| | ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠲᠤᠰ | ᠲᠤᠰ ᠦᠵᠡᠰᠬᠦᠯᠡᠩ ᠢ ᠲᠣᠭᠤᠷᠢᠨ ᠦᠵᠡᠪᠡ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 26 ᠤ ᠦᠳᠡ ᠶᠢᠨ ᠬᠤᠶᠢᠨ᠎ᠠ ᠤᠯᠤᠰ ᠤᠨ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ | ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠬᠦ ᠳᠡᠭᠡᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ | ᠰᠢᠨ᠎ᠡ ᠶᠢ ᠡᠭᠦᠳᠬᠦ ᠴᠢᠳᠠᠪᠤᠷᠢ ᠶᠡᠭᠡ ᠪᠠᠷ ᠳᠡᠭᠡᠭᠰᠢᠯᠡᠵᠦ᠂ ᠰᠠᠭᠤᠷᠢ ᠬᠤᠰᠢᠭᠤᠴᠢ ᠮᠡᠷᠭᠡᠵᠢᠯ᠂ ᠪᠠᠶᠢᠯᠳᠤᠬᠤ ᠪᠤᠳᠤᠯᠭ᠎ᠠ ᠶᠢᠨ | ᠳᠡᠭᠡᠳᠦ ᠮᠡᠷᠭᠡᠵᠢᠯ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠨᠢᠭᠡ | ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠣᠯᠵᠠᠢ᠃ ᠡᠨᠡ ᠪᠣᠯ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ ᠪᠦᠬᠦ ᠤᠯᠤᠰ ᠢᠯᠠᠩᠭᠤᠶ᠎ᠠ ᠥᠷᠭᠡᠨ ᠤᠯᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ᠃ | ᠣᠳᠣᠬᠠᠨ ᠳᠤ᠂ ᠮᠠᠨ ᠤ ᠤᠯᠤᠰ ᠨᠢᠭᠡᠨᠲᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠨᠠᠮ | ᠪᠠ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠮᠠᠰᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠪᠠᠶᠢᠳᠠᠭ᠂ | ᠪᠦᠬᠦ ᠤᠯᠤᠰ ᠤᠨ ᠥᠷᠭᠡᠨ ᠤᠯᠡᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠳᠡᠯᠡᠬᠡᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠵᠤ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ | ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ | ᠬᠠᠨᠳᠤᠵᠤ᠂ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ᠂ ᠰᠢᠨ᠎ᠡ ᠶᠢ ᠡᠭᠦᠳᠬᠦ ᠠᠵᠠ ᠲᠣᠬᠢᠶᠠᠯ ᠢ ᠴᠢᠩᠭ᠎ᠠ | ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠤᠶᠠᠨ ᠣᠷᠭᠢᠯ ᠳᠤ ᠵᠣᠷᠢᠭᠲᠠᠢ ᠠᠪᠠᠷᠢᠵᠤ᠂ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠢᠷᠠᠭᠤ ᠠᠯᠳᠠᠷᠲᠤ ᠲᠡᠦᠬᠡᠲᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |