ᠤᠯᠠᠭᠠᠨᠬᠠᠳᠠ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠢᠭ
ᠨᠡᠶᠢᠲᠡᠯᠡᠭᠰᠡᠨ ᠴᠠᠭ᠄
2021/1/27
                 4 ᠳ᠋ᠦ᠋ᠭᠡᠷ ᠨᠤᠮᠧᠷᠳᠤ        ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠳᠣᠤᠷᠠᠬᠢ ᠮᠡᠲᠦ ᠵᠠᠷᠯᠢᠭ ᠪᠠᠭᠤᠯᠭᠠᠪᠠ᠄        ᠨᠢᠭᠡ᠂ ᠬᠢᠯᠢ ᠶᠢᠨ ᠭᠠᠳᠠᠨ᠎ᠠ ᠠᠴᠠ ᠤᠯᠤᠰ ᠲᠤ ᠪᠠᠨ ᠪᠤᠴᠠᠵᠤ ᠢᠷᠡᠭᠰᠡᠨ ᠬᠥᠮᠦᠰ ᠢ ᠬᠢᠯᠢ ᠶᠢᠨ ᠳᠤᠳᠤᠷ᠎ᠠ ᠤᠷᠤᠵᠦ ᠢᠷᠡᠭᠰᠡ ᠭᠠᠵᠠᠷ ᠲᠤ ᠨᠢ 14 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ ᠲᠤ ᠨᠢ 14 ᠡᠳᠦᠷ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ︵ᠪᠤᠶᠤ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠭᠠᠵᠠᠷ ᠲᠤ 7 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ ᠲᠤ 21 ᠡᠳᠦᠷ ᠲᠥᠪᠯᠡᠷᠡᠭᠦᠯᠦᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃        ᠬᠤᠶᠠᠷ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠤᠯᠠᠭᠠᠨᠬᠠᠳᠠ ᠳᠤ ᠢᠷᠡᠭᠰᠡᠨ ᠪᠤᠶᠤ ᠤᠯᠠᠭᠠᠨᠬᠠᠳᠠ ᠳᠤ ᠪᠤᠴᠠᠵᠤ ᠢᠷᠡᠭᠰᠡᠨ ᠬᠥᠮᠦᠰ ᠢ ᠬᠠᠷᠢᠶ᠎ᠠ ᠭᠠᠵᠠᠷ ᠤᠨ ᠬᠢᠨ 14 ᠡᠳᠦᠷ ᠲᠥᠪᠯᠡᠷᠡᠭᠦᠯᠦᠨ ᠲᠤᠰᠠᠭᠠᠷᠯᠠᠬᠤ + 14 ᠡᠳᠦᠷ ᠬᠡᠷ ᠲᠤ ᠪᠠᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠢ ᠰᠢᠯᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃        ᠭᠤᠷᠪᠠ᠂ ᠳᠤᠮᠳᠠ ᠵᠡᠷᠬᠡ ᠶᠢᠨ ᠲᠦᠭᠰᠢᠬᠦᠷᠢᠳᠡᠢ ᠭᠠᠵᠠᠷ ᠣᠷᠣᠨ ᠠᠴᠠ ᠤᠯᠠᠭᠠᠨᠬᠠᠳᠠ ᠳᠤ ᠢᠷᠡᠭᠰᠡᠨ ᠪᠤᠶᠤ ᠤᠯᠠᠭᠠᠨᠬᠠᠳᠠ ᠳᠤ ᠪᠤᠴᠠᠵᠤ ᠢᠷᠡᠭᠰᠡᠨ ᠬᠥᠮᠦᠰ ᠢ 14 ᠡᠳᠦᠷ ᠬᠡᠷ ᠲᠤ ᠪᠠᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠢ ᠰᠢᠯᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃        ᠳᠥᠷᠪᠡ᠂ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ᠠᠵᠢᠯ ᠬᠢᠭᠰᠡᠳ ᠠᠵᠢᠯᠯᠠᠬᠤ ᠬᠤᠭᠤᠴᠠᠭᠠᠨ ᠳᠤ ᠪᠠᠨ ᠡᠷᠬᠡᠪᠰᠢ ᠠᠮᠠᠪᠴᠢ᠂ ᠬᠠᠮᠠᠭᠠᠯᠠᠯᠲᠠ ᠶᠢᠨ ᠪᠡᠭᠡᠯᠡᠶ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠭᠦᠵᠦ᠂ ᠠᠵᠢᠯᠯᠠᠬᠤ ᠠᠴᠠ ᠪᠠᠨ ᠡᠮᠦᠨ᠎ᠡ ᠪᠠ ᠠᠵᠢᠯ ᠢᠶᠠᠨ ᠳᠠᠭᠤᠰᠤᠭᠰᠠᠨ ᠤ ᠳᠠᠷᠠᠭ᠎ᠠ ᠠᠷᠢᠭᠤᠳᠬᠠᠬᠤ ᠪᠤᠶᠤ ᠭᠠᠷ ᠢᠶᠠᠨ ᠤᠬᠢᠶᠠᠵᠦ᠂ ᠲᠡᠭᠡᠭᠡᠪᠦᠷᠢᠯᠡᠬᠦ ᠶᠠᠪᠤᠴᠠ ᠳᠤ ᠳᠤᠷ᠎ᠠ ᠪᠠᠷ ᠢᠶᠠᠨ ᠬᠠᠶᠢᠷᠴᠠᠭ ᠢ ᠨᠡᠭᠡᠭᠡᠵᠦ ᠪᠣᠯᠬᠤ ᠦᠭᠡᠶ᠂ ᠪᠠᠷᠠᠭ᠎ᠠ ᠶᠢᠨ ᠪᠣᠭᠤᠳᠠᠯ ᠢ ᠳᠤᠷ᠎ᠠ ᠪᠠᠷ ᠢᠶᠠᠨ ᠨᠡᠭᠡᠭᠡᠵᠦ ᠦᠢᠯᠡᠳᠬᠦᠨ ᠲᠠᠢ ᠰᠢᠭᠤᠳ ᠣᠶᠢᠷᠠᠲᠤᠵᠤ ᠪᠣᠯᠬᠤ ᠦᠭᠡᠶ᠃        ᠲᠠᠪᠤ᠂ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠳᠠᠭᠠᠭᠠᠴᠢᠯᠠᠨ ᠲᠡᠭᠡᠭᠡᠪᠦᠷᠢᠯᠡᠭᠴᠢ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠲᠡᠭᠡᠭᠡᠪᠦᠷᠢᠯᠡᠭᠰᠡᠨ ᠲᠡᠷᠭᠡ ᠬᠥᠰᠬᠡ ᠶᠢ ᠲᠦᠢᠯᠪᠤᠷᠢᠲᠠᠶ ᠠᠷᠢᠭᠤᠳᠬᠠᠬᠤ ᠶᠢᠨ ᠬᠠᠮᠲᠤ᠂ ᠳᠠᠭᠠᠭᠠᠴᠢᠯᠡᠨ ᠲᠡᠭᠡᠭᠡᠪᠦᠷᠢᠯᠡᠬᠦ ᠪᠠᠷᠠᠭ᠎ᠠ ᠶᠢᠨ ᠭᠦᠢᠯᠭᠡᠭᠡᠨ ᠤ ᠴᠢᠭᠯᠡᠯ ᠤᠨ ᠪᠦᠬᠦ ᠶᠠᠪᠤᠴᠠ ᠶᠢ ᠨᠠᠷᠢᠯᠢᠭ ᠳᠡᠮᠳᠡᠭᠯᠡᠵᠦ᠂ ᠳᠠᠭᠠᠭᠠᠴᠢᠯᠡᠨ ᠲᠡᠭᠡᠭᠡᠪᠦᠷᠢᠯᠡᠬᠦ ᠪᠠᠷᠠᠭ᠎ᠠ ᠶᠢᠨ ᠢᠷᠡᠯᠲᠡ᠂ ᠪᠠᠷᠠᠭ᠎ᠠ ᠠᠴᠢᠶᠠᠯᠠᠵᠤ ᠪᠠᠭᠤᠯᠭᠠᠭᠰᠠᠨ ᠴᠠᠭ᠂ ᠳᠠᠭᠠᠭᠠᠴᠢᠯᠡᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠫᠠᠶᠢᠰᠠ ᠦᠨᠡᠮᠯᠡᠯ ᠵᠢᠴᠢ ᠵᠢᠯᠣᠭᠤᠴᠢ᠂ ᠪᠠᠷᠠᠭ᠎ᠠ ᠶᠠᠪᠤᠭᠤᠯᠤᠭᠴᠢ ᠂ ᠪᠠᠷᠠᠭ᠎ᠠ ᠬᠦᠯᠢᠶᠡᠨ ᠠᠪᠤᠭᠴᠢ ᠵᠡᠷᠭᠡ ᠮᠡᠳᠡᠭᠡ ᠵᠠᠩᠭᠢ ᠶᠢ ᠰᠠᠶᠢᠲᠤᠷ ᠲᠡᠮᠳᠡᠭᠯᠡᠵᠦ᠂ ᠪᠠᠷᠠᠭ᠎ᠠ ᠶᠢᠨ ᠢᠷᠡᠯᠲᠡ ᠳᠤᠳᠤᠷᠬᠠᠢ ᠪᠤᠰᠤ ᠪᠠᠷᠠᠭ᠎ᠠ ᠶᠢ ᠳᠠᠭᠠᠭᠠᠴᠢᠯᠡᠨ ᠲᠡᠭᠡᠭᠡᠪᠦᠷᠢᠯᠡᠵᠦ ᠪᠣᠯᠬᠤ ᠦᠭᠡᠶ᠃        ᠵᠢᠷᠭᠤᠭ᠎ᠠ᠂ ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠪᠣᠶ ᠪᠥᠬᠦᠶ ᠡᠳ᠋ ᠪᠠᠷᠠᠭ᠎ᠠ ᠶᠢ ᠤᠯᠠᠭᠠᠨᠬᠠᠳᠠ ᠳᠤ ᠣᠷᠣᠭᠤᠯᠬᠤ ᠨᠢᠭᠡᠳᠦᠭᠡᠷ ᠥᠷᠲᠡᠭᠡ ᠴᠡᠭ ᠲᠤ ᠭᠠᠳᠠᠷ ᠪᠣᠭᠤᠳᠠᠯ ᠤᠨ ᠪᠥᠭᠡᠮ ᠬᠦᠴᠢᠯ ᠤᠨ ᠪᠠᠶᠢᠴᠠᠭᠠᠯᠳᠠ ᠬᠢᠵᠦ᠂ ᠲᠥᠪᠯᠡᠷᠡᠭᠦᠯᠦᠨ ᠠᠷᠢᠭᠤᠳᠬᠠᠨ ᠳᠠᠩᠰᠠᠯᠠᠵᠦ᠂ ᠢᠷᠡᠯᠲᠡ ᠶᠢ ᠨᠢ ᠪᠠᠶᠢᠴᠠᠭᠠᠵᠤ ᠳᠡᠶᠢᠯᠬᠦ᠂ ᠬᠠᠮᠢᠭ᠎ᠠ ᠬᠦᠷᠭᠡᠭᠰᠡᠨ ᠢ ᠨᠢ ᠮᠡᠳᠡᠵᠦ ᠳᠡᠶᠢᠯᠬᠦ ᠬᠡᠷᠡᠭᠲᠡᠶ᠃        ᠳᠣᠯᠤᠭ᠎ᠠ᠂ ᠢᠳᠡᠭᠡᠨ ᠤ ᠵᠦᠢᠯ ᠦᠢᠯᠡᠳᠪᠦᠷᠢᠯᠡᠬᠦ᠂ ᠡᠵᠡᠩᠨᠡᠭᠴᠢᠳ ᠠᠴᠠ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠦᠯᠳᠡᠬᠦᠦ ᠪᠠᠷ ᠬᠠᠳᠠᠭᠠᠯᠠᠬᠤ ᠢᠳᠡᠭᠡᠨ ᠤ ᠮᠡᠳᠡᠭᠡ ᠵᠠᠩᠭᠢ ᠶᠢ ︽ᠥᠪᠥᠷ ᠮᠣᠩᠭᠤᠯ ᠤᠨ ᠬᠦᠢᠲᠡᠨ ᠬᠦᠯᠳᠡᠬᠦᠦ ᠬᠡᠯᠬᠢᠶ᠎ᠠ︾ ᠶᠢᠨ ᠮᠦᠷᠳᠡᠬᠦ ᠰᠢᠰᠲ᠋ᠧᠮ ᠳᠤ ᠦᠨᠡᠨ ᠪᠣᠳᠠᠲᠠᠶ ᠪᠠᠷ ᠮᠡᠳᠡᠬᠦᠯᠵᠦ᠂ ︽ᠭᠤᠷᠪᠠᠨ ᠲᠤᠰᠬᠠᠶ︾ — ᠲᠤᠰᠬᠠᠶ ᠬᠥᠮᠥᠷᠭᠡ ᠶᠢᠨ ᠬᠠᠳᠠᠭᠠᠯᠠᠯᠲᠠ᠂ ᠲᠤᠰᠬᠠᠶ ᠬᠥᠮᠦᠨ ᠤ ᠬᠠᠮᠢᠶᠠᠷᠤᠯᠲᠠ᠂ ᠲᠤᠰᠬᠠᠶ ᠯᠠᠩᠭᠦᠶ ᠶᠢᠨ ᠪᠣᠷᠣᠯᠠᠭᠤᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠬᠤᠳᠠᠯᠳᠤᠨ ᠠᠪᠤᠭᠰᠠᠨ ᠭᠡᠷᠡᠴᠢ ᠪᠠᠷᠢᠮᠲᠠ᠂ ᠪᠣᠭᠤᠮᠲᠠ ᠶᠢᠨ ᠰᠢᠯᠭᠠᠨ ᠪᠠᠶᠢᠴᠠᠭᠠᠯᠳᠠ ᠬᠢᠵᠢᠭ ᠪᠠᠶᠢᠴᠠᠭᠠᠭᠰᠠᠨ ᠭᠡᠷᠡᠴᠢ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠵᠡᠷᠭᠡ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠶ᠃ ︽ᠳᠥᠷᠪᠡᠨ ᠦᠨᠡᠮᠯᠡᠯ︾ ᠨᠢ ᠪᠦᠷᠢᠨ ᠪᠤᠰᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠦᠯᠳᠡᠬᠦᠦ ᠪᠠᠷ ᠬᠠᠳᠠᠭᠠᠯᠠᠬᠤ ᠢᠳᠡᠭᠡᠨ ᠢ ᠬᠥᠮᠥᠷᠭᠡ ᠳᠤ ᠬᠠᠳᠠᠭᠠᠯᠠᠬᠤ᠂ ᠪᠤᠯᠪᠠᠰᠤᠷᠠᠭᠤᠯᠤᠨ ᠡᠳ᠋ᠰᠢᠬᠦᠯᠬᠦ ᠪᠠ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠪᠣᠯᠬᠤ ᠥᠬᠡᠶ᠃        ᠨᠠᠢᠮᠠ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ᠂ ᠡᠮᠴᠢ ᠠᠴᠠ ᠠᠩᠬᠠᠨ ᠤ ᠤᠨᠤᠰᠢᠯᠠᠯᠳᠠ ᠳᠤ ᠬᠠᠷᠢᠭᠤᠴᠠᠬᠤ᠂ ︽ᠨᠢᠭᠡ ᠡᠪᠡᠳᠴᠢᠳᠡᠨ ᠢ ᠨᠢᠭᠡ ᠬᠦᠮᠦᠨ ᠠᠰᠠᠷᠠᠨ ᠬᠠᠷᠠᠭᠠᠯᠵᠠᠬᠤ︾᠂ ᠡᠪᠡᠳᠴᠢᠲᠡᠨ ᠤ ᠲᠣᠭᠤᠷᠢᠭ ᠢ ᠪᠢᠲᠡᠭᠦᠮᠵᠢᠯᠡᠬᠦ ᠮᠠᠶ᠋ᠢᠭ ᠤᠨ ᠬᠠᠮᠢᠶᠠᠷᠤᠯᠲᠠ ᠪᠠ ᠪᠤᠯᠭᠤᠭᠠᠨ ᠦᠵᠡᠬᠦ ᠶᠢ ᠴᠠᠭᠠᠵᠠᠯᠠᠬᠤ ᠵᠡᠷᠭᠡ ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃        ᠶᠢᠰᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠨᠡᠯᠬᠡ ᠶᠢᠨ ᠭᠠᠵᠠᠷ ᠪᠣᠯᠤᠨ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠰᠢᠯᠲᠠᠭᠠᠨ ᠨᠢ ᠲᠣᠳᠣᠷᠬᠠᠶ ᠦᠭᠡᠶ ᠬᠠᠯᠠᠭᠤᠷᠠᠵᠤ ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠲᠠᠢ ᠡᠮᠨᠡᠯᠭᠡ ᠶᠢᠨ ᠬᠤᠷᠢᠶ᠎ᠠ ᠳᠤ ᠳᠠᠷᠦ᠋ᠢᠬᠠᠨ ᠰᠢᠯᠵᠢᠭᠦᠯᠦᠨ ᠡᠮᠨᠡᠭᠦᠯᠬᠦ ᠶᠢᠨ ᠬᠠᠮᠲᠤ ᠡᠪᠡᠳᠴᠢᠲᠡᠨ ᠤ ᠮᠡᠳᠡᠭᠡ ᠵᠠᠩᠭᠢ ᠶᠢ ᠳᠠᠩᠰᠠᠯᠠᠬᠤ ᠶᠢ ᠰᠠᠶᠢᠲᠤᠷ ᠬᠢᠬᠦ ᠬᠡᠷᠡᠭᠲᠡᠶ᠂ ᠳᠤᠷ᠎ᠠ ᠪᠠᠷ ᠢᠶᠠᠨ ᠦᠯᠡᠳᠡᠭᠡᠨ ᠠᠪᠴᠤ ᠡᠮᠴᠢᠯᠡᠬᠦ ᠪᠤᠶᠤ ᠡᠮᠨᠡᠬᠦᠯᠦᠭᠴᠢᠳ ᠢ ᠲᠡᠪᠴᠢᠵᠦ ᠪᠣᠯᠬᠤ ᠦᠭᠡᠶ᠃        ᠠᠷᠪᠠ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠬᠡᠷ᠂ ᠡᠮ ᠤᠨ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠬᠡᠯᠡ ᠳᠤᠤᠷ᠎ᠠ ᠬᠦᠮᠦᠨ ᠤᠯᠠᠰᠢᠷᠠᠬᠤ ᠶᠢ ᠬᠢᠵᠠᠭᠠᠷᠯᠠᠬᠤ ᠬᠡᠷᠡᠭᠲᠡᠶ᠃ ᠡᠮ ᠤᠨ ᠳᠡᠯᠭᠡᠭᠦᠷ ᠨᠢ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ ᠵᠡᠷᠭᠡ ᠡᠮ ᠤᠨ ᠵᠦᠢᠯ ᠢ ᠬᠤᠳᠠᠯᠳᠤᠨ ᠠᠪᠤᠭᠰᠠᠳ ᠢ ᠦᠨᠡᠨ ᠨᠡᠷ᠎ᠡ ᠪᠠᠷ ᠨᠢ ᠳᠠᠩᠰᠠᠯᠠᠵᠤ ᠂ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠡᠷᠭᠡᠶᠢᠯᠡᠨ ᠡᠵᠡᠮᠳᠡᠬᠦ ᠠᠵᠢᠯ ᠳᠤ ᠣᠷᠣᠭᠤᠯᠬᠤ ᠬᠡᠷᠡᠭᠲᠡᠶ᠃ ᠨᠠᠰᠤᠲᠠᠨ ᠢ ᠠᠰᠠᠷᠠᠬᠤ ᠬᠦᠷᠢᠶᠡᠯᠡᠩ᠂ ᠵᠢᠷᠭᠠᠯᠠᠩᠳᠤ ᠬᠦᠷᠢᠶᠡᠯᠡᠩ᠂ ᠬᠤᠷᠢᠭᠤᠯ ᠤᠨ ᠭᠠᠵᠠᠷ ᠵᠡᠷᠭᠡ ᠣᠨᠴᠠᠭᠠᠢ ᠲᠠᠯᠠᠪᠤᠷ ᠲᠤ ᠪᠢᠲᠡᠭᠦᠮᠵᠢᠲᠦ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃        ᠠᠷᠪᠠᠨ ᠨᠢᠭᠡ᠂ ᠨᠣᠮ ᠤᠨ ᠰᠠᠩ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ ᠬᠡᠷ ᠳᠣᠲᠣᠷᠠᠬᠢ ᠲᠠᠯᠠᠪᠤᠷ ᠣᠷᠳᠣᠨ᠂ ᠺᠢᠨᠣ᠋ ᠵᠦᠴᠦᠭᠡ ᠶᠢᠨ ᠲᠢᠶᠠᠳ᠋ᠷ ᠵᠡᠷᠭᠡ ᠲᠣᠭᠯᠠᠯᠲᠠ ᠶᠢᠨ ᠲᠠᠯᠠᠪᠤᠷ ᠭᠠᠵᠠᠷ ᠵᠢᠴᠢ ᠰᠦᠯᠵᠢᠶᠡᠨ ᠳᠤ ᠭᠠᠷᠬᠤ ᠦᠢᠯᠡᠴᠢᠯᠡᠭᠡᠨ ᠤ ᠲᠠᠯᠠᠪᠤᠷ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ᠂ ᠨᠠᠭᠠᠳᠤᠮ ᠴᠡᠩᠭᠡᠬᠦᠨ ᠤ ᠲᠠᠯᠠᠪᠤᠷ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠭᠥᠯᠢᠶᠡᠨ ᠠᠪᠬᠤ ᠬᠥᠮᠦᠨ ᠤ ᠲᠤᠭ᠎ᠠ ᠶᠢ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠶᠢᠨ 75 % ᠠᠴᠠ ᠬᠡᠲᠦᠷᠡᠭᠦᠯᠵᠦ ᠪᠣᠯᠬᠤ ᠥᠬᠡᠶ᠃        ᠠᠷᠪᠠᠨ ᠬᠤᠶᠠᠷ᠂ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠵᠦᠬᠡᠬᠡᠪᠦᠷᠢ ᠵᠡᠷᠭᠡ ᠨᠢᠭᠡᠴᠢ ᠨᠦᠭᠦᠳ ᠠᠶᠠᠨᠴᠢᠳ ᠤᠨ ᠮᠡᠳᠡᠭᠡ ᠵᠠᠩᠭᠢ ᠶᠢ ᠬᠢᠨᠠᠮᠠᠭᠠᠶ ᠪᠠᠶᠢᠴᠠᠭᠠᠨ ᠰᠢᠯᠭᠠᠵᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠪᠠ ᠰᠡᠵᠢᠭᠯᠡᠯᠲᠡᠶ ᠡᠪᠡᠳᠴᠢᠲᠡᠨ ᠢ ᠣᠯᠵᠤ ᠮᠡᠳᠡᠪᠡᠯ ᠵᠢᠷᠤᠮᠵᠢᠭᠤᠯᠤᠨ ᠰᠢᠢᠳᠪᠦᠷᠢᠯᠡᠵᠦ᠂ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠶᠠᠨᠴᠢᠳ ᠠᠷᠠᠳ ᠢᠷᠭᠡᠳ ᠤᠨ ᠬᠠᠷᠢᠭᠤᠴᠠᠯᠭ᠎ᠠ ᠪᠣᠯᠤᠨ ᠡᠭᠦᠷᠭᠡ ᠪᠠᠨ ᠭᠦᠢᠴᠡᠳᠬᠡᠵᠦ᠂ ᠠᠵᠢᠯᠲᠠᠳ ᠲᠠᠢ ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃        ᠠᠷᠪᠠᠨ ᠭᠤᠷᠪᠠ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠬᠥᠮᠦᠵᠢᠯ ᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠮᠥᠷᠳᠡᠵᠤ᠂ ᠴᠠᠭ ᠲᠤᠬᠠᠶ ᠳᠤ ᠨᠢ ᠰᠡᠷᠡᠮᠵᠢᠯᠡᠭᠦᠯᠦᠨ ᠰᠠᠨᠠᠭᠤᠯᠵᠤ᠂ ᠪᠠᠭᠰᠢ ᠰᠤᠷᠤᠭᠴᠢᠳ ᠢ ᠬᠤᠪᠢ ᠬᠥᠮᠦᠨ ᠵᠢᠴᠢ ᠬᠡᠷ ᠪᠦᠯᠢ ᠶᠢᠨ ᠬᠠᠮᠠᠭᠠᠯᠠᠯᠲᠠ ᠶᠢ ᠰᠠᠶᠢᠲᠤᠷ ᠬᠢᠯᠭᠡᠬᠦ ᠪᠠᠷ ᠴᠢᠩᠭ᠎ᠠ ᠱᠠᠭᠠᠷᠳᠠᠬᠤ ᠬᠡᠷᠡᠭᠲᠡᠶ᠃ ᠪᠠᠭᠰᠢ ᠰᠤᠷᠤᠭᠴᠢᠳ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠤᠯᠠᠭᠠᠨᠬᠠᠳᠠ ᠠᠴᠠ ᠰᠠᠯᠪᠠᠯ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ ᠪᠤᠶᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠪᠣᠯᠬᠤ ᠦᠭᠡᠶ᠃        ᠠᠷᠪᠠᠨ ᠳᠥᠷᠪᠡ᠂ ᠪᠠᠭᠰᠢ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠳᠤ ᠪᠠᠨ ᠦᠯᠡᠳᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠬᠦ ᠥᠬᠡᠶ᠂ ᠦᠨᠡᠨ ᠬᠦ ᠰᠤᠷᠭᠠᠭᠤᠯᠢ ᠳᠤ ᠪᠠᠨ ᠦᠯᠡᠳᠡᠬᠦ ᠴᠢᠬᠤᠯᠠᠲᠠᠶ ᠪᠣᠯ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠳᠤ ᠪᠠᠭᠰᠢ ᠰᠤᠷᠤᠭᠴᠢᠳ ᠤᠨ ᠰᠤᠷᠭᠠᠭᠤᠯᠢ ᠳᠤ ᠪᠠᠨ ᠪᠤᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠥᠬᠡᠶ᠂ ᠰᠤᠷᠭᠠᠭᠤᠯᠢ ᠶᠢᠨ ᠬᠦᠷᠢᠶ᠎ᠡ ᠶᠢ ᠦᠷᠭᠦᠯᠵᠢᠯᠡᠨ ᠪᠢᠲᠡᠭᠦᠮᠵᠢᠯᠡᠨ ᠬᠠᠮᠢᠶᠠᠷᠬᠤ ᠬᠡᠷᠡᠭᠳᠡᠢ᠃        ᠠᠷᠪᠠᠨ ᠲᠠᠪᠤ᠂ ︽ᠴᠢᠬᠤᠯᠠ ᠦᠭᠡᠢ ᠪᠣᠯ ᠡᠷᠬᠢᠯᠡᠬᠦ ᠦᠭᠡᠢ︾᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠪᠠᠭᠠᠰᠬᠠᠨ ᠴᠤᠮᠬᠠᠳᠬᠠᠬᠤ ᠶᠢ ᠰᠠᠨᠠᠭᠠᠴᠢᠯᠠᠬᠤ ᠬᠡᠷᠡᠭᠳᠡᠢ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠲᠤᠮᠤ ᠬᠡᠯᠪᠡᠷᠢ ᠶᠢᠨ ᠬᠤᠷᠠᠯ ᠵᠢᠴᠢ ᠠᠵᠢᠯᠯᠠᠭ᠎ᠠ ᠶᠢᠨ ᠲᠤᠭ᠎ᠠ ᠬᠡᠮᠵᠢᠶᠡᠨ ᠤ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠸᠢᠳᠢᠣ᠋ ᠵᠡᠷᠭᠡ ᠰᠦᠯᠵᠢᠶᠡᠨ ᠳᠡᠭᠡᠷᠡᠬᠢ ᠬᠡᠯᠪᠡᠷᠢ ᠪᠠᠷ ᠬᠤᠷᠠᠯ ᠬᠤᠷᠠᠯᠳᠤᠭᠤᠯᠬᠤ ᠶᠢ ᠰᠠᠨᠠᠭᠠᠴᠢᠯᠠᠬᠤ ᠬᠡᠷᠡᠭᠲᠡᠢ᠃ ᠵᠠᠷᠴᠢᠮ ᠳᠡᠭᠡᠷ᠎ᠡ ᠪᠠᠨ ᠪᠣᠯᠪᠠᠰᠤᠷᠠᠭᠤᠯᠤᠯ᠂ ᠬᠠᠮᠲᠤ ᠶᠢᠨ ᠵᠣᠯᠭᠠᠯᠲᠠ᠂ ᠬᠠᠮᠲᠤᠷᠠᠭᠰᠠᠨ ᠨᠠᠶᠢᠷ᠂ ᠲᠣᠮᠣ ᠬᠡᠯᠪᠡᠷᠢ ᠶᠢᠨ ᠰᠦᠮ᠎ᠡ ᠶᠢᠨ ᠴᠤᠭᠯᠠᠭᠠᠨ᠂ ᠣᠨ ᠤ ᠬᠤᠷᠠᠯ᠂ ᠰᠦᠯᠵᠢᠶᠡᠨ ᠭᠠᠳᠠᠨ᠎ᠠ ᠳᠡᠯᠭᠡᠨ ᠪᠣᠷᠣᠯᠠᠭᠤᠯᠬᠤ ᠪᠠ ᠪᠣᠷᠣᠯᠠᠭᠤᠯᠭ᠎ᠠ ᠶᠢ ᠠᠬᠢᠭᠤᠯᠬᠤ ᠵᠡᠷᠭᠡ ᠠᠵᠢᠯᠯᠠᠭ᠎ᠠ ᠶᠢ ᠡᠷᠬᠢᠯᠡᠬᠦ ᠦᠭᠡᠶ᠃        ᠠᠷᠪᠠᠨ ᠵᠢᠷᠭᠤᠭ᠎ᠠ᠂ ᠬᠤᠷᠢᠮ ᠨᠠᠶᠢᠷ ᠡᠷᠭᠢᠯᠡᠬᠦ ᠳᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ︾ ᠲᠣᠭᠲᠠᠵᠤ᠂ ᠵᠣᠴᠢᠳ ᠤᠨ ᠲᠤᠭ᠎ᠠ ᠶᠢ ᠪᠠᠭᠠᠰᠬᠠᠨ᠂ ᠬᠤᠲᠠ ᠶᠢᠨ ᠭᠠᠳᠠᠨᠠᠬᠢ ᠬᠥᠮᠦᠰ ᠢ ᠤᠷᠢᠨ ᠣᠷᠣᠯᠴᠠᠭᠤᠯᠵᠤ ᠪᠣᠯᠬᠤ ᠥᠬᠡᠶ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠶᠢ ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠷᠢᠮ ᠨᠠᠶᠢᠷ ᠠᠴᠠ ᠭᠠᠳᠠᠨ᠎ᠠ᠂ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠨᠠᠶᠢᠷ ᠵᠡᠷᠭᠡ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠬᠡᠷᠡᠭᠲᠡᠶ        ᠠᠷᠪᠠᠨ ᠳᠣᠯᠤᠭ᠎ᠠ᠂ ︽ᠴᠢᠬᠤᠯᠠ ᠦᠬᠡᠢ ᠪᠤᠯ ᠨᠤᠲᠤᠭ ᠲᠤ ᠪᠠᠨ ᠪᠤᠴᠠᠬᠤ ᠥᠬᠡᠶ ᠪᠠᠶᠢᠬᠤ︾ ᠶᠢ ᠰᠠᠨᠠᠭᠠᠴᠢᠯᠠᠵᠤ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠨᠤᠳᠤᠭ ᠵᠦᠭ ᠢᠶᠠᠨ ᠦᠷᠬᠦᠯᠵᠢᠯᠡᠬᠦᠯᠬᠦ ᠶᠢ ᠪᠠᠭᠠᠰᠬᠠᠬᠤ ᠬᠡᠷᠡᠭᠲᠡᠶ᠃ ᠦᠨᠡᠨ ᠬᠦ ᠨᠤᠲᠤᠭ ᠲᠤ ᠪᠠᠨ ᠪᠤᠴᠠᠬᠤ ᠴᠢᠬᠤᠯᠠ ᠲᠠᠢ ᠪᠤᠯ᠂ ᠵᠠᠮ ᠵᠠᠭᠤᠷ᠎ᠠ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠠᠮᠤᠷ ᠲᠦᠪᠰᠢᠨ ᠤ ᠵᠠᠶ ᠶᠢ ᠪᠠᠲᠤᠯᠠᠨ᠂ ᠥᠪᠡᠰᠦᠪᠡᠨ ᠲᠡᠷᠭᠡ ᠵᠢᠯᠣᠭᠤᠳᠴᠤ ᠤᠯᠠᠭᠠᠨᠬᠠᠳᠠ ᠳᠤ ᠪᠤᠴᠠᠬᠤ ᠶᠢ ᠰᠠᠨᠠᠭᠠᠴᠢᠯᠠᠬᠤ ᠬᠡᠷᠡᠭᠲᠡᠶ᠃ ᠨᠤᠲᠤᠭ ᠲᠤ ᠪᠠᠨ ᠪᠤᠴᠠᠭᠰᠠᠨ ᠤ ᠳᠠᠷᠠᠭ᠎ᠠ ᠠᠶᠢᠯ ᠰᠠᠭᠠᠬᠠᠯᠳᠠ ᠪᠠᠷ ᠢᠶᠠᠨ ᠳᠤᠭᠤᠷᠢᠬᠤ ᠪᠠᠨ ᠪᠠᠭᠠᠰᠬᠠᠵᠦ᠂ ᠬᠠᠮᠳᠤ ᠪᠠᠷ ᠬᠤᠭᠤᠯᠠ ᠪᠤᠳᠠᠭ᠎ᠠ ᠢᠳᠡᠬᠦ ᠪᠠᠨ ᠪᠠᠭᠠᠰᠬᠠᠬᠤ ᠪᠠ ᠴᠤᠭᠯᠠᠷᠠᠬᠤ ᠥᠬᠡᠶ ᠪᠠᠶᠢᠵᠤ᠂ ᠬᠠᠯᠠᠭᠤᠷᠠᠬᠤ᠂ ᠬᠠᠨᠢᠶᠠᠬᠤ᠂ ᠴᠡᠭᠡᠵᠢ ᠪᠦᠭᠯᠡᠷᠡᠬᠦ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠴᠠᠭ ᠲᠤᠬᠠᠶ ᠳᠤ ᠨᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠦᠨ ᠤ ᠰᠡᠷᠬᠡᠶᠢᠯᠡᠨ ᠬᠠᠮᠠᠭᠠᠯᠠᠯᠳᠠ ᠪᠠᠨ ᠰᠠᠶᠢᠳᠤᠷ ᠬᠢᠵᠦ ᠣᠶᠢᠷ᠎ᠠ ᠬᠠᠪᠢ ᠳᠠᠬᠢ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠃        ᠠᠷᠪᠠᠨ ᠨᠠᠢᠮᠠ᠂ ᠪᠣᠶ ᠪᠥᠬᠦᠶ ᠨᠤᠲᠤᠭ ᠲᠤ ᠪᠠᠨ ᠪᠤᠴᠠᠭᠰᠠᠨ᠂ ᠤᠯᠠᠭᠠᠨᠬᠠᠳᠠ ᠳᠤ ᠢᠷᠡᠭᠰᠡᠨ ᠬᠥᠮᠦᠰ ᠡᠷᠬᠡᠪᠰᠢ ᠲᠡᠷᠡ ᠳᠠᠷᠤᠶ ᠳᠤ ᠨᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠤᠬᠠᠮᠰᠠᠷ ᠠᠴᠠ ᠪᠠᠨ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃        ᠠᠷᠪᠠ ᠶᠢᠰᠦ᠂ ︽ᠴᠢᠬᠤᠯᠠ ᠦᠭᠡᠶ ᠪᠣᠯ ᠬᠤᠳᠠ ᠠᠴᠠ ᠭᠠᠷᠬᠤ ᠦᠭᠡᠶ︾ ᠪᠠᠶᠢᠬᠤ ᠶᠢ ᠰᠠᠨᠠᠭᠠᠴᠢᠯᠠᠵᠤ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠲᠦᠷᠦᠭᠦᠯᠡᠨ ᠤᠯᠠᠭᠠᠨᠬᠠᠳᠠ ᠳᠤ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠵᠦ᠂ ᠦᠨᠡᠨ ᠬᠦ ᠲᠤᠰ ᠬᠤᠲᠠ ᠠᠴᠠ ᠪᠠᠨ ᠭᠠᠷᠬᠤ ᠴᠢᠬᠤᠯᠠ ᠲᠠᠢ ᠪᠤᠯ ᠳᠤᠬᠠᠢ ᠶᠢᠨ ᠨᠢᠭᠡᠴᠢ ᠳᠤ ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠤᠲᠠ ᠶᠢᠨ ᠠᠷᠠᠳ ᠣᠯᠠᠨ ᠤ ᠶᠠᠪᠤᠵᠤ ᠰᠠᠭᠤᠬᠤ ᠪᠠᠨ ᠪᠠᠭᠠᠰᠬᠠᠬᠤ ᠶᠢ ᠰᠠᠨᠠᠭᠠᠴᠢᠯᠠᠵᠤ᠂ ᠬᠢᠯᠢ ᠶᠢᠨ ᠭᠠᠳᠠᠨ᠎ᠠ ᠭᠠᠷᠬᠤ ᠵᠢᠴᠢ ᠤᠯᠤᠰ ᠤᠨ ᠬᠥᠳᠡᠯᠦᠩᠭᠦᠶ ᠲᠣᠬᠢᠷᠠᠭᠤᠯᠤᠯᠲᠠ ᠬᠢᠬᠦ ᠴᠢᠬᠤᠯᠠᠲᠠᠶ ᠦᠶᠡᠰ᠂ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠴᠢᠬᠤᠯᠠᠲᠠᠶ ᠪᠤᠯ᠂ ᠤᠯᠠᠭᠠᠨᠬᠠᠳᠠ ᠠᠴᠠ ᠰᠠᠯᠬᠤ ᠠᠴᠠ ᠡᠮᠦᠨ᠎ᠡ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠠᠨ ᠪᠦᠷᠢᠳᠬᠡᠨ ᠳᠠᠩᠰᠠᠯᠠᠭᠤᠯᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠪᠥᠬᠦ ᠶᠠᠪᠤᠴᠠ ᠳᠤ ᠰᠠᠶᠢᠲᠤᠷ ᠬᠢᠵᠦ᠂ ᠤᠯᠠᠭᠠᠨᠬᠠᠳᠠ ᠳᠤ ᠪᠤᠴᠠᠭᠰᠠᠨ ᠤ ᠳᠠᠷᠠᠭ᠎ᠠ ᠲᠡᠷᠡ ᠳᠠᠷᠤᠶ ᠳᠤ ᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠤᠬᠠᠮᠰᠠᠷ ᠠᠴᠠ ᠪᠠᠨ ᠬᠠᠮᠢᠶ᠎ᠠ ᠪᠦᠬᠦᠢ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃                              2021 ᠤᠨ ᠤ 1 ᠰᠠᠷ᠎ᠠ ᠶᠢᠨ 7 ᠤ ᠡᠳᠤᠷ
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号