ᠰᠢ ᠶᠢᠨ ᠫᠢᠩ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ 50 ᠵᠢᠯ ᠤᠨ ᠣᠢ ᠶᠢ ᠳᠤᠷᠠᠰᠬᠠᠬᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/10/28
           ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠥᠭᠡᠷᠡᠴᠢᠯᠡᠯᠲᠡ ᠨᠡᠭᠡᠭᠡᠯᠲᠡ ᠶᠢᠨ ᠵᠠᠮ ᠣᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ ᠬᠡᠵᠤ ᠴᠢᠬᠤᠯᠠᠴᠢᠯᠠᠵᠦ ᠡᠯ᠎ᠡ ᠤᠯᠤᠰ ᠤᠨ ᠬᠢᠨ ᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠤᠨ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠭᠠᠷ ᠬᠤᠯᠪᠣᠯᠴᠠᠨ ᠪᠠᠶᠢᠭᠤᠯᠰᠤᠭᠠᠢ ᠭᠡᠵᠦ ᠤᠷᠢᠶᠠᠯᠠᠪᠠ        ᠤᠯᠤᠰ ᠤᠨ ᠲᠡᠷᠢᠭᠦᠯᠡᠭᠴᠢ ᠰᠢ ᠶᠢᠨ ᠫᠢᠩ 25 ᠤ ᠡᠳᠦᠷ ᠪᠡᠭᠡᠵᠢᠩ ᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ 50 ᠵᠢᠯ ᠤᠨ ᠣᠢ ᠶᠢ ᠳᠤᠷᠠᠰᠬᠠᠬᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃        ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ ᠤᠨ ᠡᠩᠬᠡ ᠲᠠᠶᠢᠪᠤᠩ ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ ᠳᠤᠮᠳᠠᠳᠤ ᠤᠯᠤᠰ ᠬᠤᠶᠢᠰᠢᠳᠠ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ ᠪᠣᠯᠤᠨ᠎ᠠ︔ ᠥᠭᠡᠷᠡᠴᠢᠯᠡᠯᠲᠡ ᠨᠡᠭᠡᠭᠡᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ ᠪᠦᠮᠪᠦᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠪᠣᠯᠤᠨ᠎ᠠ︔ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠮᠥᠩᠬᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠴᠢᠬᠤᠯᠠᠴᠢᠯᠠᠪᠠ᠃        ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠬᠤᠷᠠᠯ ᠳᠤ ᠣᠷᠣᠯᠴᠠᠪᠠ᠃        ᠠᠯᠲᠠᠨ ᠨᠠᠮᠤᠷ ᠤᠨ ᠪᠡᠭᠡᠵᠢᠩ ᠳᠤ᠂ ᠬᠦᠬᠡ ᠤᠭᠲᠠᠷᠭᠤᠢ ᠴᠡᠯᠮᠡᠭ ᠲᠤᠩᠭᠠᠯᠠᠭ᠂ ᠠᠭᠤᠷ ᠠᠮᠢᠰᠬᠤᠯ ᠡᠶᠡᠪᠡᠷᠬᠦᠦ ᠲᠠᠭᠠᠯᠠᠮᠵᠢᠲᠠᠢ᠃ ᠭᠤᠣᠯ ᠬᠤᠷᠠᠯ ᠤᠨ ᠲᠠᠯᠠᠪᠠᠢ ᠪᠤᠯᠬᠤ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠳ᠋ᠧᠩ ᠤᠨ ᠬᠡᠷᠡᠯ ᠳᠤᠸᠠᠯᠠᠵᠤ᠂ ᠰᠣᠷᠭᠤᠭ ᠴᠡᠴᠡᠭ ᠮᠢᠷᠠᠯᠵᠠᠨ ᠳᠡᠯᠭᠡᠷᠡᠨ᠎ᠡ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠪᠣᠯᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠭ ᠦᠡᠭᠭᠡ ᠢᠯᠭᠠᠷᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠯ᠎ᠡ ᠭᠡᠰᠢᠭᠦᠨ ᠤᠯᠤᠰ ᠤᠨ ᠲᠤᠭ ᠢᠶᠠᠷ ᠪᠦᠷᠢᠯᠳᠦᠭᠰᠡᠨ ᠲᠤᠭ ᠤᠨ ᠵᠢᠭᠰᠠᠭᠠᠯ ᠰᠦᠷ ᠳᠠᠯᠠᠶᠢᠴᠠᠲᠠᠢ ᠬᠠᠷᠠᠭᠳᠠᠨ᠎ᠠ᠃        ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠴᠣᠭᠴᠠ︾ ᠭᠡᠬᠦ ᠬᠥᠭᠵᠢᠮ ᠤᠨ ᠠᠶᠠᠰ ᠤᠨ ᠳᠤᠮᠳᠠ ᠰᠢ ᠶᠢᠨ ᠫᠢᠩ ᠬᠤᠷᠠᠯ ᠤᠨ ᠲᠠᠯᠠᠪᠠᠶ ᠳᠤ ᠠᠯᠬᠤᠨ ᠣᠷᠣᠪᠠ᠃ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号