ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ ᠵᠡᠷᠭᠡ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/1/29
       1 ᠳ᠋ᠦ᠋ᠭᠡᠷ ᠰᠠᠷ᠎ᠠ ᠶᠢᠨ 20 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ ᠲᠤᠬᠠᠶ ᠪᠠᠶᠢᠷᠢᠯᠠᠭᠤᠯᠵᠤ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠵᠣᠬᠢᠰ ᠥᠬᠡᠶ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃        ᠬᠤᠷᠠᠯ ᠠᠴᠠ᠂ ᠥᠷᠭᠡᠨ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠬᠦᠴᠦᠨ ᠴᠢᠳᠠᠯ ᠤᠨ ᠡᠬᠢ ᠰᠤᠷᠪᠤᠯᠵᠢ ᠪᠠᠶᠢᠵᠤ᠂ ᠲᠦᠮᠡᠨ ᠤᠯᠠᠨ ᠤ ᠠᠰᠢᠭ ᠲᠤᠰᠠ ᠳᠤ ᠰᠢᠭᠤᠳ ᠬᠤᠯᠪᠣᠭᠳᠠᠵᠤ ᠪᠠᠶᠢᠳᠠᠭ᠃ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠪᠠ ᠦᠢᠯᠡᠴᠢᠯᠡᠬᠦ ᠲᠣᠭᠤᠷᠢᠨ ᠳᠤ᠂ ᠤᠯᠠᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠲᠡᠳᠡᠨ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠵᠤᠬᠢᠰ ᠦᠭᠡᠢ ᠳᠠᠷᠤᠭᠠᠰᠤ ᠶᠢ ᠨᠢ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠢ ᠶᠡᠭᠡ ᠪᠠᠷ ᠴᠡᠭᠴᠡᠯᠡᠨ ᠳᠦᠷᠢᠮᠵᠢᠬᠦᠯᠵᠦ᠂ ᠲᠥᠪ ᠠᠴᠠ ᠲᠣᠬᠢᠷᠠᠭᠤᠯᠤᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠲᠤᠰ ᠲᠤᠰ 70% ᠪᠠ 30% ᠠᠴᠠ ᠢᠯᠡᠬᠦᠦ ᠬᠡᠮᠵᠢᠶ᠎ᠡ ᠪᠠᠷ ᠬᠠᠰᠤᠵᠤ᠂ ᠡᠯ᠎ᠡ ᠭᠠᠵᠠᠷ ᠤᠨ ᠬᠢᠨ ᠴᠦ ᠰᠦᠢᠳᠬᠡᠯ ᠬᠤᠷᠢᠶᠠᠬᠤ ᠨᠢᠭᠡ ᠪᠦᠯᠦᠭ ᠲᠥᠷᠥᠯ ᠵᠦᠢᠯ ᠢ ᠬᠦᠴᠦᠨ ᠦᠭᠡᠶ ᠪᠣᠯᠭᠠᠪᠠ᠃ ᠢᠯᠠᠩᠭᠤᠶ᠎ᠠ ᠨᠢᠳᠤᠨᠤᠨ ᠤ ᠨᠡᠶᠢᠲᠡᠯᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠪᠡ ᠭᠡᠵᠡᠢ᠃          ᠬᠤᠷᠠᠯ ᠠᠴᠠ᠂ ᠣᠳᠣᠬᠠᠨ ᠳᠤ ᠬᠢᠵᠢᠭ ᠤᠨ ᠪᠠᠶᠢᠳᠠᠯ ᠪᠣᠯᠤᠨ ᠠᠵᠤ ᠠᠬᠤᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠮᠥᠨ ᠬᠦ ᠴᠥᠭᠡᠨ ᠪᠤᠰᠤ ᠬᠦᠴᠢᠷᠳᠡᠯ ᠲᠤᠯᠭᠠᠷᠠᠵᠤ᠂ ᠦᠩᠭᠡᠨ ᠲᠠᠯ᠎ᠠ ᠪᠠ ᠦᠨᠳᠦᠰᠦ ᠶᠢ ᠨᠢ ᠵᠡᠷᠭᠡ ᠪᠠᠷ ᠵᠠᠰᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠦᠷᠭᠦᠯᠵᠢᠯᠡᠨ ᠵᠠᠰᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠢᠭᠡ ᠳᠤ᠂ ᠪᠦᠬᠦ ᠤᠯᠤᠰ ᠲᠤ ᠠᠵᠤ ᠠᠬᠤᠶᠢᠯᠠᠯ ᠳᠤ ᠬᠤᠯᠪᠣᠭᠳᠠᠬᠤ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠪᠠᠶᠢᠳᠠᠯ ᠳᠤ ᠲᠤᠰᠬᠠᠶ ᠵᠦᠢᠯ ᠤᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠰᠦᠢᠳᠬᠡᠯ ᠬᠤᠷᠢᠶᠠᠬᠤ ᠲᠥᠷᠥᠯ ᠵᠦᠢᠯ ᠢ ᠳᠤᠷ᠎ᠠ ᠪᠠᠷ ᠲᠣᠬᠢᠷᠠᠭᠤᠯᠬᠤ᠂ ᠲᠠᠲᠠᠪᠤᠷᠢᠯᠠᠬᠤ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠠᠲᠠᠪᠤᠷᠢᠯᠠᠬᠤ ᠬᠡᠪᠴᠢᠶ᠎ᠡ ᠪᠠᠨ ᠥᠷᠭᠡᠳᠬᠡᠬᠦ᠂ ᠳᠤᠷ᠎ᠠ ᠪᠠᠷ ᠲᠡᠰᠬᠡᠬᠦ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠲᠤᠰᠬᠠᠯ ᠴᠢᠩᠭ᠎ᠠ᠂ ᠨᠡᠶᠢᠭᠡᠮ ᠳᠤ ᠮᠠᠭᠤ ᠨᠥᠯᠥᠭᠡ ᠪᠦᠬᠦᠢ ᠳᠤᠷ᠎ᠠ ᠪᠠᠷ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠢᠯᠡᠴᠢᠯᠡᠬᠦ ᠬᠡᠷᠡᠭᠲᠡᠶ᠃ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠨ ᠤ ᠡᠪᠯᠡᠯ ᠤᠨ ᠰᠦᠢᠳᠬᠡᠯ ᠬᠤᠷᠢᠶᠠᠬᠤ ᠠᠵᠢᠯᠯᠠᠭ᠎ᠠ ᠳᠤ ᠥᠪᠡᠰᠦᠪᠡᠨ ᠪᠠᠶᠢᠴᠠᠭᠠᠵᠤ ᠰᠤᠭᠤᠴᠢᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠵᠠᠮ ᠬᠠᠷᠢᠯᠴᠠᠭ᠎ᠠ᠂ ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢ ᠳᠦᠷᠢᠮᠵᠢᠬᠦᠯᠵᠦ᠂ ᠲᠠᠰᠤᠯᠤᠯᠲᠠ ᠬᠢᠬᠦ ᠰᠠᠭᠤᠷᠢ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠬᠥᠩᠭᠡᠪᠲᠦᠷ ᠬᠡᠷᠡᠭ᠂ ᠵᠠᠮ ᠬᠠᠷᠢᠯᠴᠠᠭᠠᠨ ᠤ ᠬᠠᠤᠯᠢ ᠠᠴᠠ ᠠᠩᠬ᠎ᠠ ᠤᠳᠠᠭ᠎ᠠ ᠵᠥᠷᠢᠴᠡᠭᠰᠡᠨ᠂ ᠰᠠᠨᠠᠮᠰᠠᠷ ᠦᠭᠡᠢ ᠵᠥᠷᠢᠴᠡᠭᠰᠡᠨ ᠵᠡᠷᠭᠡ ᠬᠡᠷᠡᠭ ᠲᠤ ᠴᠢᠳᠠᠬᠤ ᠳᠠᠭᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠠᠪᠴᠤ᠂ ᠵᠣᠭᠤᠰ ᠢᠶᠠᠷ ᠲᠣᠷᠭᠠᠬᠤ ᠶᠢ ᠪᠣᠯᠭᠤᠮᠵᠢᠲᠠᠶ ᠬᠡᠷᠡᠭᠯᠡᠬᠦ ᠪᠤᠶᠤ ᠬᠡᠷᠡᠭᠯᠡᠬᠦ ᠥᠬᠡᠶ ᠪᠠᠶᠢᠵᠤ᠂ ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠬᠦᠷᠢᠶᠡᠨ ᠳᠤ ︽ᠠᠩᠬ᠎ᠠ ᠤᠳᠠᠭ᠎ᠠ ᠵᠥᠷᠢᠴᠡᠭᠰᠡᠨ ᠪᠣᠯ ᠲᠣᠷᠭᠠᠬᠤ ᠥᠬᠡᠶ︾ ᠨᠠᠷᠢᠨ ᠬᠠᠭᠤᠳᠠᠰᠤ ᠶᠢᠨ ᠲᠦᠷᠢᠮ ᠢ ᠰᠤᠳᠤᠯᠤᠨ ᠳᠡᠯᠭᠡᠷᠡᠭᠦᠯᠬᠦ ᠬᠡᠷᠡᠭᠲᠡᠢ᠃ ᠲᠣᠷᠭᠠᠵᠤ ᠬᠤᠷᠢᠶᠠᠬᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠲᠣᠷᠭᠠᠵᠤ ᠬᠤᠷᠢᠶᠠᠭᠰᠠᠨ ᠪᠦᠬᠦ ᠣᠷᠣᠯᠭ᠎ᠠ ᠶᠢ ᠤᠯᠤᠰ ᠤᠨ ᠬᠥᠮᠥᠷᠭᠡ ᠳᠤ ᠲᠤᠰᠢᠶᠠᠵᠤ᠂ ︽ᠣᠷᠣᠯᠭ᠎ᠠ ᠵᠠᠷᠤᠯᠭ᠎ᠠ ᠶᠢ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠲᠠᠢ ᠬᠦᠷᠢᠶᠡᠨ ᠤ ᠰᠦᠢᠳᠬᠡᠯ ᠬᠤᠷᠢᠶᠠᠬᠤ ᠶᠢ ᠦᠷᠭᠦᠯᠵᠢᠯᠡᠨ ᠴᠡᠭᠴᠡᠯᠡᠨ ᠳᠦᠷᠢᠮᠵᠢᠬᠦᠯᠦᠨ᠎ᠡ᠃ ᠠᠵᠤ ᠠᠬᠤᠶᠢᠯᠠᠯ ᠠᠴᠠ ᠰᠦᠢᠳᠬᠡᠯ ᠬᠤᠷᠢᠶᠠᠬᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢ ᠰᠢᠨ᠎ᠡ ᠪᠠᠷ ᠲᠣᠬᠢᠷᠠᠭᠤᠯᠬᠤ ᠳᠤ ᠡᠷᠬᠡᠪᠰᠢ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠵᠤ᠂ ᠬᠤᠭᠤᠴᠠᠭ᠎ᠠ ᠨᠢ ᠲᠤᠯᠤᠭᠰᠠᠨ ᠰᠠᠭᠤᠷᠢ ᠮᠥᠩᠭᠦ ᠶᠢ ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠴᠥᠮ ᠬᠦᠴᠦᠨ ᠦᠭᠡᠢ ᠪᠣᠯᠭᠠᠵᠤ ᠂ ᠲᠦᠷ ᠴᠠᠭ ᠬᠦᠴᠦᠨ ᠦᠭᠡᠢ ᠪᠣᠯᠭᠠᠬᠤ ᠳᠤ ᠪᠡᠷᠬᠡᠲᠡᠢ ᠶᠢ ᠨᠢ ᠲᠠᠲᠠᠪᠤᠷᠢᠯᠠᠬᠤ ᠪᠠᠷᠢᠮᠵᠢᠶ᠎ᠠ ᠶᠢ ᠨᠢ ᠪᠠᠭᠤᠷᠠᠭᠤᠯᠬᠤ ᠬᠡᠷᠡᠭᠲᠡᠢ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠢᠯᠡᠷᠬᠡᠶ ᠥᠨᠳᠥᠷ ᠪᠠᠶᠢᠭ᠎ᠠ ᠳᠤᠨᠢ ᠪᠠᠷᠢᠮᠵᠢᠶ᠎ᠠ ᠶᠢ ᠪᠠᠭᠤᠷᠠᠭᠤᠯᠬᠤ ᠠᠷᠭ᠎ᠠ ᠬᠡᠮᠵᠢᠶ᠎ᠡ ᠠᠪᠴᠤ᠂ ᠡᠩ ᠤᠨ ᠴᠢᠨᠠᠷᠲᠠᠶ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠬᠠᠷᠠᠭᠤᠯᠤᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠶ ᠪᠣᠯᠭᠠᠬᠤ ᠬᠡᠷᠡᠭᠲᠡᠶ᠃ ᠳᠥᠷᠪᠡ ᠳᠤ᠂ ᠳᠠᠯᠠᠢ ᠶᠢᠨ ᠲᠡᠭᠡᠭᠡᠪᠦᠷᠢ ᠪᠠ ᠪᠣᠭᠤᠮᠲᠠ ᠶᠢᠨ ᠰᠦᠢᠳᠬᠡᠯ ᠬᠤᠷᠢᠶᠠᠬᠤ ᠬᠢᠨᠠᠠ ᠬᠠᠮᠢᠶᠠᠷᠤᠯᠲᠠ ᠶᠢ ᠴᠢᠩᠭᠠᠳᠬᠠᠵᠤ᠂ ᠪᠣᠭᠤᠮᠲᠠ ᠳᠤ ᠮᠡᠳᠡᠭᠦᠯᠬᠦ᠂ ᠪᠠᠷᠠᠭ᠎ᠠ ᠶᠢᠨ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠪᠠᠷᠠᠭ᠎ᠠ ᠠᠴᠢᠶᠠᠯᠠᠵᠤ ᠪᠠᠭᠤᠯᠭᠠᠬᠤ ᠵᠡᠷᠭᠡ ᠭᠤᠭᠴᠤᠭ᠎ᠠ ᠶᠢᠨ ᠠᠯᠪᠠᠳᠠᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠦᠨ᠎ᠡ ᠬᠠᠩᠰᠢ ᠶᠢ ᠢᠯᠡ ᠬᠠᠳᠠᠭᠰᠠᠨ ᠨᠢ ᠳᠦᠷᠢᠮᠵᠢᠯ ᠦᠭᠡᠢ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠤ ᠳᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠭᠬᠦ ᠵᠡᠷᠭᠡ ᠲᠠᠯ᠎ᠠ ᠶᠢᠨ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ᠂ ᠵᠦᠢ ᠵᠣᠬᠢᠰ ᠦᠭᠡᠶ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠭᠬᠦ ᠵᠦᠢᠯᠡᠰ ᠲᠤ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ ᠪᠣᠯᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠢ ᠳᠦᠷᠢᠮ ᠤᠨ ᠲᠠᠯ᠎ᠠ ᠠᠴᠠ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠡᠢ᠃        ᠬᠤᠷᠠᠯ ᠠᠴᠠ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠬᠡᠯ ᠢ ᠬᠡᠪ ᠢᠶᠠᠷ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠵᠦ᠂ ᠲᠡᠦᠬᠡᠨ ᠠᠴᠠ ᠥᠷᠢᠲᠦᠵᠦ ᠪᠠᠶᠢᠭᠰᠠᠨ ᠰᠦᠢᠳᠬᠡᠯ ᠢ ᠥᠪᠡᠰᠦᠪᠡᠨ ᠲᠥᠪᠯᠡᠷᠡᠭᠦᠯᠵᠦ ᠪᠠᠶᠢᠭᠠᠳ ᠢᠯᠭᠠᠨ ᠲᠤᠰᠢᠶᠠᠵᠤ ᠪᠣᠯᠬᠤ ᠥᠬᠡᠶ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠬᠤ ᠡᠭᠦᠷᠭᠡ ᠲᠤᠰᠢᠶᠠᠯ ᠢ ᠬᠤᠪᠢᠶᠠᠷᠢᠯᠠᠨ ᠰᠢᠯᠵᠢᠭᠦᠯᠦᠭᠰᠡᠨ ᠠᠴᠠ ᠪᠣᠯᠵᠤ ᠠᠵᠤ ᠠᠬᠤᠶᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠰᠦᠢᠳᠬᠡᠯ ᠲᠤᠰᠢᠶᠠᠬᠤ ᠳᠠᠷᠤᠭᠠᠰᠤ ᠶᠢ ᠨᠡᠮᠡᠭᠳᠡᠭᠦᠯᠵᠦ ᠪᠣᠯᠬᠤ ᠥᠬᠡᠶ᠃ ᠡᠨᠡ ᠵᠢᠯ ᠪᠤᠢ ᠪᠦᠬᠦᠢ ᠮᠤᠵᠢ ᠣᠷᠣᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ︽ᠥᠯᠥ ᠬᠦᠷᠦᠯᠴᠡᠬᠦ ᠬᠡᠯᠪᠡᠷᠢ︾ ᠶᠢᠨ ᠦᠢᠯᠡᠴᠢᠯᠡᠬᠡᠨ ᠤ ᠬᠡᠪᠴᠢᠶ᠎ᠡ ᠶᠢ ᠥᠷᠭᠡᠳᠬᠡᠵᠦ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠦᠨᠳᠦᠰᠦᠨ ᠳᠡᠭᠡᠨ ᠰᠦᠯᠵᠢᠶ᠎ᠡ ᠪᠠᠷ ᠭᠦᠢᠴᠡᠳᠬᠡᠵᠦ ᠴᠢᠳᠠᠬᠤ ᠶᠢ ᠪᠡᠶᠡᠯᠡᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠦᠨᠳᠦᠰᠦᠨ ᠳᠡᠭᠡᠨ ︽ᠭᠠᠷ ᠣᠳᠠᠰᠣ ᠪᠠᠷ ᠬᠦᠢᠴᠡᠳᠬᠡᠬᠦ︾ ᠶᠢ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠰᠢᠨᠡᠴᠢᠯᠡᠵᠦ᠂ ᠨᠠᠰᠤᠲᠠᠶᠢᠴᠤᠳ᠂ ᠬᠦᠨᠳᠦ ᠵᠡᠮᠳᠡᠭᠴᠦᠳ ᠵᠡᠷᠭᠡ ᠣᠨᠴᠣᠭᠤᠢ ᠬᠥᠮᠦᠰ ᠤᠨ ᠰᠦᠢᠳᠬᠡᠯ ᠲᠤᠰᠢᠶᠠᠬᠤ ᠳᠤ ᠰᠠᠭᠠᠳ ᠥᠬᠡᠶ ᠪᠥᠭᠡᠳ ᠳᠥᠭᠦᠮ ᠳᠥᠲᠡ ᠪᠠᠶᠢᠯᠭᠠᠬᠤ ᠶᠢ ᠬᠦᠢᠴᠡᠳ ᠪᠠᠲᠤᠯᠠᠬᠤ ᠬᠡᠷᠡᠭᠲᠡᠢ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠭᠰᠠᠨ ᠪᠠᠶᠢᠳᠠᠯ ᠢ ᠬᠢᠨᠠᠨ ᠰᠢᠨᠵᠢᠯᠡᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠠᠰᠠᠭᠤᠳᠠᠯ ᠢ ᠰᠡᠷᠡᠵᠦ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠬᠢᠨᠠᠠ ᠪᠠᠶᠢᠴᠠᠭᠠᠯᠲᠠ ᠪᠠᠨ ᠴᠢᠩᠭᠠᠷᠠᠭᠤᠯᠵᠤ᠂ ᠲᠦᠷᠢᠮ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠰᠠᠬᠢᠯᠭ᠎ᠠ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号