| | 10 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠶᠢᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠲᠤᠬᠠᠶ ᠶᠢᠨ ᠲᠠᠯᠠᠪᠤᠷ ᠲᠤ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ 10 ᠳ᠋ᠤᠭᠠᠷ ᠰᠠᠷ᠎ᠠ ᠶᠢᠨ 27 ᠤ ᠡᠳᠦᠷ ᠤᠨ 15 ᠴᠠᠭ ᠪᠣᠯᠲᠠᠯ᠎ᠠ᠂ ᠪᠥᠬᠦ | ᠣᠷᠣᠨ ᠳᠤ ᠣᠲᠣ ᠲᠤᠬᠠᠢ ᠶᠢᠨ ᠭᠠᠵᠠᠷ ᠲᠤ ᠲᠣᠳᠣᠯᠠᠭᠰᠠᠨ ᠡᠪᠡᠳᠴᠢᠨ ᠤ ᠵᠢᠱᠢᠶ᠎ᠡ 113 ᠪᠠᠶᠢᠨ᠎ᠠ᠃ ᠡᠭᠦᠨ ᠳᠤ᠂ | ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 2᠂ ᠰᠢᠨ᠎ᠡ ᠬᠤᠲᠠ ᠲᠣᠭᠤᠷᠢᠭ ᠲᠤ 1 ᠪᠣᠶ︔ ᠰᠢᠯᠢ ᠶᠢᠨ | ᠭᠤᠤᠯ ᠠᠶᠢᠮᠠᠭ ᠤᠨ ᠡᠷᠢᠶᠡᠨ ᠬᠤᠲᠠ ᠳᠤ 16 ᠪᠣᠶ︔ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ | 1 ᠪᠣᠶ︔ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 92᠂ ᠠᠯᠠᠱᠠ ᠵᠡᠭᠦᠨ ᠬᠤᠰᠢᠭᠤᠨ ᠳᠤ 1 ᠪᠣᠶ᠃ | ᠬᠥᠬᠡᠬᠤᠲᠠ ᠶᠢᠨ ᠰᠠᠶᠢᠬᠠᠨ ᠲᠣᠭᠤᠷᠢᠭ ᠲᠤ 1 ᠰᠡᠵᠢᠭᠯᠡᠯᠲᠡᠢ ᠡᠪᠡᠳᠴᠢᠨ ᠤ ᠵᠢᠱᠢᠶ᠎ᠡ ᠪᠣᠶ᠃ ᠣᠳᠣᠬᠠᠨ ᠳᠤ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠰᠡᠵᠢᠭᠯᠡᠯᠲᠡᠢ | ᠡᠪᠡᠳᠴᠢᠨ ᠤ ᠵᠢᠱᠢᠶ᠎ᠡ 1 ᠪᠠᠶᠢᠨ᠎ᠠ᠃ ︽ᠳᠥᠷᠪᠡ ᠶᠢ ᠲᠥᠪᠯᠡᠷᠡᠭᠦᠯᠬᠦ︾ ᠵᠠᠷᠴᠢᠮ ᠶᠣᠰᠣᠭᠠᠷ᠂ ᠡᠷᠢᠶᠡᠨ ᠬᠤᠲᠠ᠂ | ᠠᠯᠠᠱᠠ ᠠᠶᠢᠮᠠᠭ ᠤᠨ ᠲᠣᠳᠣᠯᠠᠭᠰᠠᠨ ᠡᠪᠡᠳᠴᠢᠲᠡᠳ ᠢ ᠥᠪᠡᠷᠲᠡᠭᠡᠨ ᠵᠠᠰᠠᠬᠤ ᠣᠷᠣᠨ ᠤ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠥᠪᠯᠡᠷᠡᠭᠦᠯᠦᠨ ᠡᠮᠴᠢᠯᠡᠵᠦ ᠪᠤᠢ᠃ | ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠭᠠᠬᠤ ᠶᠢᠨ ᠲᠥᠯᠥᠭᠡ | ᠠᠪᠤᠭᠰᠠᠨ ᠭᠤᠤᠯ ᠪᠣᠯᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠭᠡᠪᠡᠯ᠄ ᠨᠢᠭᠡ ᠳᠤ᠂ ᠡᠷᠢᠶᠡᠨ ᠬᠤᠲᠠ᠂ ᠠᠯᠠᠱᠠ | ᠠᠶᠢᠮᠠᠭ ᠲᠤ ᠲᠣᠰ ᠲᠣᠰ ᠲᠤᠬᠠᠶ ᠶᠢᠨ ᠲᠠᠯᠠᠪᠤᠷ ᠤᠨ ᠰᠢᠢᠳᠪᠦᠷᠢᠯᠡᠨ ᠵᠢᠯᠣᠭᠤᠳᠬᠤ ᠭᠠᠵᠠᠷ ᠪᠠᠶᠢᠭᠤᠯᠵᠤ᠂ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠳᠥᠷᠪᠡᠨ ᠱᠠᠲᠤᠨ ᠤ ᠬᠠᠮᠲᠤᠷᠠᠨ | ᠠᠯᠪᠠᠯᠠᠬᠤ ᠶᠢ ᠬᠡᠷᠡᠭᠵᠢᠭᠦᠯᠪᠡ︔ ᠬᠤᠶᠠᠷ ᠲᠤ᠂ ᠠᠶᠤᠯ ᠲᠦᠭᠰᠢᠭᠦᠷᠢ ᠶᠢᠨ ᠳᠡᠰ ᠢ ᠰᠢᠨᠵᠢᠯᠡᠬᠦ ᠤᠬᠠᠭᠠᠨᠴᠢ ᠪᠠᠷ | ᠣᠨᠣᠪᠴᠢᠲᠠᠢ ᠬᠤᠪᠢᠶᠠᠷᠢᠯᠠᠪᠠ᠂ ᠣᠳᠣᠬᠠᠨ ᠳᠤ᠂ ᠡᠷᠢᠶᠡᠨ ᠬᠤᠳᠠ ᠳᠤ ᠳᠤᠮᠳᠠ ᠳᠡᠰ ᠤᠨ ᠠᠶᠤᠯ | ᠲᠦᠭᠰᠢᠭᠦᠷᠢ ᠲᠠᠢ ᠭᠠᠵᠠᠷ 3 ᠪᠤᠢ᠂ ᠠᠯᠠᠱᠠ ᠠᠶᠢᠮᠠᠭ ᠲᠤ ᠥᠨᠳᠥᠷ ᠳᠡᠰ ᠤᠨ ᠠᠶᠤᠯ ᠲᠦᠭᠰᠢᠭᠦᠷᠢ ᠲᠠᠢ ᠭᠠᠵᠠᠷ 1 | ᠪᠠ ᠳᠤᠮᠳᠠ ᠳᠡᠰ ᠤᠨ ᠠᠶᠤᠯ ᠲᠦᠭᠰᠢᠭᠦᠷᠢ ᠲᠠᠢ ᠭᠠᠵᠠᠷ 1 ᠪᠤᠢ᠂ ᠬᠥᠬᠡᠬᠤᠲᠠ ᠳᠤ ᠳᠤᠮᠳᠠ ᠳᠡᠰ ᠤᠨ ᠠᠶᠤᠯ | ᠲᠦᠭᠰᠢᠭᠦᠷᠢ ᠲᠠᠢ ᠭᠠᠵᠠᠷ 2 ᠪᠤᠢ︔ ᠭᠤᠷᠪᠠ ᠳᠤ᠂ ᠪᠥᠬᠦ ᠬᠥᠮᠥᠰ ᠤᠨ ᠪᠥᠭᠡᠮ ᠬᠦᠴᠢᠯ ᠤᠨ ᠣᠯᠠᠨ ᠡᠭᠡᠯᠵᠢ ᠶᠢᠨ | ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠡᠭᠦᠨ ᠤ ᠬᠠᠮᠲᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠪᠠ ᠲᠣᠮᠣ | ᠳ᠋ᠠᠶᠢᠲ᠋ᠠ ᠶᠢᠨ ᠵᠢᠭᠰᠠᠭᠠᠨ ᠪᠠᠶᠢᠴᠠᠭᠠᠯᠲᠠ ᠶᠢ ᠬᠠᠷᠢᠯᠴᠠᠨ ᠤᠶᠠᠯᠳᠤᠭᠤᠯᠵᠤ᠂ ᠲᠠᠬᠤᠯ ᠡᠪᠡᠳᠴᠢᠨ ᠤ ᠡᠬᠢ ᠡᠭᠦᠰᠦᠯ ᠢ | ᠪᠠᠶᠢᠴᠠᠭᠠᠬᠤ ᠶᠢ ᠦᠳᠲᠡᠷ ᠲᠦᠷᠭᠡᠨ ᠥᠷᠨᠢᠭᠦᠯᠪᠡ︔ ᠳᠥᠷᠪᠡ ᠳᠤ᠂ ᠲᠣᠳᠣᠯᠠᠭᠰᠠᠨ ᠡᠪᠡᠳᠴᠢᠨ ᠤ ᠵᠢᠱᠢᠶ᠎ᠡ ᠶᠢ | ᠪᠥᠬᠦ ᠬᠦᠴᠦᠨ ᠢᠶᠠᠷ ᠢᠶᠠᠨ ᠠᠪᠤᠷᠠᠨ ᠡᠮᠴᠢᠯᠡᠵᠦ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠥᠪᠯᠡᠷᠡᠭᠦᠯᠦᠨ | ᠡᠮᠴᠢᠯᠡᠬᠦ ᠶᠠᠪᠤᠴᠠ ᠳᠤ᠂ ᠴᠥᠮ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯᠲᠡᠳ | ᠬᠠᠮᠲᠤᠷᠠᠨ ᠥᠷᠥᠭᠡ ᠪᠠᠶᠢᠴᠠᠭᠠᠵᠤ᠂ ᠡᠪᠡᠳᠴᠢᠲᠡᠨ ᠨᠢᠭᠡᠪᠦᠷᠢ ᠳᠤ ᠡᠮᠴᠢᠯᠡᠬᠦ ᠲᠥᠰᠦᠯ ᠲᠣᠭᠲᠠᠭᠠᠵᠤ᠂ ᠨᠢᠭᠡ | ᠬᠥᠮᠦᠨ ᠳᠤ ᠨᠢᠭᠡ ᠠᠷᠭ᠎ᠠ ᠬᠡᠷᠡᠭᠯᠡᠬᠦ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠨ ᠡᠮᠴᠢᠯᠡᠬᠦ ᠶᠢ ᠪᠡᠶᠡᠯᠡᠭᠦᠯᠪᠡ | ︔ ᠲᠠᠪᠤ ᠳᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠵᠡᠨ᠎ᠡ ᠬᠤᠰᠢᠭᠤ ᠪᠠ | ᠡᠷᠢᠶᠡᠨ ᠬᠤᠲᠠ ᠶᠢᠨ ᠠᠷᠠᠳ ᠤᠨ ᠠᠭᠠᠷ ᠤᠨ ᠠᠶᠠᠯᠠᠯ᠂ ᠵᠠᠰᠠᠮᠠᠯ ᠵᠠᠮ᠂ ᠲᠡᠮᠦᠷ ᠵᠠᠮ ᠤᠨ ᠲᠡᠭᠡᠭᠡᠪᠦᠷᠢ ᠶᠢ ᠪᠥᠬᠦ | ᠲᠠᠯ᠎ᠠ ᠪᠠᠷ ᠵᠣᠭᠰᠣᠭᠠᠵᠤ᠂ ᠪᠦᠬᠦ᠋ᠢᠯᠡ ᠦᠵᠡᠮᠵᠢ ᠶᠢᠨ ᠣᠷᠣᠨ ᠪᠠ ᠣᠯᠠᠨ ᠨᠡᠶᠢᠲᠡ ᠶᠢᠨ ᠲᠠᠯᠠᠪᠤᠷ ᠤᠨ | ᠡᠵᠡᠩᠨᠡᠯᠲᠡ ᠶᠢ ᠲᠦᠷ ᠵᠣᠭᠰᠣᠭᠠᠵᠤ᠂ ᠰᠤᠷᠭᠠᠭᠤᠯᠢ ᠶᠢᠨ ᠬᠢᠴᠢᠶᠡᠯ ᠢ ᠪᠦᠬᠦᠨ ᠢ ᠵᠣᠭᠰᠣᠭᠠᠵᠤ᠂ ᠪᠣᠭᠤᠮᠲᠠ ᠶᠢᠨ | ᠳᠣᠲᠣᠭᠠᠳᠤ ᠶᠢᠨ ︽ᠪᠢᠲᠡᠭᠦᠮᠵᠢᠲᠦ ᠬᠠᠮᠢᠶᠠᠷᠤᠯᠲᠠ︾ ᠶᠢ ᠴᠢᠩᠭ᠎ᠠ ᠬᠡᠷᠡᠭᠵᠢᠭᠦᠯᠪᠡ︔ ᠵᠢᠷᠭᠤᠭ᠎ᠠ ᠳᠤ᠂ ᠡᠳ᠋ | ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ᠠᠮᠢᠳᠤᠷᠠᠯ ᠤᠨ ᠡᠳ᠋ | ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠡᠳ᠋ ᠪᠣᠳᠠᠰ ᠤᠨ ᠲᠡᠭᠡᠭᠡᠪᠦᠷᠢ ᠶᠢᠨ ᠲᠣᠬᠢᠷᠠᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠰᠢᠯᠢᠳᠡᠭᠵᠢᠭᠦᠯᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ | ᠵᠦᠢᠯ ᠪᠠ ᠲᠤᠰᠠᠭᠠᠷᠯᠠᠬᠤ ᠪᠠᠭᠤᠳᠠᠯ ᠨᠢ ᠣᠳᠣᠬᠠᠨ ᠤ ᠬᠡᠷᠡᠭᠴᠡᠭᠡ ᠶᠢ ᠬᠠᠩᠭᠠᠵᠤ ᠳᠡᠶᠢᠯᠵᠦ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠸᠢᠳᠢᠣ᠋ ᠬᠤᠷᠠᠯ ᠤᠨ ᠪᠠᠶᠢᠷᠢᠯᠠᠭᠤᠯᠤᠯᠲᠠ | ᠶᠣᠰᠣᠭᠠᠷ᠂ ᠪᠥᠭᠡᠮ ᠬᠦᠴᠢᠯ ᠢ ᠪᠠᠶᠢᠴᠠᠭᠠᠬᠤ ᠪᠠ ᠲᠠᠬᠤᠯ ᠡᠪᠡᠳᠴᠢᠨ ᠢ ᠪᠠᠶᠢᠴᠠᠭᠠᠬᠤ ᠠᠵᠢᠯ ᠢ ᠲᠦᠷᠭᠡᠳᠬᠡᠨ | ᠠᠬᠢᠭᠤᠯᠵᠤ᠂ ᠡᠪᠡᠳᠴᠢᠨ ᠤ ᠵᠢᠱᠢᠶ᠎ᠡ ᠶᠢ ᠠᠪᠤᠷᠠᠨ ᠡᠮᠴᠢᠯᠡᠬᠦ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠠᠴᠢᠮ | ᠴᠢᠩᠭ᠎ᠠ ᠪᠥᠭᠡᠳ ᠲᠦᠷᠭᠡᠨ ᠢᠶᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠡᠳ᠋ ᠶᠡᠷᠦᠩᠬᠡᠶ ᠵᠢᠯᠣᠭᠤᠳᠣᠭᠴᠢ ᠰᠢᠶᠤᠤ ᠹᠠᠩ ᠤᠨ ᠲᠠᠨᠢᠯᠴᠠᠭᠤᠯᠤᠭᠰᠠᠨ ᠢᠶᠠᠷ᠂ ᠣᠲᠣ ᠪᠣᠯᠲᠠᠯ᠎ᠠ | ᠬᠥᠬᠡᠬᠤᠲᠠ ᠳᠤ ᠲᠤᠬᠠᠢ ᠶᠢᠨ ᠭᠠᠵᠠᠷ ᠲᠤ ᠲᠣᠳᠣᠯᠠᠭᠰᠠᠨ ᠡᠪᠡᠳᠴᠢᠨ ᠤ ᠵᠢᠱᠢᠶ᠎ᠡ 3᠂ ᠰᠡᠵᠢᠭᠯᠡᠯᠲᠡᠶ ᠡᠪᠡᠳᠴᠢᠨ ᠤ | ᠵᠢᠱᠢᠶ᠎ᠡ 1 ᠪᠤᠢ᠂ ᠴᠥᠮ ᠬᠥᠩᠭᠡᠨ ᠬᠡᠯᠪᠡᠷᠢ ᠶᠢᠨ ᠪᠠ ᠡᠩ ᠤᠨ ᠬᠡᠯᠪᠡᠷᠢ ᠶᠢᠨ ᠡᠪᠡᠳᠴᠢᠨ ᠤ ᠵᠢᠱᠢᠶ᠎ᠡ ᠪᠠᠶᠢᠵᠤ᠂ | ᠡᠪᠡᠳᠴᠢᠨ ᠤ ᠪᠠᠶᠢᠳᠠᠯ ᠨᠢ ᠲᠣᠭᠲᠠᠭᠤᠨ ᠪᠠᠶᠢᠭᠰᠠᠭᠠᠷ᠃ ᠪᠥᠬᠦ ᠬᠤᠲᠠ ᠳᠤ 4 ᠡᠳᠦᠷ ᠳᠠᠷᠠᠭᠠᠯᠠᠨ ᠲᠣᠳᠣᠯᠠᠭᠰᠠᠨ | ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠨᠡᠮᠡᠭᠳᠡᠭᠰᠡᠨ ᠥᠬᠡᠶ᠃ 10 ᠳ᠋ᠤᠭᠠᠷ ᠰᠠᠷ᠎ᠠ ᠶᠢᠨ 27 ᠤ ᠡᠳᠦᠷ ᠤᠨ | ᠦᠳᠡ ᠶᠢᠨ 12 ᠴᠠᠭ ᠪᠣᠯᠲᠠᠯ᠎ᠠ᠂ ᠪᠥᠬᠦ ᠬᠤᠲᠠ ᠳᠤ ᠨᠡᠶᠢᠲᠡ 2265 ᠭᠤᠤᠯᠳᠠᠯᠭ᠎ᠠ ᠲᠠᠢ ᠬᠥᠮᠦᠰ ᠢ ᠵᠢᠭᠰᠠᠭᠠᠨ | ᠪᠠᠶᠢᠴᠠᠭᠠᠵᠤ᠂ ᠡᠭᠦᠨ ᠳᠤ ᠨᠢᠭᠲᠠ ᠣᠶᠢᠷᠠᠲᠤᠭᠰᠠᠳ 701 ᠬᠥᠮᠦᠨ᠂ ᠳᠠᠮ ᠣᠶᠢᠷᠠᠲᠤᠭᠰᠠᠳ 844 ᠬᠥᠮᠦᠨ᠂ | ᠡᠩ ᠤᠨ ᠣᠶᠢᠷᠠᠲᠤᠭᠰᠠᠳ 720 ᠬᠥᠮᠦᠨ ᠲᠤ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠢ | ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ | ᠳ᠋ᠦᠩ ᠨᠢ ᠴᠥᠮ ᠪᠢᠯᠢᠭ ᠴᠢᠨᠠᠷ ᠲᠠᠢ ᠪᠠᠶᠢᠪᠠ᠃ ᠲᠣᠮᠣ ᠳ᠋ᠠᠶᠢᠲ᠋ᠠ ᠪᠠᠷ ᠳᠠᠮᠵᠢᠨ ᠳᠤᠮᠳᠠ᠂ ᠥᠨᠳᠥᠷ ᠳᠡᠰ ᠤᠨ | ᠠᠶᠤᠯ ᠲᠦᠭᠰᠢᠭᠦᠷᠢ ᠲᠠᠢ ᠭᠠᠵᠠᠷ ᠠᠴᠠ ᠬᠥᠬᠡᠬᠤᠲᠠ ᠳᠤ ᠢᠷᠡᠭᠰᠡᠨ 26859 ᠬᠥᠮᠥᠨ ᠤ ᠲᠤᠭ᠎ᠠ ᠪᠠᠷᠢᠮᠲᠠ ᠶᠢ | ᠬᠠᠷᠭᠤᠭᠤᠯᠪᠠ᠂ ᠡᠭᠦᠨ ᠳᠤ ᠡᠵᠡᠨ᠎ᠡ ᠬᠤᠰᠢᠭᠤᠨ ᠳᠤ ᠬᠤᠯᠪᠣᠭᠳᠠᠭᠰᠠᠨ ᠲᠤᠭ᠎ᠠ ᠪᠠᠷᠢᠮᠲᠠ 15171 ᠪᠠᠶᠢᠵᠤ᠂ | 5808 ᠬᠥᠮᠦᠨ ᠢ ᠬᠠᠮᠢᠶᠠᠷᠤᠨ ᠡᠵᠡᠮᠳᠡᠵᠦ᠂ 5415 ᠬᠥᠮᠦᠨ ᠳᠤ ᠪᠥᠭᠡᠮ ᠬᠦᠴᠢᠯ ᠤᠨ ᠪᠠᠶᠢᠴᠠᠭᠠᠯᠲᠠ ᠶᠢ | ᠨᠠᠶᠢᠳᠠᠪᠤᠷᠢᠵᠢᠭᠤᠯᠤᠨ᠂ ᠨᠢᠭᠡᠨᠲᠡ ᠭᠠᠷᠭᠠᠭᠰᠠᠨ ᠳ᠋ᠦᠩ ᠨᠢ ᠴᠥᠮ ᠪᠢᠯᠢᠭ ᠴᠢᠨᠠᠷ ᠲᠠᠢ ᠪᠠᠶᠢᠪᠠ᠃ ᠬᠤᠯᠪᠣᠭᠳᠠᠯ | ᠪᠥᠬᠦᠶ ᠬᠥᠮᠦᠰ ᠢ ᠮᠥᠷᠳᠡᠬᠦ᠂ ᠬᠠᠷᠭᠤᠭᠤᠯᠬᠤ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠢ | ᠪᠠᠶᠢᠴᠠᠭᠠᠬᠤ ᠵᠡᠷᠭᠡ ᠠᠵᠢᠯ ᠪᠠᠰᠠ ᠦᠷᠭᠦᠯᠵᠢᠯᠡᠨ ᠶᠠᠪᠤᠭᠳᠠᠵᠤ ᠪᠣᠶ︔ ᠪᠥᠬᠦ ᠬᠤᠲᠠ ᠶᠢᠨ 5 ᠭᠤᠤᠯᠳᠠᠯᠭ᠎ᠠ ᠲᠠᠢ | ᠭᠠᠵᠠᠷ ᠣᠷᠣᠨ ᠠᠴᠠ 243 ᠲᠦᠮᠡ ᠭᠠᠷᠤᠶ ᠥᠯᠢᠭᠡᠷ ᠠᠪᠴᠤ᠂ 186 ᠲᠦᠮᠡ ᠭᠠᠷᠤᠶ ᠪᠠᠶᠢᠴᠠᠭᠠᠭᠰᠠᠨ | ᠳ᠋ᠦᠩ ᠨᠢ ᠪᠦᠬᠦᠨ ᠢᠶᠠᠷ ᠢᠶᠠᠨ ᠪᠢᠯᠢᠭ ᠴᠢᠨᠠᠷ ᠲᠠᠢ ᠪᠠᠶᠢᠪᠠ᠃ ᠪᠠᠴᠢᠮ ᠳᠠᠶᠢᠴᠢᠯᠠᠯᠲᠠ ᠪᠠᠷ ᠳᠡᠮᠵᠢᠨ᠂ ᠣᠳᠣᠬᠠᠨ ᠳᠤ | ᠪᠥᠭᠡᠮ ᠬᠦᠴᠢᠯ ᠢ ᠪᠠᠶᠢᠴᠠᠭᠠᠬᠤ ᠡᠳ᠋ ᠪᠣᠳᠠᠰ᠂ ᠠᠵᠢᠯᠲᠠᠨ᠂ ᠲᠣᠨᠤᠭ ᠲᠥᠬᠦᠭᠡᠷᠦᠮᠵᠢ ᠶᠢ ᠨᠢᠭᠡᠨᠲᠡ ᠪᠦᠬᠦᠨ ᠢ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠭᠠᠵᠠᠷ ᠣᠷᠣᠨ ᠤ ᠬᠤᠶᠠᠳᠤᠭᠠᠷ ᠡᠭᠡᠯᠵᠢ ᠶᠢᠨ ᠪᠥᠬᠦ ᠬᠥᠮᠥᠰ ᠤᠨ | ᠪᠥᠭᠡᠮ ᠬᠦᠴᠢᠯ ᠢ ᠪᠠᠶᠢᠴᠠᠭᠠᠬᠤ ᠪᠡᠯᠡᠳᠬᠡᠯ ᠠᠵᠢᠯ ᠪᠡᠯᠡᠬᠡᠨ ᠪᠣᠯᠪᠠ᠃ ᠭᠠᠳᠠᠷ ᠣᠷᠣᠨ ᠠᠴᠠ ᠬᠥᠬᠡᠬᠤᠲᠠ ᠳᠤ | ᠪᠤᠴᠠᠬᠤ᠂ ᠬᠥᠬᠡᠬᠤᠲᠠ ᠳᠤ ᠢᠷᠡᠬᠦ ᠬᠥᠮᠦᠰ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠲᠡᠶ ᠪᠥᠭᠡᠳ ︽ᠬᠥᠬᠡ ᠬᠤᠲᠠ ᠶᠢᠨ ᠴᠠᠭᠳᠠᠭᠠᠨ ᠤ | ᠺᠣᠳ᠋︾ ᠢᠶᠠᠨ ᠰᠢᠯᠭᠠᠭᠤᠯᠬᠤ ᠬᠡᠷᠡᠭᠲᠡᠶ ᠪᠣᠯᠭᠠᠪᠠ᠃ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠶᠢᠨ ᠠᠷᠭ᠎ᠠ ᠥᠬᠡᠶ ᠪᠠᠶᠢᠪᠠᠯ᠂ ᠬᠠᠷᠢᠶ᠎ᠠ ᠭᠠᠵᠠᠷ ᠤᠨ | ᠵᠠᠰᠠᠭ ᠤᠨ ᠣᠷᠳᠣᠨ ᠬᠠᠷᠢᠭᠤᠴᠠᠵᠤ᠂ ᠪᠢᠲᠡᠭᠦᠮᠵᠢᠲᠦ ᠬᠠᠮᠢᠶᠠᠷᠤᠨ ᠡᠵᠡᠮᠳᠡᠬᠦ ᠳᠤ ᠪᠥᠭᠡᠮ ᠬᠦᠴᠢᠯ ᠤᠨ | ᠪᠠᠶᠢᠴᠠᠭᠠᠯᠲᠠ ᠶᠢ ᠨᠢᠭᠡᠳᠦᠯᠲᠡᠶ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠲᠠᠢ | ᠪᠣᠯᠤᠭᠰᠠᠨ ᠤ ᠳᠠᠷᠠᠭ᠎ᠠ ᠰᠠᠶ᠋ᠢ ᠴᠢᠯᠥᠭᠡᠲᠡᠶ ᠶᠠᠪᠤᠯᠴᠠᠬᠤ ᠪᠣᠯᠭᠠᠪᠠ᠃ | ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠮᠴᠢᠯᠡᠭᠡᠨ ᠤ ᠰᠡᠷᠭᠡᠶᠢᠯᠡᠨ | ᠡᠵᠡᠮᠳᠡᠬᠦ ᠡᠳ᠋ ᠪᠣᠳᠠᠰ ᠪᠠ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠠᠵᠢᠯ ᠢ | ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠡᠮᠴᠢᠯᠡᠭᠡᠨ ᠤ | ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠪᠠ᠃ ᠡᠭᠦᠨ ᠤ ᠬᠠᠮᠲᠤ᠂ | ᠡᠮᠴᠢᠯᠡᠭᠡᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠰᠠᠷ᠎ᠠ ᠶᠢᠨ ᠲᠣᠬᠢᠷᠠᠭᠤᠯᠤᠯᠲᠠ᠂ | ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠪᠠ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠬᠠᠩᠭᠠᠯᠭ᠎ᠠ ᠶᠢᠨ ᠭᠠᠷᠠᠭ ᠤᠨ ᠮᠡᠳᠡᠭᠦᠯᠦᠯᠲᠡ ᠵᠡᠷᠭᠡ ᠲᠦᠷᠢᠮ ᠢ ᠬᠡᠷᠡᠭᠵᠢᠭᠦᠯᠵᠦ᠂ ᠨᠥᠭᠡᠴᠡᠯᠡᠯᠲᠡ ᠶᠢᠨ ᠡᠷᠴᠢᠮ ᠢ | ᠰᠤᠯᠠᠷᠠᠭᠤᠯᠬᠤ ᠥᠬᠡᠶ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠪᠠ᠃ ᠡᠮᠴᠢᠯᠡᠭᠡᠨ ᠤ ᠰᠡᠷᠭᠡᠶᠢᠯᠡᠨ | ᠡᠵᠡᠮᠳᠡᠬᠦ ᠡᠳ᠋ ᠪᠣᠳᠠᠰ ᠤᠨ ᠲᠠᠯ᠎ᠠ ᠪᠠᠷ᠂ ᠣᠷᠣᠨ ᠪᠦᠰᠡ ᠶᠢᠨ ᠲᠤᠰᠠᠯᠠᠬᠤ ᠲᠣᠭᠲᠠᠴᠠ ᠶᠢ ᠲᠦᠷᠭᠡᠨ ᠬᠥᠭᠵᠢᠭᠡᠵᠦ᠂ | ᠪᠥᠭᠡᠮ ᠬᠦᠴᠢᠯ ᠢ ᠪᠠᠶᠢᠴᠠᠭᠠᠬᠤ ᠤᠷᠪᠠᠯᠵᠢ᠂ ᠬᠠᠮᠠᠭᠠᠯᠠᠯᠲᠠ ᠶᠢᠨ ᠬᠤᠪᠴᠠᠰᠤ᠂ ᠡᠮᠨᠡᠯᠭᠡ ᠳᠤ ᠬᠡᠷᠡᠭᠯᠡᠬᠦ ᠭᠤᠲᠤᠯ ᠤᠨ | ᠳᠤᠭᠲᠤᠢ᠂ ᠲᠤᠰᠠᠭᠠᠷᠯᠠᠬᠤ ᠬᠤᠪᠴᠠᠰᠤ ᠵᠡᠷᠭᠡ ᠡᠳ᠋ ᠪᠣᠳᠠᠰ ᠢ ᠲᠦᠷᠭᠡᠨ ᠴᠤᠭᠯᠠᠭᠤᠯᠵᠤ ᠡᠵᠡᠨ᠎ᠡ ᠬᠤᠰᠢᠭᠤᠨ ᠳᠤ | ᠲᠤᠰᠠᠯᠠᠪᠠ᠃ ᠬᠥᠬᠡᠬᠤᠲᠠ ᠶᠢᠨ ᠬᠡᠷᠡᠭᠰᠡᠬᠦ ᠡᠳ᠋ ᠪᠠᠷᠠᠭ᠎ᠠ ᠶᠢ ᠴᠠᠭ ᠲᠤᠬᠠᠶ ᠳᠤ ᠨᠢ ᠰᠢᠯᠵᠢᠭᠦᠯᠦᠨ ᠲᠡᠭᠡᠭᠡᠪᠦᠷᠢᠯᠡᠵᠦ | ᠪᠣᠳᠠᠲᠠᠶᠢᠵᠢᠭᠤᠯᠬᠤ ᠳᠤ ᠳᠡᠮᠵᠢᠯᠭᠡ ᠦᠵᠡᠭᠦᠯᠪᠡ᠃ ᠬᠥᠬᠡᠬᠤᠲᠠ᠂ ᠡᠷᠢᠶᠡᠨ ᠬᠤᠲᠠ᠂ ᠡᠵᠡᠨ᠎ᠡ ᠬᠤᠰᠢᠭᠤ ᠵᠡᠷᠭᠡ | ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠭᠠᠵᠠᠷ ᠣᠷᠣᠨ ᠳᠤ ᠨᠢᠭᠡᠨᠲᠡ ︽ᠪᠣᠳᠠᠲᠤ ᠪᠣᠳᠠᠰ ᠤᠨ ᠨᠥᠭᠡᠴᠡ︾ ︽ | ᠵᠥᠪᠳᠡᠯᠴᠡᠭᠡᠨ ᠤ ᠨᠥᠭᠡᠴᠡ︾ ᠶᠢᠨ ᠳᠠᠪᠬᠤᠷ ᠪᠠᠲᠤᠯᠠᠭ᠎ᠠ ᠶᠢ ᠨᠠᠶᠢᠳᠠᠪᠤᠷᠢᠵᠢᠭᠤᠯᠪᠠ᠃ ᠣᠳᠣᠬᠠᠨ ᠳᠤ᠂ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠨᠥᠭᠡᠴᠡ ᠭᠦᠢᠴᠡᠳ ᠪᠠᠶᠢᠵᠤ᠂ ᠵᠠᠬ᠎ᠠ | ᠳᠡᠯᠭᠡᠭᠦᠷ ᠤᠨ ᠬᠤᠳᠠᠯᠳᠤᠨ ᠠᠪᠬᠤ ᠠᠷᠭ᠎ᠠ ᠵᠠᠮ ᠰᠠᠭᠠᠳ ᠥᠬᠡᠶ ᠨᠡᠪᠲᠡᠷᠡᠵᠦ᠂ ᠰᠡᠷᠭᠡᠶᠢᠯᠡᠨ ᠡᠵᠡᠮᠳᠡᠬᠦ ᠡᠳ᠋ | ᠪᠠᠷᠠᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠲᠠᠯ᠎ᠠ ᠪᠠᠷ᠂ ᠦᠨ᠎ᠡ ᠬᠠᠩᠰᠢ ᠶᠢᠨ ᠡᠳᠦᠷ ᠤᠨ ᠬᠢᠨᠠᠨ ᠬᠡᠮᠵᠢᠯᠲᠡ ᠶᠢᠨ ᠲᠦᠷᠢᠮ ᠢ ᠬᠡᠷᠡᠭᠵᠢᠭᠦᠯᠵᠦ᠂ ᠣᠳᠣᠬᠠᠨ ᠳᠤ | ᠡᠷᠢᠶᠡᠨ ᠬᠤᠲᠠ᠂ ᠡᠵᠡᠨ᠎ᠡ ᠬᠤᠰᠢᠭᠤᠨ ᠤ ᠠᠮᠤ ᠪᠤᠳᠠᠭ᠎ᠠ᠂ ᠭᠤᠯᠢᠷ᠂ ᠲᠣᠰᠣ᠂ ᠲᠥᠬᠦᠮ ᠢᠳᠡᠭᠡᠨ ᠤ ᠵᠦᠢᠯ ᠵᠡᠷᠭᠡ | ᠠᠮᠢᠳᠤᠷᠠᠯ ᠤᠨ ᠡᠳ᠋ ᠪᠣᠳᠠᠰ ᠤᠨ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠵᠤ ᠪᠤᠢ︔ ᠲᠠᠬᠢᠶᠠᠨ ᠥᠨᠳᠡᠭᠡ᠂ | ᠢᠳᠡᠰᠢᠨ ᠨᠣᠭᠤᠭ᠎ᠠ ᠶᠢᠨ ᠦᠨ᠎ᠡ ᠪᠠᠭ᠎ᠠ ᠬᠡᠮᠵᠢᠶ᠎ᠡ ᠪᠠᠷ ᠥᠰᠦᠭᠰᠡᠨ ᠪᠣᠯᠪᠠᠴᠤ ᠬᠠᠩᠭᠠᠯᠭ᠎ᠠ ᠬᠠᠩᠭᠠᠮᠵᠢᠲᠠᠶ ᠪᠠᠶᠢᠵᠤ᠂ | ᠦᠨᠳᠦᠰᠦᠨ ᠳᠤ ᠪᠠᠨ ᠵᠣᠬᠢᠰᠲᠠᠶ ᠣᠷᠣᠨ ᠳᠤ ᠣᠷᠣᠰᠢᠵᠤ ᠪᠠᠶᠢᠨ᠎ᠠ᠃ ᠬᠥᠬᠡᠬᠤᠲᠠ ᠶᠢᠨ ᠭᠤᠤᠯ ᠪᠣᠯᠬᠤ ᠠᠷᠠᠳ ᠤᠨ | ᠠᠮᠢᠳᠤᠷᠠᠯ ᠤᠨ ᠲᠠᠸᠠᠷ ᠤᠨ ᠦᠨ᠎ᠡ ᠦᠨᠳᠦᠰᠦᠨ ᠳᠤ ᠪᠠᠨ ᠲᠣᠭᠲᠠᠭᠤᠨ ᠪᠠᠶᠢᠵᠤ᠂ ᠭᠤᠤᠯ ᠪᠣᠯᠬᠤ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠤᠨ ᠢᠳᠡᠰᠢᠨ ᠨᠣᠭᠤᠭ᠎ᠠ ᠶᠢᠨ ᠣᠷᠣᠯᠠᠭᠤᠯᠬᠤ ᠪᠣᠷᠣᠯᠠᠭᠤᠯᠬᠤ ᠬᠡᠮᠵᠢᠶ᠎ᠡ ᠲᠣᠭᠲᠠᠭᠤᠨ | ᠂ ᠬᠠᠩᠭᠠᠯᠭ᠎ᠠ ᠭᠦᠢᠴᠡᠳ ᠪᠠᠶᠢᠨ᠎ᠠ᠃ ᠪᠤᠰᠤᠳ ᠬᠤᠳᠠ ᠶᠢᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ | ᠬᠠᠩᠭᠠᠯᠭ᠎ᠠ ᠬᠡᠷᠡᠭᠴᠡᠭᠡ ᠶᠡᠷᠦᠩᠬᠡᠶ ᠳᠤ ᠪᠠᠨ ᠲᠡᠩᠴᠡᠭᠦᠷᠢᠲᠡᠶ ᠪᠠᠶᠢᠵᠤ᠂ ᠦᠨ᠎ᠡ ᠬᠠᠩᠰᠢ ᠲᠣᠭᠲᠠᠭᠤᠨ ᠪᠠᠶᠢᠨ᠎ᠠ᠃ |