| | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠱᠠᠲᠤ ᠦᠶᠡᠴᠢ ᠴᠢᠨᠠᠷᠲᠠᠶ ᠭᠠᠶᠢᠯᠢ | ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠳᠡᠮᠵᠢᠨ | ᠬᠦᠴᠢᠷᠳᠡᠯ ᠢ ᠰᠢᠢᠳᠪᠦᠷᠢᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠲᠤᠬᠠᠢ ᠪᠠᠶᠢᠷᠢᠯᠠᠭᠤᠯᠪᠠ᠃ ᠬᠢᠯᠢ ᠶᠢᠨ | ᠭᠠᠳᠠᠨᠠᠬᠢ ᠪᠠᠯᠠ ᠣᠷᠣᠭᠤᠯᠤᠭᠴᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠪᠠᠯᠠ | ᠣᠷᠣᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠲᠤᠳᠬᠠᠵᠤ᠂ ᠭᠠᠳᠠᠭᠠᠳᠤ ᠳᠤ | ᠨᠡᠭᠡᠭᠡᠯᠲᠡ ᠬᠢᠬᠦ ᠪᠠ ᠭᠠᠳᠠᠭᠠᠳᠤ ᠶᠢᠨ ᠪᠡᠯᠡ ᠶᠢ ᠲᠠᠲᠠᠬᠤ ᠶᠢ ᠠᠬᠢᠭᠤᠯᠬᠤ ᠪᠠᠷ ᠲᠣᠭᠲᠠᠪᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 10 ᠳ᠋ᠤᠭᠠᠷ ᠰᠠᠷ᠎ᠠ ᠶᠢᠨ 27 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠡᠯ ᠤᠨ ᠦᠢᠯᠡᠰ ᠤᠨ ᠳᠤᠮᠳᠠ ᠵᠢᠵᠢᠭ | ᠪᠢᠴᠢᠯ ᠠᠵᠤ ᠠᠬᠤᠶᠢᠯᠠᠯ ᠵᠡᠷᠭᠡ ᠳᠤ ᠱᠠᠲᠤ ᠦᠶᠡᠴᠢ ᠴᠢᠨᠠᠷᠲᠠᠶ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠤᠯᠠᠮ ᠨᠢᠭᠡ | ᠠᠯᠬᠤᠮ ᠴᠢᠩᠭᠠᠷᠠᠭᠤᠯᠬᠤ ᠲᠤᠬᠠᠢ ᠪᠠᠶᠢᠷᠢᠯᠠᠭᠤᠯᠪᠠ︔ ᠬᠢᠯᠢ ᠶᠢᠨ ᠭᠠᠳᠠᠨᠠᠬᠢ ᠪᠠᠯᠠ ᠣᠷᠣᠭᠤᠯᠤᠭᠴᠢ ᠶᠢᠨ ᠬᠢᠯᠢ ᠶᠢᠨ | ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠪᠠᠯᠠ ᠣᠷᠣᠭᠤᠯᠬᠤ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠲᠤᠳᠬᠠᠵᠤ᠂ ᠭᠠᠳᠠᠭᠠᠳᠤ ᠳᠤ ᠨᠡᠭᠡᠭᠡᠯᠲᠡ ᠬᠢᠬᠦ ᠪᠠ ᠭᠠᠳᠠᠭᠠᠳᠤ ᠶᠢᠨ | ᠪᠡᠯᠡ ᠶᠢ ᠲᠠᠲᠠᠬᠤ ᠶᠢ ᠠᠬᠢᠭᠤᠯᠬᠤ ᠪᠠᠷ ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ | ᠰᠠᠭᠤᠷᠢ ᠮᠥᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ | ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠲᠡᠷᠡ ᠨᠢ ᠠᠵᠤ ᠠᠬᠤᠢ ᠶᠢ | ᠬᠥᠭᠵᠢᠭᠦᠯᠬᠦ᠂ ᠠᠵᠢᠯ ᠣᠯᠭᠤᠯᠲᠠ ᠶᠢ ᠥᠷᠭᠡᠳᠬᠡᠬᠦ᠂ ᠵᠠᠬ᠎ᠠ ᠳᠡᠯᠭᠡᠭᠦᠷ ᠢ ᠬᠥᠭᠵᠢᠭᠡᠬᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ︽ᠵᠢᠷᠭᠤᠭ᠎ᠠ ᠶᠢ ᠪᠠᠲᠤᠯᠠᠬᠤ︾ ᠠᠵᠢᠯ᠂ | ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ ᠥᠷᠭᠡᠨ ᠬᠡᠷᠡᠭᠴᠡᠭᠡᠨ ᠤ ᠲᠠᠸᠠᠷ ᠤᠨ | ᠦᠨ᠎ᠡ ᠬᠠᠩᠰᠢ ᠥᠨᠳᠥᠷ ᠪᠠᠶᠢᠷᠢᠨ ᠳᠤ ᠣᠷᠣᠰᠢᠵᠤ᠂ ᠦᠢᠯᠡᠳᠪᠦᠷᠢᠯᠡᠯ ᠤᠨ ᠥᠪᠡᠷ ᠤᠨ ᠦᠷᠳᠡᠭ ᠶᠡᠭᠡ ᠪᠠᠷ ᠳᠡᠭᠡᠭᠰᠢᠯᠡᠭᠰᠡᠨ | ᠵᠡᠷᠭᠡ ᠨᠢ ᠠᠵᠤ ᠠᠬᠤᠶᠢᠯᠠᠯ᠂ ᠢᠯᠠᠩᠭᠤᠶ᠎ᠠ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠦᠵᠡᠭᠦᠯᠵᠦ ᠪᠠᠶᠢᠭ᠎ᠠ | ᠨᠥᠯᠥᠭᠡ ᠳᠤ ᠴᠢᠭᠯᠡᠭᠦᠯᠦᠨ᠂ ᠵᠠᠬ᠎ᠠ ᠳᠡᠯᠭᠡᠭᠦᠷᠴᠢᠯᠡᠯᠲᠡ᠂ ᠲᠦᠭᠡᠮᠡᠯ ᠬᠠᠷᠠᠭᠠᠯᠵᠠᠯᠲᠤ ᠠᠷᠭ᠎ᠠ ᠮᠠᠶ᠋ᠢᠭ ᠢᠶᠠᠷ ᠬᠠᠪᠰᠤᠷᠤᠨ | ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ | ᠵᠢᠱᠢᠯᠲᠡ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠠᠵᠤ ᠦᠢᠯᠡᠳᠪᠦᠷᠢ ᠶᠢᠨ ᠠᠵᠤ | ᠠᠬᠤᠶ ᠶᠢᠨ ᠲᠣᠭᠲᠠᠭᠤᠨ ᠠᠵᠢᠯᠯᠠᠭᠠᠨ ᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠲᠣᠭᠲᠠᠭᠠᠭᠰᠠᠨ ᠨᠢ᠂ ᠡᠨᠡ ᠵᠢᠯ ᠤᠨ ᠳᠥᠷᠪᠡᠳᠦᠭᠡᠷ ᠤᠯᠠᠷᠢᠯ ᠤᠨ ᠦᠢᠯᠡᠳᠬᠡᠯ ᠤᠨ ᠦᠢᠯᠡᠰ ᠤᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠ | ᠤᠯᠤᠰ ᠤᠨ ᠳᠣᠲᠣᠭᠠᠳᠤ ᠶᠢᠨ ᠥᠷᠲᠡᠭ ᠨᠡᠮᠡᠭᠳᠡᠯ ᠤᠨ ᠭᠠᠶᠢᠯᠢ᠂ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠭᠠᠶᠢᠯᠢ | ᠵᠢᠴᠢ ᠲᠡᠭᠦᠨ ᠳᠤ ᠳᠠᠭᠠᠯᠳᠤᠭᠤᠯᠤᠨ ᠲᠠᠲᠠᠪᠤᠷᠢᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ | ᠭᠠᠶᠢᠯᠢ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠶᠢᠨ ᠲᠤᠰᠠᠭᠠᠷ ᠪᠡᠯᠡᠲᠦ ᠪᠠ ᠬᠤᠷᠰᠢᠭᠰᠠᠨ | ᠠᠵᠤ ᠠᠬᠤᠶᠢᠯᠠᠯ ᠤᠨ ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ︵ᠲᠡᠭᠦᠨ ᠤ ᠣᠷᠣᠯᠠᠨ | ᠰᠠᠭᠤᠯᠭᠠᠵᠤ ᠣᠷᠣᠯᠠᠨ ᠲᠤᠰᠢᠶᠠᠬᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠪᠠᠭᠲᠠᠬᠤ ᠦᠭᠡᠶ︶ ᠳᠤ ᠱᠠᠲᠤ | ᠦᠶᠡᠴᠢ ᠴᠢᠨᠠᠷᠲᠠᠶ ᠪᠠᠷ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ ᠡᠭᠦᠨ ᠳᠤ᠂ | ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠣᠷᠣᠭᠰᠢ ᠪᠠᠶᠢᠭ᠎ᠠ ᠦᠢᠯᠡᠳᠬᠡᠯ ᠤᠨ | ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠪᠠᠭᠲᠠᠭᠠᠨ᠎ᠠ︶ ᠳᠤ᠂ ᠲᠡᠭᠦᠨ ᠤ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠪᠦᠬᠦᠨ ᠢ ᠬᠤᠶᠢᠰᠢᠯᠠᠭᠤᠯᠤᠨ ᠲᠤᠰᠢᠶᠠᠯᠭᠠᠨ᠎ᠠ︔ | ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ 4 ᠳ᠋ᠦᠩᠰᠢᠭᠤᠷ ᠲᠥᠭᠦᠷᠢᠭ ᠤᠨ | ᠦᠢᠯᠡᠳᠬᠡᠯ ᠤᠨ ᠦᠢᠯᠡᠰ ᠤᠨ ᠳᠤᠮᠳᠠ ᠬᠡᠯᠪᠡᠷᠢ ᠶᠢᠨ ᠠᠵᠤ ᠠᠬᠤᠶᠢᠯᠠᠯ ᠳᠤ᠂ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ | 50% ᠪᠠᠷ ᠬᠤᠶᠢᠰᠢᠯᠠᠭᠤᠯᠤᠨ ᠲᠤᠰᠢᠶᠠᠯᠭᠠᠵᠤ᠂ ᠣᠨᠴᠣᠭᠤᠶ ᠬᠦᠴᠢᠷᠳᠡᠯᠲᠡᠶ ᠠᠵᠤ ᠠᠬᠤᠶᠢᠯᠠᠯ ᠨᠢ ᠭᠠᠶᠢᠯᠢ ᠪᠠᠨ | ᠪᠦᠬᠦᠨ ᠢ ᠬᠤᠶᠢᠰᠢᠯᠠᠭᠤᠯᠤᠨ ᠲᠤᠰᠢᠶᠠᠬᠤ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠤᠨ᠎ᠠ᠃ ᠭᠠᠶᠢᠯᠢ | ᠬᠤᠶᠢᠰᠢᠯᠠᠭᠤᠯᠤᠯᠲᠠ ᠶᠢ ᠡᠨᠡ ᠵᠢᠯ ᠤᠨ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠢᠷᠡᠬᠦ ᠵᠢᠯ ᠤᠨ 1 ᠳ᠋ᠦ᠋ᠭᠡᠷ | ᠰᠠᠷ᠎ᠠ ᠳᠤ ᠭᠤᠶᠤᠴᠢᠯᠠᠨ ᠮᠡᠳᠡᠭᠦᠯᠬᠦ ᠬᠤᠭᠤᠴᠠᠭ᠎ᠠ ᠳᠠᠭᠤᠰᠬᠤ ᠪᠣᠯᠲᠠᠯ᠎ᠠ ᠬᠡᠷᠡᠭᠵᠢᠭᠦᠯᠦᠨ᠎ᠡ᠂ ᠵᠢᠱᠢᠯᠲᠡ ᠪᠠᠷ ᠦᠢᠯᠡᠳᠬᠡᠯ ᠤᠨ | ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠶᠢ 2000 ᠳ᠋ᠦᠩᠰᠢᠭᠤᠷ ᠲᠥᠭᠦᠷᠢᠭ ᠣᠷᠴᠢᠮ | ᠬᠤᠶᠢᠰᠢᠯᠠᠭᠤᠯᠬᠤ ᠪᠣᠯᠤᠨ᠎ᠠ᠃ ᠡᠭᠦᠨ ᠠᠴᠠ ᠭᠠᠳᠠᠨ᠎ᠠ᠂ ᠨᠡᠭᠦᠷᠡᠰᠦ ᠴᠠᠬᠢᠯᠭᠠᠨ᠂ ᠢᠯᠴᠢ ᠬᠠᠩᠭᠠᠬᠤ ᠠᠵᠤ ᠠᠬᠤᠶᠢᠯᠠᠯ ᠤᠨ | ᠡᠵᠡᠩᠨᠡᠯᠲᠡ ᠶᠢᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠲᠡᠭᠦᠨ ᠤ ᠡᠨᠡ ᠵᠢᠯ ᠤᠨ ᠳᠥᠷᠪᠡᠳᠦᠭᠡᠷ ᠤᠯᠠᠷᠢᠯ ᠳᠤ | ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠢᠱᠢᠯᠲᠡ ᠪᠠᠷ | ᠬᠤᠶᠢᠰᠢᠯᠠᠭᠤᠯᠬᠤ ᠭᠠᠶᠢᠯᠢ ᠶᠢᠨ ᠶᠡᠷᠦᠩᠬᠡᠶ ᠲᠤᠭ᠎ᠠ 170 ᠳ᠋ᠦᠩᠰᠢᠭᠤᠷ ᠲᠥᠭᠦᠷᠢᠭ ᠣᠷᠴᠢᠮ ᠳᠤ ᠬᠦᠷᠦᠨ᠎ᠡ᠃ ᠳᠡᠭᠡᠷᠡᠬᠢ | ᠳᠤᠷᠠᠳᠤᠭᠰᠠᠨ ᠭᠠᠶᠢᠯᠢ ᠶᠢ ᠬᠤᠶᠢᠰᠢᠯᠠᠭᠤᠯᠬᠤ ᠠᠷᠭ᠎ᠠ ᠬᠡᠮᠵᠢᠶ᠎ᠡ ᠶᠢᠨ ᠬᠤᠶᠢᠰᠢᠯᠠᠭᠤᠯᠤᠨ ᠲᠤᠰᠢᠶᠠᠬᠤ ᠴᠠᠭ ᠨᠢ ᠬᠠᠮᠤᠭ ᠤᠨ | ᠤᠷᠳᠤ ᠳᠠᠭᠠᠨ 3 ᠰᠠᠷ᠎ᠠ ᠪᠣᠯᠤᠨ᠎ᠠ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ᠭᠠᠶᠢᠯᠢ ᠬᠤᠶᠢᠰᠢᠯᠠᠭᠤᠯᠬᠤ ᠵᠦᠢᠯᠡᠰ ᠤᠨ ᠭᠠᠷᠳᠠᠮ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠭᠦᠢᠴᠡᠳᠬᠡᠬᠦ ᠠᠬᠢᠴᠠ ᠶᠢ | ᠲᠦᠷᠭᠡᠳᠬᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠶ ᠪᠠᠷ ᠰᠢᠭᠤᠳ ᠬᠦᠷᠴᠦ ᠲᠦᠷᠭᠡᠨ ᠬᠦᠷᠲᠡᠬᠦ ᠶᠢ ᠦᠨᠡᠨ ᠬᠦ | ᠪᠠᠲᠤᠯᠠᠵᠤ᠂ ᠨᠥᠬᠦᠴᠡᠯ ᠳᠤ ᠨᠡᠶᠢᠴᠡᠬᠦ ᠥᠬᠡᠶ ᠠᠵᠤ ᠠᠬᠤᠶᠢᠯᠠᠯ ᠤᠨ ᠭᠠᠶᠢᠯᠢ ᠬᠤᠶᠢᠰᠢᠯᠠᠭᠤᠯᠬᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠢ ᠮᠡᠬᠡᠯᠡᠨ ᠬᠦᠷᠲᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠯ᠎ᠡ ᠮᠤᠵᠢ ᠶᠢᠨ ᠱᠠᠲᠤᠨ ᠤ | ᠡᠳ᠋ ᠤᠨ ᠵᠠᠰᠠᠭ ᠨᠢ ᠬᠤᠲᠠ ᠰᠢᠶᠠᠨ ᠤ ᠡᠳ᠋ ᠤᠨ ᠵᠠᠰᠠᠭ ᠲᠤ ᠰᠢᠯᠵᠢᠭᠦᠯᠦᠨ ᠥᠭᠬᠦ ᠲᠣᠬᠢᠷᠠᠭᠤᠯᠤᠯᠲᠠ ᠶᠢ ᠰᠠᠶᠢᠲᠤᠷ ᠬᠢᠵᠦ᠂ | ᠭᠠᠶᠢᠯᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠨᠳᠦᠰᠦᠨ ᠱᠠᠲᠤᠨ ᠤ ᠴᠠᠯᠢᠩ ᠢ | ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠳᠤ ᠨᠥᠯᠥᠭᠡ ᠦᠵᠡᠭᠦᠯᠬᠦ | ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠵᠡᠷᠭᠡᠴᠡᠭᠡ ᠪᠠᠷ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠲᠠᠷᠠᠭᠠᠴᠢ ᠶᠢᠨ ᠠᠯᠬᠤᠮ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠡᠪᠴᠢᠶᠡᠲᠦ ᠴᠢᠨᠠᠷᠲᠠᠶ ᠭᠠᠶᠢᠯᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠱᠠᠯᠠᠪᠳᠠᠨ | ᠰᠤᠳᠤᠯᠵᠤ᠂ ᠬᠤᠷᠸ᠎ᠠ ᠲᠠᠯ᠎ᠠ ᠶᠢᠨ ᠤᠷᠢᠳᠴᠢᠯᠠᠭᠰᠠᠨ ᠲᠣᠬᠢᠷᠠᠭᠤᠯᠤᠯᠲᠠ ᠪᠠ ᠪᠢᠴᠢᠯ ᠲᠤᠬᠢᠷᠠᠭᠤᠯᠤᠯᠳᠡ ᠬᠢᠬᠦ ᠶᠢ ᠴᠠᠭ | ᠲᠤᠬᠠᠢ ᠳᠤ ᠨᠢ ᠲᠣᠬᠢᠷᠠᠭᠤᠯᠤᠨ ᠬᠠᠨᠳᠤᠯᠭᠠᠲᠤ ᠴᠢᠨᠠᠷᠲᠠᠶ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠶᠢ ᠪᠠᠷᠢᠮᠲᠠᠯᠠᠵᠤ᠂ ᠤᠯᠤᠰ ᠤᠨ | ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠪᠡᠯᠡ ᠶᠢ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠶᠢᠨ | ᠲᠡᠮᠳᠡᠭᠲᠦ ᠶᠢᠨ ᠵᠠᠬ᠎ᠠ ᠳᠡᠯᠭᠡᠭᠦᠷ ᠢᠶᠠᠷ ᠳᠠᠮᠵᠢᠨ ᠨᠡᠩ ᠤᠯᠠᠨ ᠭᠠᠳᠠᠭᠠᠳᠤ ᠪᠡᠯᠡ ᠶᠢᠨ ᠤᠯᠤᠰ ᠤᠨ ᠳᠣᠲᠣᠭᠠᠳᠤ ᠶᠢᠨ | ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠭᠰᠠᠨ ᠨᠢ᠂ ᠬᠢᠯᠢ ᠶᠢᠨ | ᠭᠠᠳᠠᠨᠠᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ | ᠳᠡᠯᠭᠡᠭᠦᠷ ᠲᠤ ᠪᠡᠯᠡ ᠣᠷᠣᠭᠤᠯᠤᠭᠠᠳ ᠣᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢᠨ ᠣᠷᠣᠯᠭ᠎ᠠ ᠶᠢ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠣᠯᠤᠨ ᠦᠷᠳᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠦᠷᠦ ᠶᠢᠨ | ᠪᠤᠳᠤᠯᠭ᠎ᠠ ᠶᠢᠨ ᠬᠡᠷᠡᠭᠵᠢᠭᠦᠯᠬᠦ ᠬᠢᠵᠠᠭᠠᠷᠲᠤ ᠬᠤᠭᠤᠴᠠᠭ᠎ᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ | ᠪᠣᠯᠲᠠᠯ᠎ᠠ ᠤᠷᠲᠤᠳᠬᠠᠵᠤ᠂ ᠲᠤᠬᠠᠶᠢᠯᠠᠪᠠᠯ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ | ᠤᠷᠲᠤᠳᠬᠠᠨ᠎ᠠ ᠭᠡᠵᠦ ᠲᠣᠭᠲᠠᠭᠠᠪᠠ᠃ | ᠬᠤᠷᠠᠯ ᠠᠴᠠ ᠱᠠᠭᠠᠷᠳᠠᠬᠤ ᠳᠤ ᠪᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠠᠩᠰᠠᠯᠠᠭᠤᠯᠬᠤ ᠠᠵᠢᠯ ᠢ ᠬᠠᠤᠯᠢ | ᠲᠣᠭᠲᠠᠭᠠᠯ ᠶᠣᠰᠣᠭᠠᠷ ᠰᠠᠶᠢᠲᠤᠷ ᠬᠢᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠡᠳᠦ ᠵᠠᠪᠰᠢᠬᠤ᠂ ᠵᠠᠬ᠎ᠠ ᠳᠡᠯᠭᠡᠭᠦᠷ ᠢ ᠡᠷᠬᠡᠰᠢᠶᠡᠨ ᠡᠵᠡᠮᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ | ᠡᠷᠡᠰ ᠬᠤᠷᠢᠭᠯᠠᠬᠤ ᠬᠡᠷᠡᠭᠲᠡᠢ ᠭᠡᠵᠡᠢ᠃ |