠤᠯᠢ ᠠᠴᠠ ᠭᠠᠷᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠠᠷᠪᠠ︶ ᠨᠡᠶᠢᠭᠡᠮ ᠤᠨ ᠶᠣᠰᠣ ᠰᠤᠷᠲᠠᠬᠤᠨ ᠠᠴᠠ ᠵᠥᠷᠢᠴᠡᠬᠦ᠂ ᠰᠤᠷᠤᠭᠴᠢᠳ ᠯᠤᠭ᠎ᠠ ᠵᠦᠶ ᠶᠣᠰᠣᠨ ᠤ ᠪᠤᠰᠤ ᠬᠠᠷᠢᠴᠠᠭ᠎ᠠ ᠭᠠᠷᠬᠤ᠂ ᠡᠰᠡᠬᠦᠯ᠎ᠡ ᠶᠠᠮᠠᠷᠪᠠ ᠬᠡᠯᠪᠡᠷᠢ ᠶᠢᠨ ᠱᠠᠯᠢᠭᠯᠠᠬᠤ᠂ ᠪᠡᠯᠭᠡ ᠶᠢᠨ ᠬᠠᠯᠳᠠᠯᠭ᠎ᠠ ᠬᠢᠬᠦ ᠵᠡᠷᠭᠡ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃        ︵ᠠᠷᠪᠠᠨ ᠨᠢᠭᠡ︶ ᠬᠢᠴᠢᠶᠡᠯ ᠳᠡᠭᠡᠷ᠎ᠡ ᠬᠢᠨᠠᠮᠠᠭᠠᠶ ᠵᠢᠭᠠᠬᠤ ᠦᠭᠡᠶ᠂ ᠬᠢᠴᠢᠶᠡᠯ ᠤᠨ ᠳᠠᠷᠠᠭ᠎ᠠ ᠰᠤᠷᠤᠭᠴᠢᠳ ᠢ ᠵᠣᠬᠢᠶᠠᠨ ᠪᠠᠶᠢᠭᠤᠯᠤᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠥᠷᠨᠢᠭᠦᠯᠬᠦ᠂ ᠡᠰᠡᠬᠦᠯ᠎ᠡ ᠰᠤᠷᠤᠭᠴᠢᠳ ᠢ ᠳᠠᠯᠳᠠᠭᠤᠷ ᠵᠣᠬᠢᠶᠠᠨ ᠪᠠᠶᠢᠭᠤᠯᠵᠤ᠂ ᠱᠠᠭᠠᠷᠳᠠᠵᠤ᠂ ᠥᠳᠥᠭᠡᠵᠦ᠂ ᠠᠯᠪᠠᠳᠠᠵᠤ ᠪᠠᠶᠢᠭᠠᠳ ᠥᠪᠡᠷ ᠤᠨ ᠡᠷᠭᠢᠯᠡᠭᠰᠡᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠭᠤᠯᠬᠤ᠂ ᠡᠰᠡᠬᠦᠯ᠎ᠡ ᠪᠤᠰᠤᠳ ᠢ ᠲᠠᠨᠢᠯᠴᠠᠭᠤᠯᠵᠤ᠂ ᠵᠣᠬᠢᠶᠠᠨ ᠪᠠᠶᠢᠭᠤᠯᠵᠤ᠂ ᠱᠠᠭᠠᠷᠳᠠᠵᠤ᠂ ᠥᠳᠥᠭᠡᠵᠦ᠂ ᠠᠯᠪᠠᠳᠠᠵᠤ ᠪᠠᠶᠢᠭᠠᠳ ᠪᠤᠰᠤᠳ ᠤᠨ ᠡᠷᠭᠢᠯᠡᠭᠰᠡᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠠᠷᠪᠠᠨ ᠬᠤᠶᠠᠷ︶ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠬᠤ ᠪᠤᠶᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠰᠤᠷᠤᠭᠴᠢ ᠶᠢᠨ ᠢᠷᠡᠯᠲᠡ ᠶᠢ ᠲᠠᠨᠢᠯᠴᠠᠭᠤᠯᠬᠤ᠂ ᠬᠠᠮᠢᠶ᠎ᠠ ᠪᠦᠬᠦᠢ ᠮᠡᠳᠡᠭᠡ ᠵᠠᠩᠭᠢ ᠬᠠᠩᠭᠠᠵᠤ ᠠᠰᠢᠭ ᠲᠤᠰᠠ ᠣᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠠᠷᠪᠠᠨ ᠭᠤᠷᠪᠠ︶ ᠵᠢᠭᠠᠨ ᠰᠤᠷᠭᠠᠬᠤ ᠰᠠᠬᠢᠯᠭ᠎ᠠ ᠪᠠᠲᠤ ᠠᠴᠠ ᠵᠥᠷᠢᠴᠡᠨ᠂ ᠵᠢᠭᠠᠨ ᠰᠤᠷᠭᠠᠬᠤ ᠶᠢ ᠬᠠᠰᠢ ᠶᠠᠰᠢ ᠪᠠᠷ ᠥᠩᠭᠡᠷᠡᠭᠡᠬᠦ ᠪᠤᠶᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠲᠤᠬᠠᠶᠢᠯᠠᠭᠰᠠᠨ ᠠᠵᠢᠯ ᠢ ᠨᠥᠯᠥᠭᠡᠯᠡᠬᠦ ᠲᠤᠰᠢᠶᠠᠯ ᠬᠠᠪᠰᠤᠷᠭᠠᠬᠤ ᠴᠠᠯᠢᠩ ᠬᠠᠪᠰᠤᠷᠭᠠᠬᠤ ᠵᠡᠷᠭᠡ ᠦᠢᠯᠡ ᠠᠵᠢᠯᠯᠠᠭ᠎ᠠ ᠶᠢ ᠳᠤᠷ᠎ᠠ ᠪᠠᠷ ᠢᠶᠠᠨ ᠬᠢᠬᠦ ᠶᠢ ᠴᠢᠩᠭ᠎ᠠ ᠴᠠᠭᠠᠵᠠᠯᠠᠨ᠎ᠠ᠃        ︵ᠠᠷᠪᠠᠨ ᠳᠥᠷᠪᠡ︶ ᠰᠣᠷᠣᠭᠴᠢ ᠵᠢᠴᠢ ᠬᠡᠷ ᠤᠨ ᠠᠬᠠᠮᠠᠳ ᠤᠨ ᠪᠡᠯᠡᠭᠯᠡᠭᠰᠡᠨ ᠪᠡᠯᠡᠭ ᠤᠨ ᠵᠣᠭᠤᠰ᠂ ᠸᠢᠴᠠᠲ ᠤᠨ ᠤᠯᠠᠭᠠᠨ ᠪᠠᠭᠯᠠᠭ᠎ᠠ᠂ ᠦᠨᠡᠲᠦ ᠲᠡᠮᠳᠡᠭᠲᠦ᠂ ᠳᠥᠯᠥᠬᠦ ᠭᠡᠷᠡᠴᠢ ᠪᠠᠷᠢᠮᠲᠠ ᠵᠡᠷᠭᠡ ᠡᠳ᠋ ᠪᠣᠳᠠᠰ ᠠᠪᠬᠤ ᠪᠤᠶᠤ ᠲᠣᠭᠲᠠᠭᠠᠯ ᠢ ᠵᠥᠷᠢᠴᠡᠨ ᠭᠥᠯᠢᠶᠡᠨ ᠠᠪᠬᠤ᠂ ᠡᠰᠡᠬᠦᠯ᠎ᠡ ᠰᠣᠷᠣᠭᠴᠢ ᠵᠢᠴᠢ ᠬᠡᠷ ᠤᠨ ᠠᠬᠠᠮᠠᠳ ᠢᠶᠠᠷ ᠪᠠᠭᠰᠢ ᠲᠣᠰ ᠬᠥᠮᠦᠨ ᠪᠤᠶᠤ ᠲᠥᠷᠥᠯ ᠰᠠᠳᠤᠨ ᠨᠢ ᠡᠭᠦᠷᠭᠡᠯᠡᠬᠦ ᠶᠣᠰᠣᠲᠠᠶ ᠵᠠᠷᠤᠳᠠᠯ ᠢ ᠳᠥᠯᠥᠭᠦᠯᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠠᠷᠪᠠᠨ ᠲᠠᠪᠤ︶ ᠰᠤᠷᠤᠭᠴᠢ ᠵᠢᠴᠢ ᠭᠡᠷ ᠤᠨ ᠠᠬᠠᠮᠠᠳ ᠠᠴᠠ ᠲᠣᠬᠢᠷᠠᠭᠤᠯᠤᠭᠰᠠᠨ ᠰᠤᠷᠤᠭᠴᠢ ᠶᠢᠨ ᠰᠢᠯᠭᠠᠯᠲᠠ ᠬᠢᠬᠦ᠂ ᠬᠢᠨᠠᠨ ᠰᠢᠯᠭᠠᠵᠤ ᠦᠨᠡᠯᠡᠬᠦ᠂ ᠰᠠᠭᠤᠳᠠᠯ ᠵᠢᠭᠰᠠᠭᠠᠬᠤ᠂ ᠠᠩᠭᠢ ᠶᠢᠨ ᠺᠠᠳ᠋ᠷ ᠪᠣᠯᠬᠤ᠂ ᠰᠢᠯᠢᠳᠡᠭ ᠢ ᠰᠢᠯᠭᠠᠷᠠᠭᠤᠯᠤᠨ ᠱᠠᠩᠨᠠᠯ ᠣᠯᠭᠤᠬᠤ ᠵᠢᠴᠢ ᠪᠤᠰᠤᠳ ᠣᠨᠴᠣᠭᠤᠶ ᠬᠠᠷᠠᠭᠠᠯᠵᠠᠯ ᠣᠯᠭᠤᠬᠤ ᠳᠠᠶᠢᠯᠠᠯᠭ᠎ᠠ ᠳᠤ ᠣᠷᠣᠯᠴᠠᠬᠤ ᠪᠤᠶᠤ ᠰᠤᠷᠤᠭᠴᠢ ᠵᠢᠴᠢ ᠭᠡᠷ ᠤᠨ ᠠᠬᠠᠮᠠᠳ ᠠᠴᠠ ᠵᠠᠷᠤᠳᠠᠯ ᠥᠭᠬᠦ ᠶᠢ ᠲᠣᠬᠢᠷᠠᠭᠤᠯᠤᠭᠰᠠᠨ ᠵᠢᠭᠤᠯᠴᠢᠯᠠᠯ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠵᠡᠷᠭᠡ ᠨᠠᠶᠢᠷ ᠨᠠᠭᠠᠳᠤᠮ ᠤᠨ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃        ︵ᠠᠷᠪᠠᠨ ᠵᠢᠷᠭᠤᠭ᠎ᠠ︶ ᠰᠤᠷᠤᠭᠴᠢ ᠶᠢᠨ ᠭᠡᠷ ᠤᠨ ᠠᠬᠠᠮᠠᠳ ᠠᠴᠠ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠵᠤ᠂ ᠭᠡᠷ ᠤᠨ ᠠᠬᠠᠮᠠᠳ ᠤᠨ ᠵᠥᠪᠯᠡᠯ ᠤᠨ ᠨᠡᠷ᠎ᠡ ᠪᠠᠷ ᠡᠯᠳᠡᠪ ᠨᠡᠷ᠎ᠡ ᠪᠠᠷ ᠰᠦᠢᠳᠬᠡᠯ ᠬᠤᠷᠢᠶᠠᠵᠤ ᠪᠣᠯᠬᠤ ᠦᠭᠡᠶ᠂ ᠰᠤᠷᠤᠭᠴᠢ ᠶᠢᠨ ᠭᠡᠷ ᠤᠨ ᠠᠬᠠᠮᠠᠳ ᠢᠶᠠᠷ ᠵᠣᠭᠤᠰ ᠭᠠᠷᠭᠠᠯᠭᠠᠵᠤ ᠬᠢᠴᠢᠶᠡᠯ ᠤᠨ ᠭᠡᠷ ᠢᠶᠠᠨ ᠴᠢᠮᠡᠭᠯᠡᠭᠦᠯᠬᠦ᠂ ᠪᠠᠷᠠᠭ᠎ᠠ ᠬᠤᠳᠠᠯᠳᠤᠨ ᠠᠪᠤᠭᠤᠯᠬᠤ ᠪᠠᠷ ᠱᠠᠭᠠᠷᠳᠠᠬᠤ ᠪᠤᠶᠤ ᠭᠡᠷ ᠤᠨ ᠠᠬᠠᠮᠠᠳ ᠤᠨ ᠬᠤᠷᠠᠯ᠂ ᠸᠢᠴᠠᠲ ᠤᠨ ᠴᠤᠭᠯᠠᠷᠠᠯ᠂ QQ ᠴᠤᠭᠯᠠᠷᠠᠯ ᠢᠶᠠᠷ ᠳᠠᠮᠵᠢᠭᠤᠯᠤᠨ ᠰᠤᠷᠤᠭᠴᠢ ᠶᠢᠨ ᠭᠡᠷ ᠤᠨ ᠠᠬᠠᠮᠠᠳ ᠲᠤ ᠦᠢᠯᠡᠳᠬᠦᠨ ᠲᠠᠨᠢᠯᠴᠠᠭᠤᠯᠬᠤ ᠵᠡᠷᠭᠡ ᠦᠢᠯᠡ ᠠᠵᠢᠯᠯᠠᠭ᠎ᠠ ᠬᠢᠵᠦ ᠪᠣᠯᠬᠤ ᠦᠭᠡᠶ᠃        ︵ᠠᠷᠪᠠᠨ ᠳᠣᠯᠤᠭ᠎ᠠ︶ ᠰᠤᠷᠤᠭᠴᠢᠳ ᠲᠤ ᠴᠢᠭᠯᠡᠭᠦᠯᠦᠭᠰᠡᠨ ᠡᠵᠡᠩᠨᠡᠯᠲᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠣᠷᠣᠯᠴᠠᠬᠤ᠂ ᠡᠰᠡᠬᠦᠯ᠎ᠡ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠥᠷᠢᠴᠡᠨ ᠰᠤᠷᠤᠭᠴᠢᠳ ᠢ ᠵᠣᠬᠢᠶᠠᠨ ᠪᠠᠶᠢᠭᠤᠯᠵᠤ ᠵᠢᠭᠠᠨ ᠰᠤᠷᠭᠠᠬᠤ ᠬᠠᠪᠰᠤᠷᠤᠮᠵᠢ ᠮᠠᠲ᠋ᠧᠷᠢᠶᠠᠯ ᠵᠠᠬᠢᠶᠠᠯᠠᠭᠤᠯᠬᠤ ᠪᠤᠶᠤ ᠵᠢᠭᠠᠨ ᠲᠣᠭᠲᠠᠭᠠᠵᠤ ᠯᠠᠪᠯᠠᠯᠲᠠ ᠪᠣᠯᠭᠠᠬᠤ᠂ ᠳᠠᠯᠳᠠ ᠳᠣᠬᠢᠵᠤ ᠥᠳᠥᠭᠡᠨ ᠳᠠᠭᠠᠭᠤᠯᠬᠤ ᠵᠡᠷᠭᠡ ᠠᠷᠭ᠎ᠠ ᠮᠠᠶ᠋ᠢᠭ ᠢᠶᠠᠷ ︽ᠨᠢᠭᠡ ᠬᠢᠴᠢᠶᠡᠯ ᠳᠤ ᠣᠯᠠᠨ ᠬᠠᠪᠰᠤᠷᠤᠮᠵᠢ ᠦᠵᠡᠭᠦᠯᠬᠦ︾᠂ ᠡᠰᠡᠬᠦᠯ᠎ᠡ ᠰᠤᠷᠤᠭᠴᠢᠳ ᠲᠤ ᠨᠣᠮ ᠪᠢᠴᠢᠭ ᠰᠣᠨᠢᠨ ᠰᠡᠳᠬᠦᠯ ᠂ ᠠᠮᠢᠳᠤᠷᠠᠯ ᠤᠨ ᠬᠡᠷᠡᠭᠰᠡᠯ᠂ ᠨᠡᠶᠢᠭᠡᠮ ᠤᠨ ᠳᠠᠭᠠᠳᠬᠠᠯ ᠵᠡᠷᠭᠡ ᠬᠤᠳᠠᠯᠳᠤᠭᠠᠨ ᠤ ᠦᠢᠯᠡᠴᠢᠯᠡᠭᠡ ᠪᠣᠷᠣᠯᠠᠭᠤᠯᠬᠤ ᠵᠢᠴᠢ ᠪᠤᠰᠤᠳ ᠲᠤᠰᠢᠶᠠᠯ ᠤᠨ ᠳᠥᠭᠦᠮ ᠢᠶᠠᠨ ᠠᠰᠢᠭᠯᠠᠨ ᠵᠦᠶ ᠶᠣᠰᠣᠨ ᠤ ᠪᠤᠰᠤ ᠠᠰᠢᠭ ᠲᠤᠰᠠ ᠣᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠠᠷᠪᠠᠨ ᠨᠠᠢᠮᠠ︶ ᠰᠤᠷᠤᠭᠴᠢᠳ ᠤᠨ ᠬᠢᠷᠢ ᠪᠦᠲᠦᠮᠵᠢ ᠪᠠ ᠨᠡᠷᠡᠰ ᠤᠨ ᠵᠢᠭᠰᠠᠭᠠᠯᠲᠠ ᠶᠢ ᠶᠠᠮᠠᠷᠪᠠ ᠠᠷᠭ᠎ᠠ ᠮᠠᠶ᠋ᠢᠭ ᠢᠶᠠᠷ ᠨᠡᠶᠢᠲᠡᠯᠡᠬᠦ᠂ ᠡᠰᠡᠬᠦᠯ᠎ᠡ ᠬᠢᠴᠢᠶᠡᠯ ᠤᠨ ᠪᠠᠷᠢᠮᠵᠢᠶ᠎ᠠ ᠠᠴᠠ ᠬᠡᠲᠦᠷᠡᠭᠦᠯᠦᠨ᠂ ᠭᠡᠷ ᠪᠦᠯᠢ ᠶᠢᠨ ᠳᠠᠰᠬᠠᠯ ᠢᠶᠠᠨ ᠬᠡᠮᠵᠢᠶ᠎ᠡ ᠠᠴᠠ ᠬᠡᠲᠦᠷᠡᠭᠦᠯᠦᠨ ᠪᠠᠶᠢᠷᠢᠯᠠᠭᠤᠯᠬᠤ᠂ ᠡᠰᠡᠬᠦᠯ᠎ᠡ ᠳᠠᠪᠬᠤᠷᠳᠠᠭᠰᠠᠨ ᠴᠢᠨᠠᠷᠲᠠᠶ᠂ ᠶᠠᠯᠠᠯᠠᠨ ᠰᠢᠳᠬᠡᠬᠦ ᠴᠢᠨᠠᠷᠲᠠᠶ ᠳᠠᠰᠬᠠᠯ ᠪᠠᠶᠢᠷᠢᠯᠠᠭᠤᠯᠬᠤ᠂ ᠡᠰᠡᠬᠦᠯ᠎ᠡ ᠪᠠᠭ᠎ᠠ ᠰᠤᠷᠭᠠᠭᠤᠯᠢ ᠶᠢᠨ ᠱᠠᠲᠤ ᠦᠶ᠎ᠡ ᠳᠤ ᠪᠠᠭ᠎ᠠ ᠰᠣᠨᠢᠨ᠂ ᠬᠠᠷᠠᠭᠠᠨ ᠳᠠᠪᠲᠠᠮᠵᠢ ᠶᠢ ᠭᠡᠷ ᠪᠦᠯᠢ ᠶᠢᠨ ᠳᠠᠰᠬᠠᠯ ᠪᠣᠯᠭᠠᠨ ᠪᠠᠶᠢᠷᠢᠯᠠᠭᠤᠯᠬᠤ᠂ ᠡᠰᠡᠬᠦᠯ᠎ᠡ ᠰᠤᠷᠤᠭᠴᠢᠳ ᠪᠡᠶᠡᠯᠡᠭᠦᠯᠵᠦ ᠳᠡᠶᠢᠯᠬᠦ ᠦᠭᠡᠶ᠂ ᠬᠡᠯᠪᠡᠷᠢ ᠳᠡᠭᠡᠷ᠎ᠡ ᠪᠠᠨ ᠰᠤᠷᠤᠭᠴᠢᠳ ᠲᠤ ᠲᠣᠬᠢᠷᠠᠭᠤᠯᠤᠭᠰᠠᠨ᠂ ᠦᠨᠡᠨ ᠳᠡᠭᠡᠨ ᠭᠡᠷ ᠤᠨ ᠠᠬᠠᠮᠠᠳ ᠲᠤ ᠳᠠᠭᠠᠭᠠᠯᠭᠠᠭᠰᠠᠨ ᠳᠠᠰᠬᠠᠯ ᠪᠠᠶᠢᠷᠢᠯᠠᠭᠤᠯᠬᠤ᠂ ᠡᠰᠡᠬᠦᠯ᠎ᠡ ᠭᠡᠷ ᠤᠨ ᠠᠬᠠᠮᠠᠳ ᠢᠶᠠᠷ ᠣᠷᠣᠯᠠᠭᠤᠯᠤᠨ ᠳᠠᠰᠬᠠᠯ ᠵᠠᠰᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ︵ᠠᠷᠪᠠ ᠶᠢᠰᠦ︶ ᠪᠠᠭᠰᠢ ᠰᠣᠷᠣᠭᠴᠢ ᠶᠢᠨ ᠪᠡᠶᠡᠯᠡᠭᠦᠯᠬᠦ ᠶᠣᠰᠣᠲᠠᠶ ᠡᠭᠦᠷᠭᠡ ᠶᠢ ᠬᠡᠷ ᠤᠨ ᠠᠬᠠᠮᠠᠳ ᠲᠤ ᠲᠣᠮᠢᠯᠠᠬᠤ ᠶᠢ ᠴᠢᠩᠭ᠎ᠠ ᠴᠠᠭᠠᠵᠠᠯᠠᠨ᠎ᠠ᠂ ᠵᠢᠱᠢᠶᠡᠯᠡᠪᠡᠯ ᠬᠢᠴᠢᠶᠡᠯ ᠤᠨ ᠬᠡᠷ ᠤᠨ ᠠᠷᠢᠭᠤᠨ ᠴᠡᠪᠡᠷ ᠢ ᠴᠡᠪᠡᠷᠯᠡᠬᠦ᠂ ᠠᠩᠭᠢ ᠶᠢ ᠪᠠᠶᠢᠷᠢᠯᠠᠭᠤᠯᠬᠤ᠂ ᠲᠣᠭᠯᠠᠯᠲᠠ ᠶᠢᠨ ᠲᠠᠯᠠᠪᠤᠷ ᠢ ᠴᠢᠮᠡᠭᠯᠡᠬᠦ ᠵᠡᠷᠭᠡ ᠡᠭᠦᠷᠭᠡ᠂ ᠡᠰᠡᠬᠦᠯ᠎ᠡ ᠬᠡᠷ ᠤᠨ ᠠᠬᠠᠮᠠᠳ ᠢᠶᠠᠷ ᠮᠠᠭᠲᠠᠭᠤᠯᠬᠤ᠂ ᠪᠢᠯᠧᠲ ᠥᠭᠬᠦ᠂ ᠡᠯ᠎ᠡ ᠲᠥᠷᠥᠯ ᠤᠨ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ ᠵᠡᠷᠭᠡ ᠦᠢᠯᠡ ᠠᠵᠢᠯᠯᠠᠭ᠎ᠠ᠃        ︵ᠬᠤᠷᠢ︶ ᠡᠷᠬᠢᠯᠡᠭᠰᠡᠨ ᠠᠵᠢᠯ ᠤᠨ ᠶᠣᠰᠣ ᠮᠣᠷᠠᠯ ᠠᠴᠠ ᠵᠥᠷᠢᠴᠡᠨ᠂ ᠨᠡᠶᠢᠭᠡᠮ ᠳᠤ ᠮᠠᠭᠤ ᠨᠥᠯᠥᠭᠡ ᠦᠵᠡᠭᠦᠯᠬᠦ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ᠭᠤᠷᠪᠠᠳᠤᠭᠠᠷ ᠵᠦᠢᠯ    ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠭᠤᠴᠢᠯᠠᠭᠤᠷ ᠢᠶᠠᠷ ᠳᠠᠮᠵᠢᠭᠤᠯᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠭᠡᠮ ᠳᠤ ᠨᠡᠶᠢᠲᠡᠯᠡᠬᠦ ᠬᠡᠷᠡᠭᠲᠡᠶ᠂ ᠰᠢᠭᠤᠳ ᠬᠠᠷᠢᠶ᠎ᠠ ᠰᠤᠷᠭᠠᠭᠤᠯᠢ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠰᠤᠷᠭᠠᠭᠤᠯᠢ ᠶᠢᠨ ᠵᠠᠬᠢᠷᠤᠯ ᠤᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠲᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠭᠤᠴᠢᠯᠠᠭᠤᠷ ᠢᠶᠠᠷ ᠳᠠᠮᠵᠢᠭᠤᠯᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠭᠡᠮ ᠳᠤ ᠨᠡᠶᠢᠲᠡᠯᠡᠬᠦ ᠬᠡᠷᠡᠭᠲᠡᠶ᠂ ᠬᠠᠷᠢᠶ᠎ᠠ ᠣᠷᠣᠨ ᠤ ᠰᠤᠷᠭᠠᠭᠤᠯᠢ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠰᠤᠷᠭᠠᠭᠤᠯᠢ ᠶᠢᠨ ᠵᠠᠬᠢᠷᠤᠯ ᠤᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠲᠡᠯᠡᠨ᠎ᠡ᠃ ᠰᠤᠷᠭᠠᠭᠤᠯᠢ ᠨᠤᠭᠤᠳ ᠰᠤᠷᠭᠠᠭᠤᠯᠢ ᠶᠢᠨ ᠡᠭᠦᠳᠡᠨ ᠤ ᠢᠯᠡ ᠲᠣᠳᠤ ᠭᠠᠵᠠᠷ ᠰᠤᠷᠭᠠᠭᠤᠯᠢ ᠪᠣᠯᠤᠨ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠪᠣᠯᠤᠨ ᠰᠤᠷᠭᠠᠭᠤᠯᠢ ᠶᠢᠨ ᠵᠠᠬᠢᠷᠤᠯ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠢᠯᠡ ᠨᠡᠶᠢᠲᠡᠯᠡᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠦᠨ᠂ ᠰᠤᠷᠤᠭᠴᠢ᠂ ᠭᠡᠷ ᠤᠨ ᠠᠬᠠᠮᠠᠳ ᠪᠣᠯᠤᠨ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃        ᠳᠥᠷᠪᠡᠳᠦᠭᠡᠷ ᠵᠦᠢᠯ    ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︽ᠵᠠᠭᠠᠯᠳᠤᠭᠰᠠᠨ ᠪᠠᠶᠢᠪᠠᠯ ᠵᠠᠪᠠᠯ ᠪᠠᠶᠢᠴᠠᠭᠠᠬᠤ᠂ ᠲᠦᠷᠭᠡᠨ ᠲᠤᠰᠬᠠᠯ ᠭᠠᠷᠬᠤ᠂ ᠳᠠᠷᠤᠶ ᠪᠠᠶᠢᠴᠠᠭᠠᠬᠤ ᠳᠠᠷᠤᠢ ᠵᠠᠯᠠᠷᠠᠭᠤᠯᠬᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠨᠢᠭᠡ ᠶᠢ ᠪᠠᠶᠢᠴᠠᠭᠠᠨ ᠰᠢᠢᠳᠪᠦᠷᠢᠯᠡᠪᠡᠯ ᠨᠢᠭᠡ ᠶᠢ ᠨᠡᠶᠢᠲᠡ ᠳᠤ ᠵᠠᠷᠯᠠᠬᠤ︾ ᠵᠠᠷᠴᠢᠮ ᠶᠣᠰᠣᠭᠠᠷ᠂ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠠᠶᠢᠴᠠᠭᠠᠨ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠵᠠᠭᠠᠯᠳᠤᠭᠰᠠᠨ ᠬᠥᠮᠦᠨ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃        ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠨᠢ ᠲᠣᠰ ᠰᠤᠷᠭᠠᠭᠤᠯᠢ ᠶᠢᠨ ᠢᠶᠠᠨ ᠪᠠᠭᠰᠢ ᠶᠢᠨ ᠶᠣᠰᠣ ᠮᠣᠷᠠᠯ ᠤᠨ ᠬᠥᠮᠦᠵᠢᠯ᠂ ᠬᠢᠨᠠᠯᠲᠠ ᠬᠠᠮᠢᠶᠠᠷᠤᠯᠲᠠ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠂ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠷᠢᠶ᠎ᠠ ᠣᠷᠣᠨ ᠤ ᠪᠠᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠢᠭᠤᠳ ᠬᠠᠷᠢᠶ᠎ᠠ ᠰᠤᠷᠭᠠᠭᠤᠯᠢ ᠶᠢᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠬᠠᠷᠢᠭᠤᠴᠠᠵᠤ᠂ ᠬᠤᠲᠠ ᠶᠢᠨ ᠱᠠᠲᠤᠨ ᠤ ᠭᠥᠯᠢᠶᠡᠨ ᠠᠪᠤᠭᠰᠠᠨ ᠪᠠ ᠳᠡᠭᠡᠳᠦ ᠱᠠᠲᠤᠨ ᠠᠴᠠ ᠰᠢᠯᠵᠢᠭᠦᠯᠦᠨ ᠰᠢᠢᠳᠪᠦᠷᠢᠯᠡᠭᠰᠡᠨ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠰᠤᠷᠭᠠᠭᠤᠯᠢ ᠶᠢᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ ᠭᠥᠯᠢᠶᠡᠨ ᠠᠪᠴᠤ ᠰᠢᠢᠳᠪᠦᠷᠢᠯᠡᠭᠦᠯᠬᠦ ᠶᠢᠨ ᠬᠠᠮᠲᠤ ᠮᠥᠷᠳᠡᠨ ᠰᠢᠪᠠᠳᠠᠨ ᠰᠢᠢᠳᠪᠦᠷᠢᠭᠦᠯᠦᠨ᠎ᠡ᠃ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠴᠢᠬᠤᠯᠠ ᠶᠡᠭᠡ ᠠᠰᠠᠭᠤᠳᠠᠯ ᠤᠨ ᠰᠦᠪᠡᠭᠴᠢ ᠪᠤᠶᠤ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠢ ᠲᠠᠰ ᠳᠡᠪᠰᠢᠭᠦᠯᠦᠨ ᠰᠢᠢᠳᠪᠦᠷᠢᠯᠡᠨ᠎ᠡ᠃ ᠵᠠᠷᠴᠢᠮ ᠳᠡᠭᠡᠷ᠎ᠡ ᠪᠠᠨ ᠪᠤᠶ ᠪᠦᠬᠦᠢ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ 15 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃        ᠲᠠᠪᠤᠳᠤᠭᠠᠷ ᠵᠦᠢᠯ    ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠠᠭᠰᠢ ᠶᠢᠨ ᠶᠣᠰᠣ ᠮᠣᠷᠠᠯ ᠤᠨ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠪᠠᠯ᠂ ᠵᠠᠷᠯᠢᠭᠳᠠᠨ ᠵᠠᠯᠠᠷᠠᠭᠤᠯᠬᠤ ᠠᠴᠠ ᠭᠠᠳᠠᠨ᠎ᠠ᠂ ᠳᠣᠤᠷ᠎ᠠ ᠵᠢᠭᠰᠠᠭᠠᠭᠰᠠᠨ ᠰᠢᠳᠬᠡᠯ ᠥᠭᠭᠦᠨ᠎ᠡ᠄        ︵ᠨᠢᠭᠡ︶ ᠪᠠᠭᠰᠢ ᠶᠢᠨ ᠶᠣᠰᠣ ᠮᠣᠷᠠᠯ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠨᠡᠯᠢᠶᠡᠳ ᠬᠥᠩᠭᠡᠨ ᠪᠠᠶᠢᠪᠠᠯ᠂ ᠰᠢᠭᠦᠮᠵᠢᠯᠡᠨ ᠰᠤᠷᠭᠠᠬᠤ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ ᠂ ᠵᠠᠷᠯᠢᠭᠳᠠᠨ ᠪᠠᠶᠢᠴᠠᠭᠠᠬᠤ᠂ ᠨᠡᠪᠲᠡᠷᠡᠭᠦᠯᠦᠨ ᠰᠢᠭᠦᠮᠵᠢᠯᠡᠬᠦ ᠵᠡᠷᠭᠡ ᠰᠢᠢᠳᠪᠦᠷᠢᠯᠡᠯᠲᠡ ᠥᠭᠭᠦᠨ᠎ᠡ᠃        ︵ᠬᠤᠶᠠᠷ︶ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠨᠡᠯᠢᠶᠡᠳ ᠬᠦᠨᠳᠦ ᠨᠣᠴᠢᠲᠠᠶ ᠪᠣᠯ ᠰᠡᠷᠡᠮᠵᠢ ᠥᠭᠬᠦ ︵ᠰᠢᠳᠬᠡᠯ ᠣᠯᠭᠤᠬᠤ ᠬᠤᠭᠤᠴᠠᠭ᠎ᠠ ᠨᠢ 6 ᠰᠠᠷ᠎ᠠ︶᠂ ᠣᠰᠣᠯ ᠲᠡᠮᠳᠡᠭᠯᠡᠬᠦ ︵ᠰᠢᠳᠬᠡᠯ ᠣᠯᠭᠤᠬᠤ ᠬᠤᠭᠤᠴᠠᠭ᠎ᠠ ᠨᠢ 12 ᠰᠠᠷ᠎ᠠ︶᠂ ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠰᠢᠳᠬᠡᠯ ︵ᠰᠢᠳᠬᠡᠯ ᠣᠯᠭᠤᠬᠤ ᠬᠤᠭᠤᠴᠠᠭ᠎ᠠ ᠨᠢ 24 ᠰᠠᠷ᠎ᠠ︶ ᠣᠯᠭᠤᠨ᠎ᠠ᠃        ᠳᠣᠩᠭᠤᠳᠬᠤ ᠰᠢᠳᠬᠡᠯ ᠥᠭᠭᠦᠭᠰᠡᠨ ᠪᠠᠶᠢᠪᠠᠯ᠂ ᠰᠢᠳᠬᠡᠯ ᠥᠭᠬᠦ ᠲᠣᠭᠲᠠᠭᠠᠯ ᠭᠠᠷᠭᠠᠭᠰᠠᠨ ᠲᠤᠰ ᠵᠢᠯ ᠳᠤ ᠣᠨ ᠤ ᠬᠢᠨᠠᠨ ᠰᠢᠯᠭᠠᠯᠲᠠ ᠳᠤ ᠰᠢᠯᠢᠳᠡᠭ ᠲᠡᠰ ᠢᠶᠠᠷ ᠲᠣᠭᠲᠠᠭᠠᠵᠤ ᠪᠣᠯᠬᠤ ᠦᠭᠡᠢ᠂ ᠰᠢᠳᠬᠡᠯ ᠣᠯᠤᠭᠰᠠᠨ ᠬᠤᠭᠤᠴᠠᠭᠠᠨ ᠳᠤ᠂ ᠣᠲᠣ ᠶᠢᠨ ᠤᠷᠢᠵᠤ ᠬᠡᠷᠡᠭᠯᠡᠭᠰᠡᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ ᠠᠵᠢᠯ ᠤᠨ ᠪᠠᠶᠢᠷᠢ ᠳᠤ ᠤᠷᠢᠵᠤ ᠬᠡᠷᠡᠭᠯᠡᠵᠦ ᠪᠣᠯᠬᠤ ᠥᠬᠡᠶ᠃        ᠣᠰᠣᠯ ᠲᠡᠮᠳᠡᠭᠯᠡᠬᠦ ᠰᠢᠳᠬᠡᠯ ᠥᠭᠭᠦᠭᠰᠡᠨ ᠪᠣᠯ ᠰᠢᠳᠬᠡᠬᠦ ᠲᠣᠭᠲᠠᠭᠠᠯ ᠭᠠᠷᠭᠠᠭᠰᠠᠨ ᠲᠤᠰ ᠵᠢᠯ ᠳᠤᠨᠢ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠣᠯᠭᠤᠵᠤ ᠪᠣᠯᠬᠤ ᠦᠭᠡᠶ︔ ᠰᠢᠳᠬᠡᠯ ᠣᠯᠤᠭᠰᠠᠨ ᠬᠤᠭᠤᠴᠠᠭᠠᠨ ᠳᠤ ᠰᠢᠳᠬᠡᠯ ᠣᠯᠤᠭᠰᠠᠨ ᠤ ᠲᠠᠷᠠᠭ᠎ᠠ ᠤᠷᠢᠭᠳᠠᠭᠰᠠᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ ᠠᠵᠢᠯ ᠤᠨ ᠪᠠᠶᠢᠷᠢ ᠳᠤ ᠤᠷᠢᠨ ᠬᠡᠷᠡᠭᠯᠡᠵᠦ ᠪᠣᠯᠬᠤ ᠦᠭᠡᠢ᠂ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠠᠴᠠ ᠳᠡᠭᠡᠭᠰᠢ ᠵᠡᠷᠭᠡ ᠳᠡᠰ ᠢᠶᠠᠷ ᠲᠣᠭᠲᠠᠭᠠᠵᠤ ᠪᠣᠯᠬᠤ ᠦᠭᠡᠢ᠂ ᠲᠤᠰᠬᠠᠢ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠤᠨ ᠬᠢᠨᠠᠨ ᠲᠣᠭᠲᠠᠭᠠᠯᠲᠠ ᠳᠤ ᠣᠷᠣᠯᠴᠠᠵᠤ ᠪᠣᠯᠬᠤ ᠦᠭᠡᠢ᠃        ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠰᠢᠳᠬᠡᠯ ᠥᠭᠭᠦᠭᠰᠡᠨ ᠪᠣᠯ᠂ ᠰᠢᠳᠬᠡᠬᠦ ᠲᠣᠭᠲᠠᠭᠠᠯ ᠭᠠᠷᠭᠠᠭᠰᠠᠨ ᠲᠣᠰ ᠵᠢᠯ ᠳᠤ ᠱᠠᠩᠨᠠᠯ ᠤᠨ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠵᠤ ᠪᠣᠯᠬᠤ ᠥᠬᠡᠶ᠂ ᠰᠢᠳᠬᠡᠯ ᠣᠯᠤᠭᠰᠠᠨ ᠬᠤᠭᠤᠴᠠᠭᠠᠨ ᠳᠤ ᠴᠠᠯᠢᠩ ᠤᠨ ᠲᠠᠰ ᠢ ᠬᠡᠪ ᠤᠨ ᠶᠣᠰᠣᠭᠠᠷ ᠳᠡᠪᠰᠢᠭᠦᠯᠵᠦ ᠪᠣᠯᠬᠤ ᠥᠬᠡᠶ᠂ ᠰᠢᠳᠬᠡᠯ ᠣᠯᠤᠭᠰᠠᠨ ᠤ ᠳᠠᠷᠠᠭ᠎ᠠ ᠤᠷᠢᠭᠳᠠᠭᠰᠠᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ ᠠᠵᠢᠯ ᠤᠨ ᠪᠠᠶᠢᠷᠢ ᠳᠤ ᠤᠷᠢᠵᠤ ᠬᠡᠷᠡᠭᠯᠡᠵᠦ ᠪᠣᠯᠬᠤ ᠥᠬᠡᠶ᠂ ᠣᠨ ᠤ ᠬᠢᠨᠠᠨ ᠰᠢᠯᠭᠠᠯᠲᠠ ᠳᠤ ᠦᠨᠳᠦᠰᠦᠨ ᠳᠡᠭᠡᠨ ᠬᠢᠷᠢ ᠲᠡᠩᠴᠡᠭᠰᠡᠨ ᠠᠴᠠ ᠳᠡᠭᠡᠭᠰᠢ ᠲᠠᠰ ᠢᠶᠠᠷ ᠲᠣᠭᠲᠠᠭᠠᠵᠤ ᠪᠣᠯᠬᠤ ᠥᠬᠡᠶ᠂ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠤᠨ ᠬᠢᠨᠠᠨ ᠰᠢᠯᠭᠠᠷᠠᠭᠤᠯᠤᠯᠲᠠ ᠳᠤ ᠣᠷᠣᠯᠴᠠᠵᠤ ᠪᠣᠯᠬᠤ ᠥᠬᠡᠶ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠵᠤ ᠪᠣᠯᠬᠤ ᠥᠬᠡᠶ ᠂ ᠠᠳᠠᠯᠢ ᠱᠠᠲᠤᠨ ᠤ ᠵᠠᠰᠠᠭ ᠵᠠᠬᠢᠷᠭᠠᠨ ᠤ ᠲᠤᠰᠢᠶᠠᠯ ᠳᠤ ᠳᠡᠪᠰᠢᠭᠦᠯᠦᠨ ᠬᠡᠷᠡᠭᠯᠡᠵᠦ ᠪᠣᠯᠬᠤ ᠥᠬᠡᠶ᠂ ᠵᠢᠷᠤᠮ ᠶᠣᠰᠣᠭᠠᠷ ᠰᠠᠶᠢᠰᠢᠶᠠᠨ ᠬᠥᠬᠢᠭᠦᠯᠬᠦ ᠰᠠᠯᠠᠭ᠎ᠠ ᠮᠥᠴᠢᠷ ᠲᠤ ᠳᠡᠪᠰᠢᠭᠦᠯᠦᠨ ᠮᠡᠳᠡᠭᠦᠯᠵᠦ ᠨᠢᠭᠡᠨᠲᠡ ᠣᠯᠤᠭᠰᠠᠨ ᠢᠷᠠᠭᠤ ᠠᠯᠳᠠᠷ ᠤᠨ ᠴᠣᠯᠠ ᠶᠢ ᠨᠢ ᠬᠦᠴᠦᠨ ᠥᠬᠡᠶ ᠪᠣᠯᠭᠠᠨ᠎ᠠ︔ ᠲᠣᠭᠲᠠᠭᠠᠯ ᠠᠴᠠ ᠵᠥᠷᠢᠴᠡᠭᠰᠡᠨ ᠦᠢᠯᠡ ᠪᠠᠶᠢᠳᠠᠯ ᠢ ᠨᠢ ᠦᠵᠡᠵᠦ᠂ ᠤᠤᠯ ᠤᠨ ᠠᠵᠢᠯ ᠤᠨ ᠪᠠᠶᠢᠷᠢ ᠪᠤᠶᠤ ᠠᠵᠢᠯᠯᠠᠬᠤ ᠨᠢᠭᠡᠴᠡ ᠠᠴᠠ ᠨᠢ ᠰᠢᠯᠵᠢᠭᠦᠯᠦᠨ᠎ᠡ᠃        ︵ᠭᠤᠷᠪᠠ︶ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠪᠠᠷ ᠮᠠᠭᠤ ᠪᠠᠶᠢᠪᠠᠯ᠂ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 652 ᠳ᠋ᠤᠭᠠᠷ ᠲᠣᠭᠠᠲᠤ︶᠂ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠳᠤ ᠰᠢᠳᠬᠡᠯ ᠥᠭᠬᠦ ᠲᠦᠷ ᠬᠡᠷᠡᠭᠵᠢᠭᠦᠯᠬᠦ ᠲᠣᠭᠲᠠᠭᠠᠯ︾ ︵ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠬᠢᠨᠠᠨ ᠪᠠᠶᠢᠴᠠᠭᠠᠬᠤ ᠲᠠᠰᠤᠭ ᠤᠨ 2012 ᠣᠨ ᠤ 18 ᠳ᠋ᠤᠭᠠᠷ ᠲᠣᠭᠠᠲᠤ ᠵᠠᠷᠯᠢᠭ︶ ᠶᠣᠰᠣᠭᠠᠷ᠂ ᠣᠷᠣᠨ ᠲᠤᠭ᠎ᠠ ᠳᠤ ᠪᠠᠶᠢᠭ᠎ᠠ ᠪᠠᠭᠰᠢ ᠪᠣᠯ ᠠᠵᠢᠯ ᠠᠴᠠ ᠨᠢ ᠬᠥᠭᠡᠭᠡᠬᠦ ᠰᠢᠳᠬᠡᠯ ᠣᠯᠭᠤᠵᠤ᠂ ᠣᠷᠣᠨ ᠲᠤᠭ᠎ᠠ ᠳᠤ ᠦᠭᠡᠶ ᠪᠠᠭᠰᠢ ᠪᠣᠯ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠶ ᠪᠣᠯᠭᠠᠨ᠎ᠠ᠃        ︵ᠳᠥᠷᠪᠡ︶ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠬᠠᠤᠯᠢ ᠴᠠᠭᠠᠵᠠ ᠳᠤ ᠬᠠᠯᠳᠠᠭᠰᠠᠨ ᠪᠠᠶᠢᠪᠠᠯ᠂ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠨ᠎ᠡ᠃        ︵ᠲᠠᠪᠤ︶ ᠪᠠᠭᠰᠢ ᠰᠢᠳᠬᠡᠯ ᠣᠯᠤᠭᠰᠠᠨ᠂ ︽ᠪᠠᠭᠰᠢ ᠶᠢᠨ ᠬᠢᠷᠢ ᠬᠡᠮ ᠤᠨ ᠳᠦᠷᠢᠮ︾ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠳᠤ ᠨᠡᠶᠢᠴᠡᠪᠡᠯ᠂ ᠪᠠᠭᠰᠢ ᠶᠢᠨ ᠬᠢᠷᠢ ᠬᠡᠮ ᠢ ᠨᠢ ᠬᠠᠰᠤᠵᠤ᠂ ᠬᠠᠰᠤᠭᠰᠠᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ ᠪᠠᠭᠰᠢ ᠶᠢᠨ ᠬᠢᠷᠢ ᠬᠡᠮ ᠢ ᠦᠨᠡᠯᠡᠨ ᠲᠣᠭᠲᠠᠭᠠᠬᠤ ᠪᠠᠷ ᠳᠠᠬᠢᠨ ᠭᠤᠶᠤᠴᠢᠯᠠᠵᠤ ᠪᠣᠯᠬᠤ ᠦᠭᠡᠶ᠂ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠬᠠᠤᠯᠢ ᠴᠠᠭᠠᠵᠠ ᠳᠤ ᠬᠠᠯᠳᠠᠵᠤ᠂ ᠬᠤᠭᠤᠴᠠᠭ᠎ᠠ ᠲᠠᠢ ᠬᠤᠷᠢᠬᠤ ᠠᠴᠠ ᠳᠡᠭᠡᠭᠰᠢ ᠡᠷᠡᠭᠦᠦ ᠶᠢᠨ ᠰᠢᠳᠬᠡᠯ ᠣᠯᠤᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠪᠠᠭᠰᠢ ᠶᠢᠨ ᠬᠢᠷᠢ ᠬᠡᠮ ᠢᠶᠠᠨ ᠠᠯᠳᠠᠵᠤ᠂ ᠪᠠᠭᠰᠢ ᠶᠢᠨ ᠬᠢᠷᠢ ᠬᠡᠮ ᠢ ᠳᠠᠭᠢᠵᠤ ᠣᠯᠵᠤ ᠪᠣᠯᠬᠤ ᠥᠬᠡᠶ᠃        ︵ᠵᠢᠷᠭᠤᠭ᠎ᠠ︶ ᠳᠣᠩᠭᠤᠳᠬᠤ ᠪᠠ ᠲᠡᠭᠦᠨ ᠠᠴᠠ ᠳᠡᠭᠡᠭᠰᠢ ᠰᠢᠳᠬᠡᠯ ᠥᠭᠭᠦᠭᠰᠡᠨ ᠪᠠᠭᠰᠢ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠠᠶᠢᠪᠠᠯ᠂ ᠬᠠᠮᠲᠤ ᠳᠤᠨᠢ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠭᠦᠨ᠎ᠡ᠃        ︵ᠳᠣᠯᠤᠭ᠎ᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠬᠦᠨᠳᠦ ᠪᠠᠷ ᠰᠢᠢᠳᠬᠡᠨ᠎ᠡ᠄ 1. ᠣᠪᠣᠷ ᠨᠢ ᠮᠠᠭᠤ᠂ ᠪᠠᠶᠢᠴᠠᠭᠠᠯᠲᠠ ᠳᠤ ᠬᠠᠮᠵᠢᠯᠴᠠᠬᠤ ᠶᠢ ᠲᠡᠪᠴᠢᠭᠰᠡᠨ᠃ 2. ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ ᠬᠠᠭᠤᠷᠮᠠᠭᠯᠠᠨ ᠵᠣᠬᠢᠶᠠᠭᠰᠠᠨ᠂ ᠤᠰᠠᠳᠬᠠᠭᠰᠠᠨ᠃ 3. ᠢᠯᠡᠴᠢᠯᠡᠭᠴᠢ ᠪᠠ ᠬᠡᠷᠡᠭ ᠰᠢᠳᠬᠡᠭᠴᠢ ᠳᠤ ᠴᠣᠬᠢᠯᠲᠠ ᠥᠭᠴᠦ ᠬᠠᠷᠢᠭᠤ ᠠᠪᠤᠭᠰᠠᠨ᠃ 4. ᠲᠤᠰ ᠠᠷᠭ᠎ᠠ ᠶᠢᠨ ᠬᠤᠶᠠᠳᠤᠭᠠᠷ ᠵᠦᠢᠯ ᠳᠠᠬᠢ ᠲᠣᠭᠲᠠᠭᠠᠯ ᠠᠴᠠ ᠵᠥᠷᠢᠴᠡᠭᠰᠡᠨ ᠬᠤᠶᠠᠷ ᠵᠦᠢᠯ ᠠᠴᠠ ᠳᠡᠭᠡᠭᠰᠢ ᠦᠢᠯᠡ ᠠᠵᠢᠯᠯᠠᠭ᠎ᠠ ᠶᠢ ᠬᠠᠮᠲᠤ ᠳᠤᠨᠢ ᠬᠢᠭᠰᠡᠨ᠃ 5. ᠰᠢᠨᠵᠢ ᠴᠢᠨᠠᠷ ᠨᠢ ᠲᠦᠢᠯ ᠤᠨ ᠬᠦᠨᠳᠦ ᠨᠣᠴᠢᠲᠠᠢ ᠪᠥᠭᠡᠳ ᠮᠠᠭᠤ ᠨᠥᠯᠥᠭᠡ ᠭᠠᠷᠭᠠᠭᠰᠠᠨ᠃        ︵ᠨᠠᠢᠮᠠ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠥᠩᠭᠡᠨ ᠢᠶᠠᠷ ᠰᠢᠢᠳᠬᠡᠨ᠎ᠡ᠄        1. ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢᠶᠠᠨ ᠰᠠᠨᠠᠭᠠᠴᠢᠯᠠᠭ᠎ᠠ ᠠᠴᠠ ᠪᠠᠨ ᠲᠤᠰᠢᠶᠠᠵᠤ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠯᠲᠠ ᠬᠢᠬᠦ ᠳᠤ ᠢᠳᠡᠪᠬᠢᠲᠡᠶ ᠬᠠᠮᠵᠢᠯᠴᠠᠭᠰᠠᠨ᠃        2. ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ᠂ ᠨᠡᠶᠢᠭᠡᠮ ᠤᠨ ᠨᠥᠯᠥᠭᠡ ᠠᠴᠠ ᠪᠦᠲᠦᠮᠵᠢᠲᠡᠢ ᠪᠠᠷ ᠵᠠᠶᠢᠯᠠᠰᠬᠢᠭᠰᠡᠨ ᠪᠤᠶᠤ ᠲᠡᠭᠦᠨ ᠢ ᠬᠥᠩᠭᠡᠷᠡᠭᠦᠯᠦᠭᠰᠡᠨ᠃        ᠵᠢᠷᠭᠤᠳᠤᠭᠠᠷ ᠵᠦᠢᠯ    ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠡᠷᠬᠡ ᠮᠡᠳᠡᠯ ᠪᠠ ᠳᠡᠰ ᠳᠠᠷᠠᠭᠠᠯᠠᠯ ᠤᠨ ᠲᠣᠭᠲᠠᠴᠠ ᠶᠢ ᠪᠦᠷᠢᠨᠰᠢᠭᠦᠯᠦᠨ ᠵᠢᠷᠤᠮᠵᠢᠭᠤᠯᠤᠨ᠎ᠠ᠃        ︵ᠨᠢᠭᠡ︶ ᠡᠩ ᠤᠨ ᠪᠠᠭᠰᠢ᠂ ᠰᠤᠷᠭᠠᠭᠤᠯᠢ ᠶᠢᠨ ᠳᠤᠮᠳᠠ ᠳᠠᠪᠬᠤᠷᠭ᠎ᠠ ᠶᠢᠨ ᠺᠠᠳ᠋ᠷ ᠢ ᠰᠢᠭᠦᠮᠵᠢᠯᠡᠨ ᠬᠥᠮᠦᠵᠢᠭᠦᠯᠬᠦ᠂ ᠰᠡᠷᠡᠮᠵᠢᠯᠡᠭᠦᠯᠦᠨ ᠢᠳᠬᠠᠬᠤ ᠶᠠᠷᠢᠯᠴᠠᠭ᠎ᠠ ᠬᠢᠬᠦ᠂ ᠵᠠᠷᠯᠢᠭᠳᠠᠨ ᠪᠠᠶᠢᠴᠠᠭᠠᠬᠤ᠂ ᠵᠠᠷᠯᠠᠨ ᠰᠢᠭᠦᠮᠵᠢᠯᠡᠬᠦ ᠶᠢ ᠪᠠᠭᠰᠢ ᠶᠢᠨ ᠪᠠᠶᠢᠭ᠎ᠠ ᠰᠤᠷᠭᠠᠭᠤᠯᠢ ᠶᠢᠨ ᠪᠠᠭ ᠠᠴᠠ ᠬᠡᠷᠡᠭᠵᠢᠭᠦᠯᠦᠨ᠎ᠡ᠂ ᠰᠤᠷᠭᠠᠭᠤᠯᠢ ᠶᠢᠨ ᠱᠠᠲᠤᠨ ᠤ ᠤᠳᠤᠷᠢᠳᠬᠤ ᠺᠠᠳ᠋ᠷ ᠢ ᠰᠢᠭᠦᠮᠵᠢᠯᠡᠨ ᠰᠤᠷᠭᠠᠬᠤ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ᠂ ᠵᠠᠷᠯᠢᠭᠳᠠᠨ ᠪᠠᠶᠢᠴᠠᠭᠠᠬᠤ᠂ ᠵᠠᠷᠯᠠᠨ ᠰᠢᠭᠦᠮᠵᠢᠯᠡᠬᠦ ᠶᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠪᠠᠭ ᠠᠴᠠ ᠬᠡᠷᠡᠭᠵᠢᠭᠦᠯᠦᠨ᠎ᠡ᠃        ︵ᠬᠤᠶᠠᠷ︶ ᠰᠡᠷᠡᠮᠵᠢᠯᠡᠭᠦᠯᠬᠦ ᠪᠠ ᠣᠰᠣᠯ ᠲᠡᠮᠳᠡᠭᠯᠡᠬᠦ ᠰᠢᠳᠬᠡᠯ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠪᠠᠭᠰᠢ ᠪᠣᠯ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ ᠲᠣᠭᠲᠠᠭᠠᠯ ᠭᠠᠷᠭᠠᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠵᠤ᠂ ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃        ︵ᠭᠤᠷᠪᠠ︶ ᠠᠵᠢᠯ ᠤᠨ ᠪᠠᠶᠢᠷᠢ ᠶᠢᠨ ᠵᠡᠷᠭᠡ ᠳᠡᠰ ᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠰᠢᠳᠬᠡᠯ ᠣᠯᠭᠤᠵᠤ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠪᠠᠭᠰᠢ ᠨᠢ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ ᠲᠣᠭᠲᠠᠭᠠᠯ ᠭᠠᠷᠭᠠᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠵᠤ᠂ ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃        ︵ᠳᠥᠷᠪᠡ︶ ᠰᠤᠷᠭᠠᠭᠤᠯᠢ ᠠᠴᠠ ᠬᠥᠭᠡᠭᠡᠬᠦ ᠰᠢᠳᠬᠡᠯ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ ᠲᠣᠭᠲᠠᠭᠠᠯ ᠭᠠᠷᠭᠠᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠪᠤᠶᠤ ᠠᠵᠢᠯᠲᠠᠨ ᠤ ᠣᠷᠣᠨ ᠲᠣᠭᠠᠨ ᠤ ᠬᠠᠮᠢᠶᠠᠷᠤᠯᠲᠠ ᠳᠤ ᠣᠷᠣᠭᠤᠯᠤᠭᠠᠳᠤᠶ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠯ ᠭᠠᠷᠭᠠᠬᠤ ᠶᠢᠨ ᠬᠠᠮᠲᠤ ᠤᠷᠢᠨ ᠲᠣᠮᠢᠯᠠᠬᠤ ᠭᠡᠷ᠎ᠡ ᠪᠠᠨ ᠬᠦᠴᠦᠨ ᠦᠭᠡᠶ ᠪᠣᠯᠭᠠᠵᠤ᠂ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃        ︵ᠲᠠᠪᠤ︶ ᠪᠠᠭᠰᠢ ᠶᠢᠨ ᠬᠢᠷᠢ ᠬᠡᠮ ᠢ ᠬᠠᠰᠤᠬᠤ ᠴᠢᠬᠤᠯᠠᠲᠠᠶ ᠪᠠᠶᠢᠪᠠᠯ᠂ ︽ᠪᠠᠭᠰᠢ ᠶᠢᠨ ᠬᠢᠷᠢ ᠬᠡᠮ ᠤᠨ ᠲᠦᠷᠢᠮ︾ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠡᠷᠡᠭᠵᠢᠭᠦᠯᠦᠨ᠎ᠡ᠃        ︵ᠵᠢᠷᠭᠤᠭ᠎ᠠ︶ ᠰᠢᠢᠳᠪᠦᠷᠢᠯᠡᠬᠦ ᠲᠣᠭᠲᠠᠭᠠᠯ ᠢᠶᠠᠨ ᠪᠠᠭᠰᠢ ᠲᠤᠰ ᠬᠥᠮᠦᠨ ᠳᠤᠨᠢ ᠪᠢᠴᠢᠭ ᠢᠶᠠᠷ ᠮᠡᠳᠡᠭᠳᠡᠬᠦ ᠶᠢᠨ ᠬᠠᠮᠲᠤ ᠦᠨᠡᠮᠰᠢᠭᠰᠡᠨ ᠪᠣᠳᠠᠲᠤ ᠶᠠᠪᠤᠳᠠᠯ᠂ ᠰᠢᠯᠲᠠᠭᠠᠨ᠂ ᠦᠨᠳᠦᠰᠦᠯᠡᠯ᠂ ᠬᠤᠭᠤᠴᠠᠭ᠎ᠠ ᠬᠢᠵᠠᠭᠠᠷ ᠬᠢᠭᠡᠳ ᠭᠤᠮᠣᠳᠠᠯ ᠲᠣᠭᠠᠴᠢᠬᠤ ᠠᠷᠭ᠎ᠠ ᠵᠠᠮ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃        ︵ᠳᠣᠯᠤᠭ᠎ᠠ︶ ᠪᠠᠭᠰᠢ ᠰᠢᠢᠳᠪᠦᠷᠢᠯᠡᠬᠦ ᠲᠣᠭᠲᠠᠭᠠᠯ ᠢ ᠵᠥᠪᠰᠢᠶᠡᠷᠡᠬᠦ ᠦᠭᠡᠶ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ ᠳᠠᠬᠢᠨ ᠬᠢᠨᠠᠭᠰᠠᠨ ᠦᠷ᠎ᠡ ᠳ᠋ᠦᠩ ᠢ ᠵᠥᠪᠰᠢᠶᠡᠷᠡᠬᠦ ᠦᠭᠡᠶ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠮᠣᠳᠠᠯ ᠲᠣᠭᠠᠴᠢᠵᠤ ᠪᠣᠯᠤᠨ᠎ᠠ᠃        ︵ᠨᠠᠢᠮᠠ︶ ᠪᠠᠭᠰᠢ ᠨᠠᠷ ᠢ ᠰᠢᠢᠳᠪᠦᠷᠢᠯᠡᠭᠰᠡᠨ ᠤ ᠳᠠᠷᠠᠭ᠎ᠠ᠂ ᠭᠡᠮᠰᠢᠨ ᠵᠠᠰᠠᠷᠠᠭᠰᠠᠨ ᠢᠯᠡᠷᠡᠯ ᠢ ᠨᠢ ᠦᠨᠳᠦᠰᠦᠯᠡᠨ ᠬᠤᠭᠤᠴᠠᠭ᠎ᠠ ᠶᠢ ᠨᠢ ᠤᠷᠲᠤᠳᠬᠠᠬᠤ ᠪᠤᠶᠤ ᠬᠦᠴᠦᠨ ᠦᠭᠡᠶ ᠪᠣᠯᠭᠠᠵᠤ᠂ ᠰᠢᠳᠬᠡᠬᠦ ᠲᠣᠭᠲᠠᠭᠠᠯ ᠪᠣᠯᠤᠨ ᠰᠢᠳᠬᠡᠬᠦ ᠶᠢ ᠬᠦᠴᠦᠨ ᠦᠭᠡᠶ ᠪᠣᠯᠭᠠᠭᠰᠠᠨ ᠲᠣᠭᠲᠠᠭᠠᠯ ᠢ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠳᠤ ᠪᠦᠷᠢᠨ ᠭᠦᠢᠴᠡᠳ ᠬᠠᠳᠠᠭᠠᠯᠠᠬᠤ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠪᠠᠭᠰᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠬᠤ ᠬᠡᠷᠡᠭᠲᠡᠶ᠃        ᠳᠣᠯᠣᠳᠤᠭᠠᠷ ᠵᠦᠢᠯ    ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠤᠷᠭᠠᠭᠤᠯᠢ ᠪᠣᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠰᠢᠭᠤᠳ ᠬᠠᠷᠢᠭᠤᠴᠠᠯᠭ᠎ᠠ ᠶᠢᠨ ᠪᠡᠶᠡᠴᠢ ᠴᠣᠭᠴᠠ ᠮᠥᠨ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠶᠢᠬᠤ ᠶᠢ ᠪᠠᠷᠢᠮᠲᠠᠯᠠᠨ᠎ᠠ᠃ ᠰᠤᠷᠭᠠᠭᠤᠯᠢ ᠶᠢᠨ ᠠᠵᠢᠯ ᠳᠤ ᠪᠠᠶᠢᠭ᠎ᠠ ᠪᠠᠭᠰᠢ ᠨᠠᠷ ᠲᠣᠰ ᠠᠷᠭ᠎ᠠ ᠶᠢᠨ ᠬᠤᠶᠠᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠤ ᠪᠠᠶᠢᠳᠠᠯ ᠢ ᠨᠢ ᠦᠵᠡᠵᠦ᠂ ᠰᠤᠷᠭᠠᠭᠤᠯᠢ ᠶᠢ ᠨᠡᠪᠲᠡᠷᠡᠭᠦᠯᠦᠨ ᠰᠢᠭᠦᠮᠵᠢᠯᠡᠬᠦ᠂ ᠰᠤᠷᠭᠠᠭᠤᠯᠢ ᠵᠢᠴᠢ ᠤᠳᠤᠷᠢᠳᠬᠤ ᠪᠠᠭ ᠤᠨ ᠪᠦᠷᠢᠯᠳᠦᠬᠦᠨ ᠤ ᠲᠣᠰ ᠵᠢᠯ ᠤᠨ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠭᠤᠣᠯ ᠤᠳᠤᠷᠢᠳᠤᠯᠭ᠎ᠠ ᠪᠣᠯᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠲᠤᠰ ᠨᠢᠭᠡ ᠵᠢᠯ ᠳᠤ᠂ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠴᠠᠭᠠᠨ ᠰᠢᠢᠳᠪᠦᠷᠢᠯᠡᠭᠰᠡᠨ ᠲᠤᠬᠠᠶᠢᠲᠠᠶ ᠬᠥᠮᠦᠨ ᠳᠤ ᠳᠣᠩᠭᠤᠳᠬᠤ ᠵᠢᠴᠢ ᠲᠡᠭᠦᠨ ᠠᠴᠠ ᠳᠡᠭᠡᠭᠰᠢ ᠰᠢᠳᠬᠡᠯ ᠥᠭᠭᠦᠭᠰᠡᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠨᠢᠭᠡ ᠤᠳᠠᠭ᠎ᠠ ᠭᠠᠷᠪᠠᠯ᠂ ᠰᠤᠷᠭᠠᠭᠤᠯᠢ ᠶᠢᠨ ᠵᠠᠬᠢᠷᠤᠯ ᠪᠠ ᠬᠤᠪᠢᠳᠠᠨ ᠬᠠᠮᠢᠶᠠᠷᠴᠤ ᠪᠥᠬᠦᠶ ᠳᠡᠳ᠋ ᠰᠤᠷᠭᠠᠭᠤᠯᠢ ᠶᠢᠨ ᠵᠠᠬᠢᠷᠤᠯ ᠢ ᠨᠡᠪᠲᠡᠷᠡᠭᠦᠯᠦᠨ ᠰᠢᠭᠦᠮᠵᠢᠯᠡᠵᠦ᠂ ᠰᠡᠷᠡᠮᠵᠢᠯᠡᠭᠦᠯᠦᠨ ᠢᠳᠬᠠᠵᠤ ᠶᠠᠷᠢᠯᠴᠠᠨ᠎ᠠ᠂ ᠦᠷᠭᠦᠯᠵᠢᠯᠡᠨ ᠬᠤᠶᠠᠷ ᠤᠳᠠᠭ᠎ᠠ ᠣᠰᠣᠯ ᠲᠡᠮᠳᠡᠭᠯᠡᠬᠦ ᠵᠢᠴᠢ ᠲᠡᠭᠦᠨ ᠠᠴᠠ ᠳᠡᠭᠡᠭᠰᠢ ᠰᠢᠳᠬᠡᠯ ᠭᠠᠷᠭᠠᠭᠰᠠᠨ ᠪᠤᠶᠤ ᠦᠷᠭᠦᠯᠵᠢᠯᠡᠨ ᠭᠤᠷᠪᠠᠨ ᠤᠳᠠᠭ᠎ᠠ ᠳᠣᠩᠭᠤᠳᠬᠤ ᠰᠢᠳᠬᠡᠯ ᠣᠯᠭᠤᠭᠰᠠᠨ ᠪᠣᠯ ᠰᠤᠷᠭᠠᠭᠤᠯᠢ ᠶᠢᠨ ᠵᠠᠬᠢᠷᠤᠯ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠳᠤ ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠰᠢᠳᠬᠡᠯ ᠣᠯᠭᠤᠵᠤ᠂ ᠴᠠᠯᠢᠩ ᠢ ᠨᠢ ᠳᠠᠭᠠᠯᠳᠤᠭᠤᠯᠤᠨ ᠬᠤᠪᠢᠷᠠᠭᠤᠯᠤᠨ᠎ᠠ᠂ ᠤᠢᠢᠯᠠ ᠪᠠᠶᠢᠳᠠᠯ ᠨᠢ ᠣᠨᠴᠠᠭᠠᠢ ᠬᠦᠨᠳᠦ ᠨᠣᠴᠢᠲᠠᠢ ᠪᠠᠶᠢᠪᠠᠯ᠂ ᠰᠤᠷᠭᠠᠭᠤᠯᠢ ᠶᠢᠨ ᠵᠠᠬᠢᠷᠤᠯ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠢ ᠵᠠᠰᠠᠭ ᠵᠠᠬᠢᠷᠭᠠᠨ ᠢᠶᠠᠷ ᠲᠤᠰᠢᠶᠠᠯ ᠠᠴᠠ ᠨᠢ ᠪᠠᠭᠤᠯᠭᠠᠵᠤ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠬᠠᠮᠢᠶᠠᠷᠴᠤ ᠪᠠᠶᠢᠭ᠎ᠠ ᠺᠠᠳ᠋ᠷ ᠪᠣᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠤᠰᠢᠶᠠᠯ ᠠᠴᠠ ᠨᠢ ᠪᠠᠭᠤᠯᠭᠠᠬᠤ ᠰᠠᠨᠠᠭᠤᠯᠭ᠎ᠠ ᠳᠤᠷᠠᠳᠤᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯ ᠨᠠᠮ ᠤᠨ ᠰᠠᠬᠢᠯᠭ᠎ᠠ ᠪᠠᠲᠤ ᠶᠢᠨ ᠵᠣᠬᠢᠴᠠᠩᠭᠤᠶ ᠰᠢᠢᠳᠭᠡᠯ ᠥᠭᠭᠦᠨ᠎ᠡ᠃        ᠰᠤᠷᠭᠠᠭᠤᠯᠢ ᠨᠢ ᠲᠣᠰ ᠰᠤᠷᠭᠠᠭᠤᠯᠢ ᠶᠢᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠶᠢᠴᠠᠭᠠᠨ ᠰᠢᠢᠳᠪᠦᠷᠢᠯᠡᠭᠰᠡᠨ ᠪᠠᠶᠢᠪᠠᠯ᠂ ᠦᠢᠯᠡ ᠪᠠᠶᠢᠳᠠᠯ ᠢ ᠨᠢ ᠦᠨᠳᠦᠰᠦᠯᠡᠨ ᠭᠡᠯᠳᠦᠷᠢᠭᠦᠯᠬᠦ᠂ ᠬᠥᠩᠭᠡᠷᠡᠭᠦᠯᠬᠦ᠂ ᠬᠥᠩᠭᠡᠨ ᠢᠶᠠᠷ ᠬᠠᠷᠢᠭᠤᠴᠠᠯᠭ᠎ᠠ ᠨᠡᠬᠡᠮᠵᠢᠯᠡᠬᠦ᠂ ᠰᠢᠳᠬᠡᠬᠦ ᠪᠠ ᠰᠢᠢᠳᠪᠦᠷᠢᠯᠡᠵᠦ ᠪᠣᠯᠤᠨ᠎ᠠ᠃        ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠬᠠᠷᠢᠶ᠎ᠠ ᠣᠷᠣᠨ ᠤ ᠰᠤᠷᠭᠠᠭᠤᠯᠢ ᠶᠢᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠤᠳᠤᠷᠢᠳᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠥᠬᠡᠶ᠂ ᠬᠢᠨᠠᠯᠲᠠ ᠲᠠᠯᠪᠢᠭᠰᠠᠨ ᠨᠢ ᠪᠣᠳᠠᠲᠠᠶᠢᠵᠢᠭᠰᠠᠨ ᠥᠬᠡᠶ ᠪᠤᠶᠤ ᠬᠠᠷᠢᠶ᠎ᠠ ᠭᠠᠵᠠᠷ ᠤᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠨᠢ ᠬᠦᠴᠦᠨ ᠥᠬᠡᠶ᠂ ᠰᠢᠳᠬᠡᠯ ᠥᠭᠬᠦ ᠶᠢ ᠲᠡᠪᠴᠢᠭᠰᠡᠨ᠂ ᠰᠢᠳᠬᠡᠯ ᠢ ᠤᠳᠠᠭᠠᠰᠢᠷᠠᠭᠤᠯᠤᠭᠰᠠᠨ᠂ ᠰᠢᠯᠲᠠᠭᠯᠠᠵᠤ ᠨᠢᠭᠤᠨ ᠳᠠᠯᠳᠠᠯᠠᠭᠰᠠᠨ ᠠᠴᠠ ᠪᠣᠯᠵᠣ ᠮᠠᠭᠤ ᠨᠥᠯᠥᠭᠡ ᠭᠠᠷᠭᠠᠭᠰᠠᠨ ᠪᠠ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠦᠢᠯᠡ ᠪᠠᠶᠢᠳᠠᠯ ᠢ ᠨᠢ ᠦᠵᠡᠵᠦ᠂ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠂ ᠡᠰᠡᠬᠦᠯ᠎ᠡ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠳᠤ ᠲᠤᠰᠬᠠᠶ ᠮᠡᠳᠡᠭᠦᠯᠬᠦ ᠲᠦᠷᠢᠮ ᠪᠠ ᠬᠠᠷᠢᠶ᠎ᠠ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠬᠢᠳᠠᠯ ᠶᠠᠪᠤᠭᠤᠯᠵᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠡᠬᠢᠯᠡᠭᠦᠯᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠭᠤᠤᠯ ᠬᠠᠷᠢᠭᠤᠴᠠᠯᠭᠠᠲᠠᠨ ᠪᠤᠶᠤ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠤᠨ᠎ᠠ᠃ ᠬᠠᠷᠢᠶ᠎ᠠ ᠲᠣᠭᠤᠷᠢᠭ ᠲᠠᠬᠢ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠠᠰᠠᠭᠤᠳᠠᠯ ᠲᠣᠪᠤᠶᠢᠮ᠎ᠠ ᠪᠠᠶᠢᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠡᠷᠡᠭ ᠣᠯᠠᠨ ᠭᠠᠷᠴᠤ᠂ ᠣᠯᠠᠨᠲᠠ ᠴᠠᠭᠠᠵᠠᠯᠠᠭᠰᠠᠨ ᠴᠤ ᠵᠣᠭᠰᠣᠬᠤ ᠥᠬᠡᠶ᠂ ᠣᠯᠠᠨᠲᠠ ᠪᠠᠶᠢᠴᠠᠭᠠᠭᠰᠠᠨ ᠴᠤ ᠪᠠᠶᠢᠨ ᠳᠠᠬᠢᠨ ᠭᠠᠷᠤᠭᠰᠠᠨ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠦᠢᠯᠡ ᠪᠠᠶᠢᠳᠠᠯ ᠤᠨ ᠬᠦᠨᠳᠦ ᠬᠥᠩᠭᠡᠨ ᠢ ᠦᠨᠳᠦᠰᠦᠯᠡᠵᠦ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠤᠶᠤ ᠭᠤᠤᠯ ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠦᠨᠳᠦ ᠶᠡᠭᠡ ᠬᠡᠷᠡᠭ ᠭᠠᠷᠴᠤ᠂ ᠰᠢᠨᠵᠢ ᠴᠢᠨᠠᠷ ᠨᠢ ᠬᠦᠨᠳᠦ ᠨᠣᠴᠢᠲᠠᠢ᠂ ᠨᠥᠯᠥᠭᠡ ᠨᠢ ᠮᠠᠭᠤ ᠪᠠᠶᠢᠪᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃        ᠨᠠᠢᠮᠠᠳᠤᠭᠠᠷ ᠵᠦᠢᠯ    ᠪᠠᠭᠰᠢ ᠶᠢᠨ ᠶᠣᠰᠣ ᠮᠣᠷᠠᠯ ᠤᠨ ᠤᠷᠮᠠᠰᠢᠭᠤᠯᠤᠯ ᠪᠠ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃        ︵ᠨᠢᠭᠡ︶ ᠪᠠᠭᠰᠢ ᠶᠢᠨ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠰᠢᠰᠲ᠋ᠧᠮᠵᠢ ᠶᠢ ᠪᠦᠷᠢᠨᠰᠢᠬᠦᠯᠵᠦ᠂ ᠪᠠᠭᠰᠢ ᠶᠢ ᠱᠠᠩᠨᠠᠨ ᠬᠥᠬᠢᠭᠦᠯᠬᠦ ᠠᠷᠭ᠎ᠠ ᠶᠢ ᠲᠡᠭᠦᠯᠳᠡᠷᠵᠢᠭᠦᠯᠦᠨ᠎ᠡ᠂ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠢᠯᠡᠷᠡᠯ ᠲᠣᠪᠤᠶᠢᠮ᠎ᠠ᠂ ᠵᠢᠳᠬᠦᠯ ᠴᠢᠷᠮᠠᠶᠢᠯᠭ᠎ᠠ ᠲᠠᠢ᠂ ᠠᠮᠵᠢᠯᠲᠠ ᠪᠦᠲᠦᠮᠵᠢ ᠲᠠᠢ᠂ ᠬᠤᠪᠢ ᠨᠡᠮᠡᠷᠢ ᠲᠠᠢ ᠪᠠᠭᠰᠢ ᠶᠢ ᠲᠣᠭᠲᠠᠭᠠᠯ ᠶᠣᠰᠣᠭᠠᠷ ᠱᠠᠩᠨᠠᠨ ᠬᠥᠬᠢᠭᠦᠯᠵᠦ᠂ ᠭᠠᠪᠢᠶ᠎ᠠ ᠲᠡᠮᠳᠡᠭᠯᠡᠨ᠂ ᠴᠣᠯᠠ ᠣᠯᠭᠤᠵᠤ᠂ ᠪᠣᠳᠠᠰ ᠤᠨ ᠱᠠᠩᠨᠠᠯ ᠣᠯᠭᠤᠨ᠎ᠠ᠃ ᠢᠷᠠᠭᠤ ᠠᠯᠳᠠᠷ ᠬᠦᠷᠲᠡᠭᠴᠢ ᠶᠢᠨ ᠭᠥᠷᠳᠡᠬᠦ ᠤᠯᠤᠰ ᠲᠥᠷᠥ᠂ ᠠᠮᠢᠳᠤᠷᠠᠯ ᠤᠨ ᠬᠦᠷᠳᠡᠮᠵᠢ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠵᠤ᠂ ᠢᠷᠠᠭᠤ ᠠᠯᠳᠠᠷ ᠬᠦᠷᠲᠡᠭᠴᠢ ᠶᠢᠨ ᠬᠤᠶᠢᠰᠢᠲᠠ ᠳᠠᠬᠢ ᠳᠡᠮᠵᠢᠯᠭᠡ ᠦᠢᠯᠡᠴᠢᠯᠡᠭᠡ ᠶᠢ ᠴᠢᠩᠭᠠᠳᠬᠠᠨ᠎ᠠ᠃        ︵ᠬᠤᠶᠠᠷ︶ ᠡᠯ᠎ᠡ ᠱᠠᠲᠤᠨ ᠤ ᠤᠬᠠᠭᠤᠯᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠬᠡᠪᠰᠢᠭᠰᠡᠨ ᠪᠠᠭᠰᠢ ᠶᠢᠨ ᠶᠣᠰᠣ ᠮᠣᠷᠠᠯ ᠤᠨ ᠤᠬᠠᠭᠤᠯᠭ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠠᠭᠰᠢ ᠶᠢ ᠬᠦᠨᠳᠦᠳᠬᠡᠬᠦ ᠰᠣᠶᠣᠯ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ ︽ᠪᠠᠭᠰᠢ ᠶᠢ ᠬᠦᠨᠳᠦᠳᠬᠡᠬᠦ ᠨᠢᠭᠡᠳᠦᠭᠡᠷ ᠬᠢᠴᠢᠶᠡᠯ︾᠂ ︽ᠶᠢᠰᠦᠨ ᠰᠠᠷ᠎ᠠ ᠶᠢ ᠪᠠᠭᠰᠢ ᠶᠢ ᠬᠦᠨᠳᠦᠳᠬᠡᠬᠦ ᠭᠤᠤᠯ ᠰᠡᠳᠦᠪᠲᠦ ᠰᠠᠷ᠎ᠠ ᠪᠣᠯᠭᠠᠬᠤ︾ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠦᠵᠡᠯᠲᠡ ᠶᠢ ᠰᠤᠷᠤᠭᠴᠢᠳ ᠤᠨ ᠥᠷᠲᠡᠭ ᠤᠨ ᠰᠢᠰᠲ᠋ᠧᠮ ᠳᠤ ᠨᠡᠪᠴᠢᠭᠦᠯᠦᠨ᠎ᠡ᠃ ᠪᠠᠭᠰᠢ ᠶᠢᠨ ᠶᠣᠰᠣ ᠮᠣᠷᠠᠯ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠠᠭᠰᠢ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠭᠤᠤᠯ ᠬᠥᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠴᠢᠩᠭᠠᠷᠠᠭᠤᠯᠤᠨ᠎ᠠ᠃ ᠵᠠᠭᠤᠴᠢᠯᠠᠭᠤᠷ ᠢᠶᠠᠷ ᠳᠠᠮᠵᠢᠭᠤᠯᠤᠨ ᠲᠡᠷᠢᠭᠦᠨ ᠤ ᠪᠠᠭᠰᠢ ᠶᠢᠨ ᠶᠣᠰᠣ ᠮᠣᠷᠠᠯ ᠪᠠ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠭᠰᠠᠨ ᠨᠡᠶᠢᠲᠡᠯᠢᠭ ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠪᠠᠭᠰᠢ ᠶᠢᠨ ᠶᠣᠰᠣ ᠮᠣᠷᠠᠯ ᠢ ᠡᠷᠬᠢᠮᠯᠡᠬᠦ᠂ ᠲᠡᠷᠢᠭᠦᠨ ᠤ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠴᠢᠷᠮᠠᠶᠢᠨ ᠡᠭᠦᠳᠬᠦ ᠪᠠ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠨ᠎ᠠ᠃        ︵ᠭᠤᠷᠪᠠ︶ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡᠳᠦᠭᠡᠷ ᠹᠷᠣᠨᠲ ᠤᠨ ᠪᠠᠭᠰᠢ ᠢᠯᠠᠩᠭᠤᠶ᠎ᠠ ᠤᠷᠲᠤ ᠬᠤᠭᠤᠴᠠᠭ᠎ᠠ ᠪᠠᠷ ᠪᠠᠭᠰᠢᠯᠠᠵᠤ ᠪᠠᠶᠢᠭ᠎ᠠ ᠰᠢᠯᠢᠳᠡᠭ ᠪᠠᠭᠰᠢ ᠶᠢ ᠲᠣᠬᠢᠷᠠᠭᠤᠯᠤᠨ ᠡᠮᠨᠡᠭᠦᠯᠦᠨ ᠰᠤᠪᠢᠯᠠᠭᠤᠯᠵᠤ᠂ ᠨᠥᠬᠦᠴᠡᠯ ᠳᠤ ᠨᠡᠶᠢᠴᠡᠬᠦ ᠠᠩᠭᠢ ᠶᠢᠨ ᠡᠷᠬᠢᠯᠡᠭᠴᠢ᠂ ᠲᠠᠷᠢᠶᠠᠯᠠᠬᠤ ᠮᠠᠯᠵᠢᠬᠤ ᠣᠷᠣᠨ ᠤ ᠪᠠᠭᠰᠢ ᠲᠡᠰᠢ ᠭᠤᠣᠯᠳᠠᠯᠭ᠎ᠠ ᠲᠠᠢ ᠬᠡᠯᠪᠠᠶᠢᠯᠭᠡᠬᠦ ᠬᠡᠷᠡᠭᠲᠡᠶ᠃        ᠶᠢᠰᠦᠳᠦᠭᠡᠷ ᠵᠦᠢᠯ    ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠷᠭᠠᠭᠤᠯᠢ ᠨᠤᠭᠤᠳ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠭᠰᠢ ᠶᠢᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠬᠠᠤᠯᠢ ᠶᠣᠰᠣᠭᠠᠷ ᠪᠠᠲᠤᠯᠠᠨ᠂ ᠪᠠᠭᠰᠢ ᠶᠢᠨ ᠵᠢᠭᠠᠨ ᠰᠤᠷᠭᠠᠬᠤ ᠠᠵᠢᠯ ᠮᠡᠷᠭᠡᠵᠢᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠠᠯᠳᠠᠭ᠎ᠠ ᠥᠬᠡᠶ ᠪᠣᠯᠪᠠᠴᠤ ᠪᠤᠰᠤᠳᠴᠢ ᠲᠠᠯ᠎ᠠ ᠪᠠᠷ ᠰᠤᠷᠤᠭᠴᠢᠳ ᠤᠨ ᠰᠠᠨᠠᠭᠠᠨ ᠳᠤ ᠥᠬᠡᠶ ᠭᠡᠮᠲᠦᠯ ᠳᠤ ᠪᠠᠭᠰᠢ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠭᠡᠯᠡᠬᠦ ᠥᠬᠡᠶ᠃ ᠪᠠᠭᠰᠢ ᠶᠢᠨ ᠨᠡᠷ᠎ᠡ ᠬᠦᠨᠳᠦ ᠳᠤ ᠬᠠᠯᠳᠠᠵᠤ ᠪᠣᠯᠬᠤ ᠥᠬᠡᠶ ᠪᠠᠶᠢᠬᠤ ᠶᠢ ᠬᠠᠤᠯᠢ ᠶᠣᠰᠣᠭᠠᠷ ᠪᠠᠲᠤᠯᠠᠵᠤ᠂ ᠪᠠᠭᠰᠢ ᠲᠤᠰᠢᠶᠠᠯ ᠢᠶᠠᠨ ᠭᠦᠢᠴᠡᠳᠭᠡᠭᠰᠡᠨ ᠠᠴᠠ ᠪᠣᠯᠵᠣ ᠰᠣᠷᠣᠭᠴᠢ᠂ ᠬᠡᠷ ᠤᠨ ᠠᠬᠠᠮᠠᠳ ᠵᠢᠴᠢ ᠲᠡᠳᠡᠨ ᠤ ᠲᠥᠷᠥᠯ ᠰᠠᠳᠤᠨ ᠵᠡᠷᠭᠡ ᠪᠠᠭᠰᠢ ᠪᠠᠨ ᠳᠣᠷᠣᠮᠵᠢᠯᠠᠬᠤ᠂ ᠬᠠᠷᠢᠶᠠᠬᠤ᠂ ᠪᠡᠶ᠎ᠡ ᠮᠠᠬᠠᠪᠤᠳ ᠢ ᠰᠢᠷᠠᠭᠳᠠᠭᠤᠯᠬᠤ ᠪᠤᠶᠤ ᠰᠦᠯᠵᠢᠶ᠎ᠡ ᠪᠠᠷ ᠪᠠᠭᠰᠢ ᠪᠠᠨ ᠭᠦᠳᠬᠡᠬᠦ᠂ ᠮᠠᠭᠤ ᠪᠠᠷ ᠵᠣᠷᠢᠭᠤᠳᠠ ᠬᠥᠭᠡᠷᠭᠡᠳᠡᠬᠦ ᠵᠡᠷᠭᠡ ᠦᠢᠯᠡ ᠠᠵᠢᠯᠯᠠᠭ᠎ᠠ ᠡᠭᠦᠰᠦᠭᠰᠡᠨ ᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠤᠷᠭᠠᠭᠤᠯᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠭᠰᠢ ᠨᠠᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠳᠤ ᠴᠢᠬᠤᠯᠠ ᠪᠦᠬᠦᠢ ᠬᠠᠤᠯᠢ ᠴᠠᠭᠠᠵᠠ ᠵᠡᠷᠭᠡ ᠲᠠᠯ᠎ᠠ ᠶᠢᠨ ᠳᠡᠮᠵᠢᠯᠭᠡ ᠬᠠᠩᠭᠠᠬᠤ ᠬᠡᠷᠡᠭᠲᠡᠶ᠃        ᠠᠷᠪᠠᠳᠤᠭᠠᠷ ᠵᠦᠢᠯ    ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠤᠯᠭ᠎ᠠ ᠬᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠪᠣᠳᠠᠲᠠᠢ ᠡᠭᠦᠷᠭᠡ ᠴᠢᠳᠠᠪᠤᠷᠢ ᠶᠢᠨ ᠰᠠᠯᠠᠭ᠎ᠠ ᠲᠠᠰᠤᠭ ᠪᠠ ᠬᠤᠯᠪᠣᠭᠳᠠᠯ ᠪᠦᠬᠦᠢ ᠠᠵᠢᠯᠳᠠᠨ ᠳᠤ ᠨᠠᠶᠢᠳᠠᠪᠤᠷᠢᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠳᠠᠬᠢ ᠵᠢᠯᠤᠭᠤᠳᠤᠯᠭ᠎ᠠ᠂ ᠬᠢᠨᠠᠯᠲᠠ ᠬᠠᠮᠢᠶᠠᠷᠤᠯᠲᠠ ᠪᠠ ᠪᠠᠭᠰᠢ ᠶᠢᠨ ᠮᠣᠷᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠰᠤᠷᠭᠠᠭᠤᠯᠢ ᠶᠢᠨ ᠵᠠᠬᠢᠷᠤᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠠᠭᠰᠢ ᠶᠢᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃        ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃        ᠬᠠᠮᠢᠶ᠎ᠠ ᠪᠥᠬᠦᠶ ᠲᠠᠶᠢᠯᠤᠮᠵᠢ ᠶᠢᠨ ᠴᠥᠷᠬᠡᠯᠡᠭᠡ᠄ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号