| ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ | 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠵᠤ᠂ ᠰᠢᠨ᠎ᠡ ᠵᠢᠯ ᠴᠠᠭᠠᠨ ᠰᠠᠷ᠎ᠠ ᠶᠢᠨ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ | ᠭᠠᠮᠰᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ | ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ︔ ᠡᠮ ᠤᠨ ᠵᠦᠢᠯ ᠢ | ᠲᠥᠪᠯᠡᠷᠡᠭᠦᠯᠦᠨ ᠬᠡᠮᠵᠢᠶ᠎ᠡ ᠶᠢ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ ᠦᠵᠡᠭᠦᠯᠬᠦ | ᠳᠠᠷᠤᠭᠠᠰᠤ ᠶᠢ ᠬᠥᠩᠭᠡᠷᠡᠭᠦᠯᠬᠦ ᠲᠤᠬᠠᠶ ᠪᠠᠶᠢᠷᠢᠯᠠᠭᠤᠯᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠬᠥᠮᠦᠰ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ | ᠰᠠᠶᠢᠲᠤᠷ ᠬᠢᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ ᠠᠮᠢᠳᠤᠷᠠᠯ ᠪᠣᠯᠤᠨ ᠦᠨ᠎ᠡ ᠬᠠᠩᠰᠢ ᠶᠢᠨ | ᠨᠥᠬᠦᠪᠥᠷᠢ ᠶᠢ ᠨᠡᠮᠡᠨ ᠣᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠴᠠᠭᠠᠨ ᠰᠠᠷ᠎ᠠ ᠣᠶᠢᠷᠠᠲᠤᠭᠰᠠᠨ ᠲᠤᠯᠠ᠂ ᠠᠪᠤᠷᠠᠨ ᠲᠤᠰᠠᠯᠠᠵᠤ | ᠪᠠᠲᠤᠯᠠᠬᠤ ᠴᠢᠬᠤᠯᠠᠲᠠᠢ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ | ᠠᠯᠬᠤᠮ ᠣᠨᠣᠪᠴᠢᠲᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠭᠦᠢᠴᠡᠳ | ᠪᠠᠶᠢᠯᠭᠠᠬᠤ ᠪᠠ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠬᠤ | ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠲᠣᠭᠲᠠᠴᠠ ᠶᠢ | ᠡᠬᠢᠯᠡᠭᠦᠯᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ ᠬᠤᠯᠪᠣᠭᠳᠠᠯ ᠪᠦᠬᠦᠢ ᠨᠥᠬᠦᠪᠥᠷᠢ ᠶᠢ ᠴᠠᠭ ᠲᠤᠬᠠᠢ ᠳᠤᠨᠢ | ᠣᠯᠭᠤᠵᠤ᠂ ᠦᠨᠳᠦᠰᠦᠨ ᠠᠮᠢᠳᠤᠷᠠᠯ ᠢ ᠨᠢ ᠰᠠᠶᠢᠲᠤᠷ ᠪᠠᠲᠤᠯᠠᠬᠤ ᠬᠡᠷᠡᠭᠲᠡᠢ᠃ ᠬᠤᠶᠠᠷ ᠲᠤ᠂ ᠨᠢᠭᠡᠨᠲᠡ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ ᠬᠦᠴᠢᠷᠳᠡᠯ ᠤᠨ ᠵᠠᠭᠠᠭ ᠤᠨ ᠬᠥᠮᠦᠨ ᠠᠮᠠ ᠶᠢ | ᠬᠢᠨᠠᠨ ᠰᠢᠨᠵᠢᠯᠡᠵᠦ ᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢ | ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠡᠯ᠎ᠡ ᠭᠠᠵᠠᠷ ᠪᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠤᠬᠠᠶ ᠶᠢᠨ ᠭᠠᠵᠠᠷ ᠲᠠᠭᠠᠨ ᠦᠯᠡᠳᠡᠭᠰᠡᠨ ᠬᠥᠯᠥᠰᠥᠨ | ᠠᠵᠢᠯᠴᠢᠨ ᠪᠠ ᠰᠤᠷᠭᠠᠭᠤᠯᠢ ᠳᠠᠭᠠᠨ ᠦᠯᠡᠳᠡᠭᠰᠡᠨ ᠰᠤᠷᠤᠭᠴᠢᠳ ᠤᠨ ᠠᠮᠢᠳᠤᠷᠠᠯ ᠤᠨ ᠬᠤᠯᠪᠣᠭᠳᠠᠯ ᠪᠦᠬᠦᠢ | ᠲᠣᠬᠢᠷᠠᠭᠤᠯᠤᠯᠲᠠ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠪᠠ | ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ ᠳᠥᠷᠪᠡ ᠳᠤ᠂ | ᠪᠠᠶᠢᠳᠠᠯ ᠢ ᠣᠶᠢᠯᠠᠭᠠᠵᠤ ᠢᠯᠭᠠᠨ ᠪᠠᠶᠢᠴᠠᠭᠠᠵᠤ᠂ ᠥᠨᠥᠴᠢᠨ ᠬᠡᠦᠬᠡᠳ᠂ ᠵᠡᠮᠳᠡᠭᠴᠦᠳ᠂ ᠮᠡᠳᠡᠷᠡᠯ ᠤᠨ ᠡᠪᠡᠳᠴᠢᠲᠡᠨ | ᠵᠡᠷᠭᠡ ᠶᠠᠳᠠᠭᠤ ᠬᠦᠴᠢᠷᠳᠡᠯᠲᠡᠶ ᠣᠨᠴᠣᠭᠤᠢ ᠬᠥᠮᠦᠰ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ | ᠰᠢᠢᠳᠪᠦᠷᠢᠯᠡᠵᠦ᠂ ᠲᠦᠷ ᠴᠠᠭ ᠤᠨ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠢ ᠴᠢᠭᠯᠡᠯᠲᠦ ᠴᠢᠨᠠᠷᠲᠠᠶ ᠪᠠᠷ | ᠬᠠᠪᠰᠤᠷᠤᠨ ᠲᠡᠳᠬᠦᠬᠦ ᠬᠡᠷᠡᠭᠲᠡᠶ᠃ ᠲᠠᠪᠤ ᠳᠤ᠂ ᠦᠶᠡᠷ ᠤᠰᠤᠲᠤᠯ ᠳᠤ ᠭᠠᠮᠰᠢᠭᠳᠠᠭᠰᠠᠨ ᠣᠯᠠᠨ ᠲᠦᠮᠡᠨ | ᠢᠯᠠᠩᠭᠤᠶ᠎ᠠ ᠲᠦᠷ ᠴᠠᠭ ᠲᠥᠪᠬᠢᠨᠡᠭᠦᠯᠦᠭᠰᠡᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ | ᠬᠡᠷᠡᠭᠲᠡᠶ᠃ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠳᠡᠳᠬᠦᠬᠦ᠂ ᠠᠷᠠᠳ ᠤᠨ ᠠᠮᠢᠳᠤᠷᠠᠯ ᠢ ᠪᠠᠲᠤᠯᠠᠬᠤ | ᠲᠣᠭᠤᠷᠢᠨ ᠳᠤ᠂ ᠲᠥᠪ ᠤᠨ ᠡᠳ᠋ ᠤᠨ ᠵᠠᠰᠠᠭ ᠠᠴᠠ ᠤᠷᠢᠳᠴᠢᠯᠠᠨ ᠪᠠᠭᠤᠯᠭᠠᠭᠰᠠᠨ 1000 ᠳ᠋ᠦᠩᠰᠢᠭᠤᠷ | ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠬᠢᠨᠠᠠ | ᠬᠠᠮᠢᠶᠠᠷᠤᠯᠲᠠ ᠪᠠᠨ ᠴᠢᠩᠭᠠᠳᠬᠠᠨ᠂ ᠨᠡᠭᠦᠯᠭᠡᠨ ᠬᠡᠷᠡᠭᠯᠡᠬᠦ ᠠᠴᠠ ᠰᠡᠷᠭᠡᠶᠢᠯᠡᠬᠦ ᠬᠡᠷᠡᠭᠲᠡᠢ᠃ ᠣᠷᠣᠨ ᠨᠤᠲᠤᠭ ᠤᠨ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ᠂ ᠠᠷᠠᠳ ᠤᠨ ᠠᠮᠢᠳᠤᠷᠠᠯ ᠢ | ᠪᠠᠲᠤᠯᠠᠬᠤ ᠪᠡᠯᠡ ᠮᠥᠩᠭᠦ ᠶᠢ ᠭᠦᠢᠴᠡᠳ ᠬᠡᠮᠵᠢᠶ᠎ᠡ ᠪᠠᠷ ᠣᠷᠣᠭᠤᠯᠵᠤ᠂ ᠪᠡᠯᠡ ᠮᠥᠩᠭᠦ ᠶᠢ ᠰᠢᠭᠤᠳ ᠬᠦᠷᠭᠡᠬᠦ | ᠱᠠᠭᠠᠷᠳᠠᠯᠭ᠎ᠠ ᠶᠣᠰᠣᠭᠠᠷ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ ᠲᠦᠮᠡᠨ ᠳᠤ ᠴᠠᠭ | ᠲᠤᠬᠠᠢ ᠳᠤᠨᠢ ᠭᠦᠢᠴᠡᠳ ᠣᠯᠭᠤᠬᠤ ᠬᠡᠷᠡᠭᠲᠡᠢ ᠭᠡᠵᠡᠢ᠃ | ᠬᠤᠷᠠᠯ ᠠᠴᠠ᠂ ᠣᠳᠣᠬᠠᠨ ᠤ ᠬᠡᠰᠡᠭ ᠭᠠᠵᠠᠷ ᠤᠨ ᠴᠣᠭᠯᠠᠷᠠᠭᠰᠠᠨ ᠠᠴᠠ ᠪᠣᠯᠵᠦ ᠬᠠᠯᠳᠠᠪᠣᠷᠢᠯᠠᠭᠰᠠᠨ | ᠬᠢᠵᠢᠭ ᠤᠨ ᠪᠠᠶᠢᠳᠠᠯ ᠳᠤ ᠴᠢᠭᠯᠡᠭᠦᠯᠦᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢ ᠬᠠᠮᠳᠣ ᠳᠤᠨᠢ ᠠᠬᠢᠭᠤᠯᠵᠤ᠂ | ᠠᠮᠤ ᠪᠤᠳᠠᠭ᠎ᠠ ᠭᠤᠯᠢᠷ ᠲᠣᠰᠣ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠵᠡᠷᠭᠡ ᠠᠮᠢᠳᠤᠷᠠᠯ ᠤᠨ ᠡᠳ᠋ | ᠪᠣᠳᠠᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠪᠠᠲᠤᠯᠠᠵᠤ᠂ ᠣᠯᠠᠨ ᠲᠦᠮᠡᠨ ᠢ ᠰᠡᠳᠬᠢᠯ ᠠᠮᠤᠷ | ᠰᠢᠨᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠷᠡᠭᠦᠯ ᠮᠡᠨᠳᠦ ᠪᠣᠯ ᠠᠷᠠᠳ ᠤᠯᠠᠨ ᠤ ᠠᠮᠢ ᠪᠡᠶ᠎ᠡ ᠳᠤ ᠬᠤᠯᠪᠣᠭᠳᠠᠭᠰᠠᠨ ᠶᠡᠭᠡ ᠶᠠᠪᠤᠳᠠᠯ | ᠮᠥᠨ᠃ ᠡᠪᠡᠳᠴᠢᠨ ᠦᠵᠡᠭᠦᠯᠬᠦ ᠳᠤ ᠦᠨ᠎ᠡ ᠲᠥᠯᠥᠪᠦᠷᠢ ᠶᠡᠭᠡ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ | ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ ᠤᠯᠤᠰ ᠠᠴᠠ ᠡᠮ ᠤᠨ ᠵᠦᠢᠯ ᠢ ᠲᠥᠪᠯᠡᠷᠡᠭᠦᠯᠵᠦ | ᠬᠡᠮᠵᠢᠶ᠎ᠡ ᠶᠢ ᠲᠣᠭᠲᠠᠭᠠᠨ ᠬᠤᠳᠠᠯᠳᠤᠨ ᠠᠪᠬᠤ ᠪᠠ ᠬᠡᠷᠡᠭᠯᠡᠬᠦ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠵᠤ᠂ | ᠨᠢᠳᠤᠨᠤᠨ ᠤ ᠵᠢᠯ ᠤᠨ ᠰᠡᠭᠦᠯᠴᠢ ᠪᠣᠯᠲᠠᠯ᠎ᠠ ᠨᠢᠭᠡᠨᠲᠡ ᠭᠤᠷᠪᠠᠨ ᠪᠦᠯᠦᠭ ᠢ ᠲᠥᠪᠯᠡᠷᠡᠭᠦᠯᠦᠨ ᠬᠤᠳᠠᠯᠳᠤᠨ ᠠᠪᠴᠤ᠂ | ᠬᠠᠮᠤᠷᠤᠭᠰᠠᠨ ᠡᠮ ᠤᠨ ᠵᠦᠢᠯ ᠤᠨ ᠦᠨ᠎ᠡ ᠶᠢ ᠳᠤᠮᠳᠠᠴᠢ ᠪᠠᠷ 54% ᠪᠠᠷ ᠪᠠᠭᠤᠷᠠᠭᠤᠯᠵᠤ᠂ ᠵᠢᠯ ᠪᠦᠷᠢ 530 | ᠭᠠᠷᠤᠶ ᠳ᠋ᠦᠩᠰᠢᠭᠤᠷ ᠲᠥᠭᠦᠷᠢᠭ ᠤᠨ ᠵᠠᠷᠤᠳᠠᠯ ᠢ ᠠᠷᠪᠢᠯᠠᠵᠤ᠂ ᠲᠦᠭ ᠲᠦᠮᠡᠨ ᠡᠪᠡᠳᠴᠢᠲᠡᠨ ᠳᠤ ᠠᠰᠢᠭ | ᠬᠦᠷᠲᠡᠭᠡᠪᠡ᠃ ᠣᠶᠢᠷ᠎ᠠ ᠳᠤ ᠪᠠᠰᠠ ᠳᠥᠷᠪᠡᠳᠦᠭᠡᠷ ᠪᠦᠯᠦᠭ ᠢ ᠲᠥᠪᠯᠡᠷᠡᠭᠦᠯᠵᠦ ᠬᠤᠳᠠᠯᠳᠤᠨ ᠠᠪᠬᠤ ᠠᠵᠢᠯ ᠢ | ᠥᠷᠨᠢᠭᠦᠯᠬᠦ ᠶᠢᠨ ᠬᠠᠮᠲᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ | ᠬᠡᠪᠴᠢᠶ᠎ᠡ ᠶᠢ ᠥᠷᠭᠡᠳᠬᠡᠨ᠎ᠡ ᠭᠡᠵᠡᠢ᠃ | ᠬᠤᠷᠠᠯ ᠠᠴᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠪᠠᠶᠢᠷᠢᠯᠠᠭᠤᠯᠤᠯᠲᠠ ᠶᠣᠰᠣᠭᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠮ ᠤᠨ ᠵᠦᠢᠯ ᠢ ᠲᠥᠪᠯᠡᠷᠡᠭᠦᠯᠵᠦ ᠬᠤᠳᠠᠯᠳᠤᠨ ᠠᠪᠬᠤ ᠶᠢ | ᠬᠡᠪᠰᠢᠭᠦᠯᠦᠨ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠶ᠃ ᠨᠢᠭᠡ ᠳᠤ᠂ ᠦᠨᠳᠦᠰᠦᠨ ᠵᠦᠢᠯ ᠢ ᠪᠠᠲᠤᠯᠠᠬᠤ᠂ | ᠡᠮᠴᠢᠯᠡᠭᠡ ᠶᠢ ᠪᠠᠲᠤᠯᠠᠬᠤ ᠵᠠᠷᠴᠢᠮ ᠶᠣᠰᠣᠭᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ | ᠵᠦᠢᠯ ᠤᠨ ᠭᠠᠷᠴᠠᠭ ᠲᠠᠬᠢ ᠬᠡᠷᠡᠭᠯᠡᠬᠦ ᠬᠡᠮᠵᠢᠶ᠎ᠡ ᠪᠠᠷ ᠶᠡᠭᠡ᠂ ᠬᠤᠳᠠᠯᠳᠤᠨ ᠠᠪᠬᠤ ᠵᠣᠭᠤᠰ ᠤᠨ ᠲᠤᠭ᠎ᠠ ᠨᠢ ᠶᠡᠭᠡ | ᠡᠮ ᠤᠨ ᠵᠦᠢᠯ ᠢ ᠭᠤᠣᠯᠳᠠᠯᠭ᠎ᠠ ᠲᠠᠢ ᠪᠠᠷ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ᠂ ᠤᠯᠤᠰ ᠤᠨ | ᠳᠣᠲᠣᠭᠠᠳᠤ ᠶᠢᠨ ᠵᠠᠬ᠎ᠠ ᠳᠡᠯᠭᠡᠭᠦᠷ ᠲᠤ ᠭᠠᠷᠭᠠᠭᠰᠠᠨ ᠡᠮᠴᠢᠯᠡᠭᠡᠨ ᠳᠤ ᠵᠠᠪᠠᠯ ᠬᠡᠷᠡᠭᠰᠡᠬᠦ᠂ ᠶᠠᠰᠤ ᠴᠢᠨᠠᠷ ᠨᠢ | ᠨᠠᠶᠢᠳᠠᠪᠤᠷᠢᠲᠠᠶ ᠡᠯ᠎ᠡ ᠲᠥᠷᠥᠯ ᠤᠨ ᠡᠮ ᠪᠠ ᠬᠤᠷᠣᠭᠳᠠᠯ ᠮᠠᠲ᠋ᠧᠷᠢᠶᠠᠯ ᠢ ᠠᠯᠬᠤᠮ ᠠᠯᠬᠤᠮ ᠢᠶᠠᠷ ᠬᠠᠮᠢᠶᠠᠷᠤᠭᠤᠯᠬᠤ | ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠦᠬᠦᠨ ᠲᠥᠪᠯᠡᠷᠡᠭᠦᠯᠦᠨ ᠬᠤᠳᠠᠯᠳᠤᠨ | ᠠᠪᠬᠤ ᠳᠤ ᠣᠷᠣᠯᠴᠠᠬᠤ ᠬᠡᠷᠡᠭᠲᠡᠶ᠃ ᠬᠤᠪᠣᠷ ᠲᠣᠬᠢᠶᠠᠯᠳᠤᠬᠤ ᠡᠪᠡᠳᠴᠢᠨ ᠢ ᠵᠠᠰᠠᠬᠤ ︽ᠬᠤᠪᠣᠷ ᠨᠠᠨᠳᠢᠨ ᠡᠮ︾ ᠢ | ᠬᠤᠳᠠᠯᠳᠤᠨ ᠠᠪᠬᠤ ᠳᠤ ᠣᠨᠴᠣᠭᠤᠢ ᠲᠣᠬᠢᠷᠠᠭᠤᠯᠤᠯᠲᠠ ᠬᠢᠬᠦ ᠲᠤᠬᠠᠢ ᠰᠤᠳᠤᠯᠬᠤ ᠬᠡᠷᠡᠭᠲᠡᠢ᠃ ᠬᠤᠶᠠᠷ ᠲᠤ᠂ | ᠨᠥᠬᠦᠴᠡᠯ ᠳᠤ ᠨᠡᠶᠢᠴᠡᠬᠦ ᠳᠠᠭᠤᠷᠢᠶᠠᠮᠠᠯ ᠡᠮ᠂ ᠤᠤᠯ ᠤᠨ ᠨᠠᠶᠢᠷᠠᠯᠭ᠎ᠠ ᠡᠮ ᠪᠠ ᠬᠠᠷᠢᠴᠠᠭᠤᠯᠬᠤ ᠨᠠᠶᠢᠷᠠᠯᠭ᠎ᠠ ᠶᠢ ᠴᠥᠮ | ᠨᠡᠶᠢᠳᠡᠮ ᠬᠡᠷᠡᠭᠯᠡᠬᠦ ᠨᠡᠷ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠤᠯᠵᠤ᠂ ᠶᠠᠰᠤ ᠴᠢᠨᠠᠷ ᠪᠠ | ᠦᠨ᠎ᠡ ᠬᠠᠩᠰᠢ ᠶᠢᠨ ᠭᠤᠤᠯᠴᠢ ᠥᠷᠢᠰᠥᠯᠳᠦᠭᠡᠨ ᠢᠶᠠᠷ ᠳᠠᠮᠵᠢᠭᠤᠯᠤᠨ ᠰᠣᠩᠭᠤᠭᠳᠠᠭᠰᠠᠨ ᠠᠵᠤ ᠠᠬᠤᠶᠢᠯᠠᠯ ᠪᠠ | ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠢ ᠪᠣᠶ ᠪᠣᠯᠭᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠠᠴᠠ | ᠰᠣᠩᠭᠤᠭᠳᠠᠭᠰᠠᠨ ᠡᠮ ᠤᠨ ᠵᠦᠢᠯ ᠢ ᠡᠩ ᠲᠡᠷᠢᠭᠦᠨ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠬᠡᠷᠡᠭᠴᠡᠭᠡ | ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ ᠬᠡᠮᠵᠢᠶ᠎ᠡ ᠪᠠᠨ ᠠᠯᠢ ᠴᠢᠳᠠᠬᠤ ᠪᠠᠷ ᠳᠡᠭᠡᠭᠰᠢᠯᠡᠭᠦᠯᠬᠦ ᠬᠡᠷᠡᠭᠲᠡᠶ᠃ | ᠰᠣᠩᠭᠤᠭᠳᠠᠭᠰᠠᠨ ᠠᠵᠤ ᠠᠬᠤᠶᠢᠯᠠᠯ ᠠᠴᠠ ᠦᠨ᠎ᠡ ᠪᠠᠨ ᠪᠠᠭᠤᠷᠠᠭᠤᠯᠪᠠᠴᠤ ᠶᠠᠰᠤ ᠴᠢᠨᠠᠷ ᠢᠶᠠᠨ ᠪᠠᠭᠤᠷᠠᠭᠤᠯᠬᠤ ᠥᠬᠡᠶ | ᠂ ᠡᠮᠴᠢᠯᠡᠭᠡᠨ ᠤ ᠦᠷ᠎ᠡ ᠪᠦᠲᠦᠮᠵᠢ ᠶᠢ ᠪᠠᠭᠤᠷᠠᠭᠤᠯᠬᠤ ᠥᠬᠡᠶ ᠪᠠᠶᠢᠵᠤ᠂ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ | ᠰᠣᠩᠭᠤᠭᠳᠠᠭᠰᠠᠨ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ᠂ ᠬᠦᠢᠯᠬᠡᠬᠡ᠂ | ᠬᠡᠷᠡᠭᠯᠡᠯᠲᠡ ᠶᠢᠨ ᠪᠥᠬᠦ ᠬᠡᠯᠬᠢᠶᠡᠰᠦ ᠶᠢᠨ ᠳᠣᠬᠠᠢ ᠬᠢᠨᠠᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ | ᠂ ᠲᠥᠪᠯᠡᠷᠡᠭᠦᠯᠦᠨ ᠬᠤᠳᠠᠯᠳᠤᠨ ᠠᠪᠬᠤ ᠳᠠᠭᠠᠨ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ᠂ | ᠠᠵᠤ ᠠᠬᠤᠶᠢᠯᠠᠯ ᠤᠨ ᠵᠦᠶ ᠵᠣᠬᠢᠰᠲᠠᠶ ᠠᠰᠢᠭ ᠣᠷᠣᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠡᠮ ᠤᠨ ᠵᠦᠢᠯ᠂ | ᠬᠤᠷᠣᠭᠳᠠᠯ ᠮᠠᠲ᠋ᠧᠷᠢᠶᠠᠯ ᠤᠨ ᠠᠵᠢᠯ ᠲᠥᠷᠥᠯ ᠤᠨ ᠥᠷᠢᠰᠥᠯᠳᠦᠭᠡᠨ ᠤ ᠳᠤᠮᠳᠠ ᠲᠥᠪᠯᠡᠷᠡᠭᠦᠯᠬᠦ ᠬᠡᠮᠵᠢᠶ᠎ᠡ ᠪᠠᠨ | ᠳᠡᠭᠡᠭᠰᠢᠯᠡᠭᠦᠯᠬᠦ ᠶᠢ ᠠᠬᠢᠭᠤᠯᠵᠤ᠂ ᠦᠢᠯᠡᠳᠬᠦᠨ ᠤ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠵᠤ᠂ | ᠠᠷᠪᠢᠯᠠᠭᠰᠠᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠶᠢᠨ | ᠦᠯᠡᠳᠡᠪᠦᠷᠢ ᠪᠣᠯᠭᠠᠨ ᠦᠯᠡᠳᠡᠭᠡᠨ ᠬᠡᠷᠡᠭᠯᠡᠬᠦ ᠶᠢ ᠤᠷᠮᠠᠰᠢᠭᠤᠯᠵᠤ᠂ ᠡᠨᠡᠬᠦ ᠥᠭᠡᠷᠡᠴᠢᠯᠡᠯᠲᠡ ᠳᠤ ᠡᠪᠡᠳᠴᠢᠲᠡᠨ ᠪᠠ | ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠳᠤ ᠴᠥᠮ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ ᠭᠡᠵᠦ | ᠱᠠᠭᠠᠷᠳᠠᠪᠠ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠪᠠ᠃ |