ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠶᠢ ᠳᠤᠷᠠᠰᠬᠠᠬᠤ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/10/29
                     ︵2021 ᠣᠨ ᠤ 10 ᠰᠠᠷ᠎ᠠ ᠶᠢᠨ 25 ᠤ ᠡᠳᠦᠷ︶                  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ ᠬᠦᠨᠳᠦᠲᠦ ᠬᠦᠲ᠋ᠧᠯᠸᠢᠢᠰ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠲᠤ ᠰᠠᠭᠤᠭ᠎ᠠ ᠡᠯᠴᠢᠳ ᠰᠠᠶᠢᠳ ᠪᠣᠯᠤᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢᠳ᠂ ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠡ᠄        50 ᠵᠢᠯ ᠤᠨ ᠡᠮᠦᠨᠡᠬᠢ ᠥᠨᠥᠳᠦᠷ᠂ ᠬᠤᠷᠢᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠠᠴᠠ ᠳᠡᠶᠢᠯᠦᠩᠭᠦᠶ ᠤᠯᠠᠨ ᠲᠤᠭ᠎ᠠ ᠪᠠᠷ 2758 ᠳ᠋ᠤᠭᠠᠷ ᠲᠣᠭᠠᠲᠤ ᠰᠢᠢᠳᠪᠦᠷᠢ ᠶᠢ ᠪᠠᠲᠤᠯᠠᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠠᠯᠢᠪᠠ ᠡᠷᠬᠡ ᠶᠢ ᠰᠡᠷᠭᠦᠭᠡᠬᠦ ᠪᠠᠷ ᠲᠣᠭᠲᠠᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠲᠥᠯᠥᠭᠡᠯᠡᠭᠴᠢ ᠪᠣᠯ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠴᠤᠷ ᠤᠨ ᠭᠠᠭᠴᠠ ᠬᠠᠤᠯᠢ ᠶᠣᠰᠣᠨ ᠤ ᠲᠥᠯᠥᠭᠡᠯᠡᠭᠴᠢ ᠪᠣᠯᠬᠤ ᠶᠢ ᠮᠡᠳᠡᠷᠡᠪᠡ᠃ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠢᠯᠠᠯᠲᠠ ᠮᠥᠨ᠂ ᠪᠠᠰᠠ ᠴᠤ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠤ ᠢᠯᠠᠯᠲᠠ ᠮᠥᠨ︕        ᠥᠨᠥᠳᠦᠷ᠂ ᠡᠨᠡ ᠬᠦ ᠣᠨᠴᠠᠭᠠᠶ ᠡᠳᠦᠷ᠂ ᠪᠢᠳᠡ ᠨᠢᠭᠡ ᠲᠠᠩᠬᠢᠮ ᠳᠤ ᠴᠤᠭᠯᠠᠷᠠᠨ᠂ ᠲᠡᠦᠬᠡ ᠪᠠᠨ ᠡᠷᠭᠢᠴᠡᠭᠦᠯᠵᠦ᠂ ᠢᠷᠡᠭᠡᠳᠦᠶ ᠪᠠᠨ ᠪᠠᠷᠠᠯᠠᠬᠤ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠃        ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠣᠷᠣᠨ ᠪᠠᠶᠢᠷᠢ ᠪᠠᠨ ᠰᠡᠷᠭᠦᠭᠡᠭᠰᠡᠨ ᠶᠠᠪᠤᠳᠠᠯ ᠪᠣᠯ ᠳᠡᠯᠡᠬᠡᠶ ᠳᠡᠭᠡᠷᠡᠬᠢ ᠴᠢᠬᠤᠯᠠ ᠨᠢᠭᠡᠨ ᠬᠡᠷᠡᠭ ᠶᠠᠪᠤᠳᠠᠯ ᠮᠥᠨ᠂ ᠪᠠᠰᠠ ᠴᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠢᠬᠤᠯᠠ ᠨᠢᠭᠡᠨ ᠬᠡᠷᠡᠭ ᠶᠠᠪᠤᠳᠠᠯ ᠮᠥᠨ᠃ ᠡᠨᠡ ᠪᠣᠯ ᠳᠡᠯᠡᠬᠡᠶ ᠶᠢᠨ ᠡᠩᠭᠡ ᠲᠠᠶᠢᠪᠤᠩ ᠢ ᠡᠷᠬᠢᠮᠯᠡᠭᠴᠢ ᠪᠠ ᠰᠢᠳᠤᠷᠭᠤ ᠶᠣᠰᠣ ᠶᠢ ᠪᠠᠷᠢᠮᠲᠠᠯᠠᠳᠠᠭ ᠤᠯᠤᠰ ᠪᠦᠬᠦᠨ ᠤ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠃ ᠡᠨᠡ ᠨᠢ ᠳᠡᠯᠡᠬᠡᠶ ᠶᠢᠨ ᠬᠥᠮᠦᠨ ᠠᠮᠠ ᠶᠢᠨ ᠳᠥᠷᠪᠡᠨ ᠤ ᠨᠢᠭᠡ ᠬᠤᠪᠢ ᠶᠢ ᠡᠵᠡᠯᠡᠬᠦ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠠᠶᠢᠰᠠᠨ ᠳᠡᠭᠡᠷ᠎ᠡ ᠰᠢᠨ᠎ᠡ ᠪᠠᠷ ᠠᠯᠬᠤᠨ ᠭᠠᠷᠤᠭᠰᠠᠨ ᠢ ᠪᠡᠯᠭᠡᠳᠡᠵᠦ ᠪᠠᠶᠢᠨ᠎ᠠ᠃ ᠡᠨᠡ ᠨᠢ ᠳᠤᠮᠳᠠᠳᠤ ᠤᠯᠤᠰ ᠪᠠ ᠳᠡᠯᠡᠬᠡᠶ ᠳ᠋ᠠᠬᠢᠨ ᠳᠤ ᠴᠥᠮ ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃        ᠠᠳᠡ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠢ ᠲᠥᠯᠥᠭᠡᠯᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ 2758 ᠳ᠋ᠤᠭᠠᠷ ᠲᠣᠭᠠᠲᠤ ᠰᠢᠢᠳᠪᠦᠷᠢ ᠶᠢᠨ ᠪᠤᠢ ᠪᠦᠬᠦᠢ ᠰᠠᠨᠠᠯ ᠵᠥᠪᠯᠡᠯᠭᠡ ᠳᠤᠷᠠᠳᠤᠭᠰᠠᠨ ᠤᠯᠤᠰ ᠪᠠ ᠳᠡᠮᠵᠢᠭᠰᠡᠨ ᠤᠯᠤᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠳᠤᠷᠭᠤ ᠶᠣᠰᠣ ᠶᠢ ᠪᠠᠷᠢᠮᠲᠠᠯᠠᠳᠠᠭ ᠠᠯᠢᠪᠠ ᠤᠯᠤᠰ ᠣᠷᠣᠨ ᠪᠠ ᠠᠷᠠᠳ ᠲᠦᠮᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕        ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠨᠠᠷ ᠡ︕        ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ ᠨᠠᠶᠢᠷᠠᠮᠳᠠᠯ ᠢᠶᠠᠷ ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃        — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠪᠠᠭᠠᠨ ᠬᠥᠷᠪᠡᠭᠡᠨ ᠲᠠᠢ ᠬᠤᠪᠢᠷᠠᠯᠲᠠ ᠳᠤᠮᠳᠠ ᠳᠤᠮᠳᠠᠳᠤ ᠤᠯᠤᠰ ᠤᠨ ᠤᠷᠤᠭᠰᠢᠯᠠᠯᠲᠠ ᠶᠢᠨ ᠴᠢᠭᠯᠡᠯ ᠢ ᠡᠵᠡᠮᠳᠡᠵᠦ᠂ ᠳᠤᠮᠳᠠᠳᠤ ᠤᠯᠤᠰ ᠵᠢᠴᠢ ᠬᠥᠮᠦᠨ ᠲᠥᠷᠥᠯᠬᠢᠲᠡᠨ ᠤ ᠬᠥᠭᠵᠢᠯᠲᠡ ᠶᠢᠨ ᠠᠤᠭ᠎ᠠ ᠲᠤᠤᠯᠢᠰ ᠢ ᠪᠢᠴᠢᠭᠯᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠠᠷᠠᠳ ᠲᠦᠮᠡᠨ ᠥᠭᠡᠷᠡᠴᠢᠯᠡᠯᠲᠡ ᠨᠡᠭᠡᠭᠡᠯᠳᠡ ᠶᠢᠨ ᠲᠡᠦᠬᠡ ᠶᠢᠨ ᠰᠢᠨ᠎ᠡ ᠴᠠᠭ ᠦᠶ᠎ᠡ ᠶᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠨᠡᠭᠡᠭᠡᠨ ᠬᠥᠭᠵᠢᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠳᠠ ᠦᠭᠡᠢ ᠴᠢᠯᠥᠭᠡᠯᠡᠨ ᠬᠥᠭᠵᠢᠭᠦᠯᠵᠦ᠂ ᠠᠮᠢᠳᠤᠷᠠᠯ ᠤᠨ ᠬᠢᠷᠢ ᠲᠦᠪᠰᠢᠨ ᠶᠢ ᠲᠠᠰᠤᠷᠠᠯᠳᠠ ᠦᠭᠡᠢ ᠳᠡᠭᠡᠭᠰᠢᠯᠡᠭᠦᠯᠦᠭᠡᠳ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠪᠠᠷ ᠬᠤᠴᠣᠷᠤᠩᠭᠤᠶ ᠪᠠᠶᠢᠭᠰᠠᠨ ᠪᠠᠶᠢᠳᠠᠯ ᠠᠴᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠲᠠᠪᠰᠢᠨ ᠤᠷᠤᠭᠰᠠᠨ ᠲᠡᠦᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ᠃ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠬᠤᠶᠠᠷ ᠭᠠᠷ ᠢᠶᠠᠷ ᠢᠶᠠᠨ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠢᠷᠠᠵᠠᠢ᠃        — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠲᠠᠢ ᠪᠦᠯᠬᠦᠮᠳᠡᠨ ᠬᠠᠮᠲᠤᠷᠠᠯᠴᠠᠵᠤ᠂ ᠳᠡᠯᠡᠬᠡᠶ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠳᠡᠯᠡᠬᠡᠶ ᠶᠢᠨ ᠡᠩᠭᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ ᠳᠤᠮᠳᠠᠳᠤ ᠤᠯᠤᠰ ᠤᠨ ᠠᠷᠠᠳ ᠲᠦᠮᠡᠨ ᠡᠩᠬᠡ ᠲᠠᠶᠢᠪᠤᠩ ᠢ ᠡᠷᠬᠢᠮᠯᠡᠵᠦ᠂ ᠡᠩᠬᠡ ᠲᠠᠶᠢᠪᠤᠩ ᠠᠮᠤᠷ ᠲᠦᠪᠰᠢᠨ ᠤ ᠡᠷᠬᠢᠮ ᠨᠠᠨᠳᠢᠨ ᠢ ᠭᠦᠨ ᠣᠶᠢᠯᠠᠭᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠢᠮᠠᠭᠲᠠ ᠬᠡᠷᠡᠭᠵᠢᠭᠦᠯᠵᠦ᠂ ᠭᠤᠣᠯᠴᠢ ᠶᠣᠰᠣ ᠶᠢ ᠪᠠᠷᠢᠮᠲᠠᠯᠠᠨ᠂ ᠰᠢᠳᠤᠷᠭᠤ ᠶᠣᠰᠣ ᠶᠢ ᠮᠠᠨᠳᠤᠭᠤᠯᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠭᠰᠡᠭᠡᠷ ᠢᠷᠡᠪᠡ᠃ ᠳᠤᠮᠳᠠᠳᠤ ᠤᠯᠤᠰ ᠤᠨ ᠠᠷᠠᠳ ᠲᠦᠮᠡᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠢᠮᠠᠭᠲᠠ ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠤᠨ ᠠᠷᠠᠳ ᠲᠦᠮᠡᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ︽ᠲᠠᠨᠽᠠᠨᠢᠶ᠎ᠠ ᠽᠠᠮᠪᠢᠶ᠎ᠠ ᠶᠢᠨ ᠲᠡᠮᠦᠷ ᠵᠠᠮ︾ ᠠᠴᠠ ︽ᠨᠢᠭᠡ ᠪᠦᠰᠡ ᠨᠢᠭᠡ ᠵᠠᠮ︾ ᠬᠦᠷᠲᠡᠯ᠎ᠡ᠂ ᠬᠥᠭᠵᠢᠵᠦ ᠪᠠᠶᠢᠭ᠎ᠠ ᠤᠯᠤᠰ ᠤᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠳᠤᠮᠳᠠᠳᠤ ᠤᠯᠤᠰ ᠤᠨ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠢ ᠪᠦᠷᠬᠦᠭᠰᠡᠨ ᠠᠶᠤᠯ ᠲᠦᠭᠰᠢᠭᠦᠷᠢ ᠲᠠᠢ ᠦᠶ᠎ᠡ ᠳᠤ᠂ ᠳᠤᠮᠳᠠᠳᠤ ᠤᠯᠤᠰ ᠳᠡᠯᠡᠬᠡᠢ ᠳ᠋ᠠᠬᠢᠨ ᠯᠤᠭ᠎ᠠ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠢᠳᠡᠪᠬᠢᠲᠡᠢ ᠬᠤᠪᠢᠶᠠᠯᠴᠠᠵᠤ᠂ ᠡᠯ᠎ᠡ ᠤᠯᠤᠰ ᠲᠤ ᠶᠡᠭᠡ ᠬᠡᠮᠵᠢᠶᠡᠨ ᠤ ᠬᠢᠵᠢᠭ ᠢ ᠡᠰᠡᠷᠭᠦᠴᠡᠬᠦ ᠡᠳ᠋ ᠪᠣᠳᠠᠰ᠂ ᠸᠠᠺᠼᠢᠨ ᠪᠠ ᠡᠮ ᠤᠨ ᠵᠦᠢᠯᠡᠰ ᠢ ᠬᠦᠷᠭᠡᠵᠦ᠂ ᠸᠢᠷᠦ᠋ᠰ ᠤᠨ ᠡᠬᠢ ᠡᠭᠦᠰᠦᠯ ᠢ ᠡᠷᠢᠬᠦ ᠰᠢᠨᠵᠢᠯᠡᠬᠦ ᠤᠬᠠᠭᠠᠨᠴᠢ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠬᠥᠮᠦᠨ ᠲᠥᠷᠥᠯᠬᠢᠲᠡᠨ ᠤ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠨ ᠳᠠᠪᠠᠭ᠋ᠤ ᠶᠢᠨ ᠲᠥᠯᠥᠭᠡ ᠦᠨᠡᠨ ᠰᠡᠳᠬᠢᠯ ᠠᠴᠠ ᠪᠠᠨ ᠢᠳᠡᠪᠬᠢᠲᠡᠢ ᠴᠢᠷᠮᠠᠶᠢᠵᠤ ᠪᠤᠢ᠃        — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠣᠯᠤᠨ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠤᠮᠳᠠᠳᠤ ᠤᠯᠤᠰ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠠᠮᠲᠤᠷᠠᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠪᠡ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠲᠤᠰᠢᠶᠠᠯ ᠬᠠᠷᠢᠭᠤᠴᠠᠯᠭ᠎ᠠ ᠪᠠ ᠳᠠᠷᠬᠠᠨ ᠡᠭᠦᠷᠭᠡ ᠪᠠᠨ ᠦᠨᠡᠨᠴᠢ ᠪᠠᠷ ᠭᠦᠢᠴᠡᠳᠬᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ ᠦᠢᠯᠡᠳᠦᠯ ᠢ ᠬᠠᠮᠠᠭᠠᠯᠠᠪᠠ᠃ ᠳᠤᠮᠳᠠᠳᠤ ᠤᠯᠤᠰ ᠵᠦᠷᠢᠴᠡᠯ ᠵᠢᠭᠤᠷᠠᠯᠳᠤᠭᠠᠨ ᠢ ᠨᠠᠶᠢᠷᠠᠮᠳᠠᠯ ᠬᠡᠯᠪᠡᠷᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠢ ᠢᠳᠡᠪᠬᠢᠲᠡᠶ ᠰᠠᠨᠠᠭᠠᠴᠢᠯᠠᠵᠤ᠂ 5 ᠲᠦᠮᠡ ᠭᠠᠷᠤᠶ ᠬᠥᠮᠦᠨ ᠤᠳᠠᠭ᠎ᠠ ᠲᠣᠮᠢᠯᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠭᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠵᠤ᠂ ᠨᠢᠭᠡᠨᠲᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠤᠷᠠᠯ ᠤᠨ ᠰᠦᠢᠳᠬᠡᠯ ᠤᠨ ᠬᠤᠶᠠᠳᠤᠭᠠᠷ ᠲᠤᠮᠤ ᠤᠯᠤᠰ᠂ ᠡᠩᠭᠡ ᠲᠠᠶᠢᠪᠤᠩ ᠢ ᠬᠠᠮᠠᠭᠠᠯᠠᠬᠤ ᠵᠣᠭᠤᠰ ᠶᠢ ᠬᠤᠪᠢᠶᠠᠨ ᠲᠥᠯᠥᠬᠦ ᠬᠤᠶᠠᠳᠤᠭᠠᠷ ᠲᠤᠮᠤ ᠤᠯᠤᠰ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠡᠩ ᠲᠡᠷᠢᠭᠦᠨ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠮᠢᠩᠭᠠᠨ ᠣᠨ ᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ 2030 ᠣᠨ ᠤ ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠵᠦᠢᠯ ᠢ ᠲᠦᠷᠦᠭᠦᠯᠡᠨ ᠨᠠᠶᠢᠳᠠᠪᠤᠷᠢᠵᠢᠭᠤᠯᠵᠤ᠂ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠳᠤ ᠦᠵᠡᠭᠦᠯᠦᠭᠰᠡᠨ ᠨᠥᠯᠥᠭᠡ 70% ᠶᠢ ᠳᠠᠪᠠᠵᠠᠢ᠃ ᠳᠤᠮᠳᠠᠳᠤ ᠤᠯᠤᠰ ᠢᠮᠠᠭᠲᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠪᠠ ︽ᠳᠡᠯᠡᠬᠡᠶ ᠶᠢᠨ ᠬᠥᠮᠦᠨ ᠤ ᠡᠷᠬᠡ ᠶᠢᠨ ᠲᠤᠩᠬᠠᠭ︾ ᠤᠨ ᠵᠣᠷᠢᠭ ᠰᠠᠨᠠᠭ᠎ᠠ ᠶᠢ ᠵᠢᠷᠤᠮᠯᠠᠵᠤ᠂ ᠬᠥᠮᠦᠨ ᠤ ᠡᠷᠬᠡ ᠶᠢᠨ ᠲᠦᠭᠡᠮᠡᠯ ᠴᠢᠨᠠᠷ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠤᠷᠤᠰᠬᠠᠯ ᠳᠤ ᠨᠡᠶᠢᠴᠡᠭᠰᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠢ ᠨᠡᠭᠡᠭᠡᠵᠦ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠲᠠᠪᠰᠢᠯᠳᠠ ᠪᠠ ᠤᠯᠠᠨ ᠤᠯᠤᠰ ᠤᠨ ᠬᠥᠮᠦᠨ ᠤ ᠡᠷᠬᠡ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃        ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠨᠠᠷ ᠡ︕        ᠳᠡᠯᠡᠬᠡᠶ ᠶᠢᠨ ᠴᠠᠭ ᠦᠶ᠎ᠡ ᠶᠢᠨ ᠤᠷᠤᠰᠬᠠᠯ ᠰᠦᠷ ᠳᠠᠯᠠᠶᠢᠴᠠᠲᠠᠶ ᠠᠮᠤᠢ᠂ ᠳᠠᠭᠠᠪᠠᠰᠤ ᠮᠠᠨᠳᠤᠵᠤ᠂ ᠰᠦᠷᠪᠡᠰᠦ ᠮᠥᠬᠦᠮᠥᠢ᠃ ᠥᠩᠭᠡᠷᠡᠭᠰᠡᠨ 50 ᠵᠢᠯ ᠳᠤ᠂ ᠳᠡᠯᠡᠬᠡᠶ ᠶᠢᠨ ᠪᠠᠶᠢᠳᠠᠯ ᠬᠡᠳᠦ᠋ᠢᠪᠡᠷ ᠬᠤᠪᠢᠷᠠᠯᠲᠠ ᠶᠡᠬᠡᠲᠡᠶ ᠪᠠᠶᠢᠭᠰᠠᠨ ᠪᠣᠯᠪᠠᠴᠤ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠳᠡᠯᠡᠬᠡᠶ ᠳ᠋ᠠᠬᠢᠨ ᠶᠡᠷᠦᠩᠬᠡᠶ ᠳᠤ ᠪᠠᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠳᠡᠯᠡᠬᠡᠶ ᠶᠢᠨ ᠠᠵᠤ ᠠᠬᠤᠶ ᠲᠦᠷᠭᠡᠨ ᠢᠶᠠᠷ ᠬᠥᠭᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠡᠳᠦᠷ ᠠᠴᠠ ᠡᠳᠦᠷ ᠰᠢᠨᠡᠳᠴᠦ᠂ ᠦᠯᠡᠮᠵᠢ ᠤᠯᠠᠨ ᠬᠥᠭᠵᠢᠵᠦ ᠪᠠᠶᠢᠭ᠎ᠠ ᠤᠯᠤᠰ ᠦᠰᠦᠨ ᠪᠤᠵᠠᠭᠠᠶᠢᠷᠠᠵᠤ᠂ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠶᠠᠳᠠᠭᠤ ᠠᠴᠠ ᠠᠩᠭᠢᠵᠢᠷᠠᠵᠤ᠂ ᠬᠡᠳᠦᠨ ᠠᠷᠪᠠᠨ ᠳ᠋ᠦᠩᠰᠢᠭᠤᠷ ᠬᠥᠮᠦᠨ ᠠᠮᠠ ᠲᠠᠰᠤᠷᠠᠯᠳᠠ ᠦᠭᠡᠢ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠪᠠᠶᠢᠨ᠎ᠠ᠃ ᠣᠳᠣᠬᠠᠨ ᠳᠤ᠂ ᠳᠡᠯᠡᠬᠡᠢ ᠳ᠋ᠠᠬᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠨ ᠬᠥᠭᠵᠢᠵᠦ᠂ ᠡᠩᠬᠡ ᠲᠠᠶᠢᠪᠤᠩ ᠬᠥᠭᠵᠢᠯᠲᠡ ᠲᠠᠪᠰᠢᠯᠳᠠ ᠶᠢᠨ ᠬᠦᠴᠦᠨ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠪᠢᠳᠡ ᠲᠡᠦᠬᠡ ᠶᠢᠨ ᠶᠡᠭᠡ ᠬᠠᠨᠳᠤᠰᠢ ᠶᠢ ᠳᠠᠭᠠᠵᠤ᠂ ᠬᠠᠮᠲᠤᠷᠠᠯᠴᠠᠬᠤ ᠶᠢ ᠪᠠᠷᠢᠮᠲᠠᠯᠠᠵᠤ᠂ ᠡᠰᠡᠷᠭᠦᠴᠡᠯᠳᠦᠬᠦ ᠦᠭᠡᠢ ᠪᠠᠶᠢᠵᠤ᠂ ᠨᠡᠬᠡᠬᠡᠯᠳᠡ ᠬᠢᠬᠦ ᠶᠢ ᠪᠠᠷᠢᠮᠲᠠᠯᠠᠵᠤ᠂ ᠲᠦᠭᠵᠢᠮᠡᠯ ᠪᠠᠶᠢᠬᠤ ᠦᠭᠡᠢ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠦᠭᠡᠢ᠂ ᠠᠯᠢᠪᠠ ᠬᠡᠯᠪᠡᠷᠢ ᠶᠢᠨ ᠡᠵᠡᠷᠬᠡᠬᠦ ᠦᠵᠡᠯ ᠪᠣᠯᠤᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠠᠯᠢᠪᠠ ᠬᠡᠯᠪᠡᠷᠢ ᠶᠢᠨ ᠭᠠᠭᠴᠠ ᠲᠠᠯᠠᠲᠤ ᠦᠵᠡᠯ ᠪᠣᠯᠤᠨ ᠬᠠᠮᠠᠭᠠᠯᠠᠬᠤ ᠦᠵᠡᠯ ᠢ ᠡᠷᠡᠰ ᠡᠰᠡᠷᠭᠦᠴᠡᠬᠦ ᠬᠡᠷᠡᠭᠲᠡᠢ᠃        — ᠪᠢᠳᠡ ᠡᠩᠭᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠠᠶᠢᠬᠤ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠶᠡᠭᠡ ᠪᠠᠷ ᠪᠠᠳᠠᠷᠠᠭᠤᠯᠵᠤ᠂ ᠨᠡᠩ ᠰᠠᠶᠢᠨ ᠰᠠᠶᠢᠬᠠᠨ ᠳᠡᠯᠡᠬᠡᠶ ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠬᠠᠮᠲᠤ ᠪᠠᠷ ᠵᠥᠪ ᠣᠨᠣᠯᠵᠢᠬᠤᠨ ᠤ ᠵᠢᠯᠤᠭᠤᠳᠤᠯᠭ᠎ᠠ ᠣᠯᠭᠤᠨ᠎ᠠ᠃ ᠡᠩᠭᠡ ᠲᠠᠶᠢᠪᠤᠩ ᠪᠣᠯᠤᠨ ᠬᠥᠭᠵᠢᠯᠲᠡ ᠳᠠᠪᠰᠢᠯᠲᠠ ᠪᠣᠯ ᠮᠠᠨ ᠤ ᠬᠠᠮᠲᠤ ᠶᠢᠨ ᠦᠢᠯᠡᠰ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠮᠠᠨ ᠤ ᠬᠠᠮᠲᠤ ᠶᠢᠨ ᠬᠦᠰᠡᠯᠡᠩ ᠮᠥᠨ᠂ ᠠᠷᠠᠳᠴᠢᠯᠠᠯ ᠡᠷᠬᠡ ᠴᠢᠯᠥᠭᠡ ᠪᠣᠯ ᠮᠠᠨ ᠤ ᠬᠠᠮᠲᠤ ᠶᠢᠨ ᠬᠥᠭᠡᠭᠡᠴᠡᠯᠳᠦᠯ ᠮᠥᠨ᠃ ᠳᠡᠯᠡᠬᠡᠶ ᠶᠢᠷᠲᠢᠨᠴᠦ ᠪᠣᠯ ᠪᠠᠶᠠᠯᠢᠭ ᠰᠠᠶᠢᠬᠠᠨ ᠪᠠᠶᠢᠳᠠᠭ᠂ ᠤᠯᠠᠨ ᠶᠠᠩᠵᠤᠲᠤ ᠴᠢᠨᠠᠷ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠭᠢᠯᠠᠰ ᠴᠡᠭ ᠮᠥᠨ᠂ ᠨᠡᠩ ᠴᠤ ᠳᠡᠯᠡᠬᠡᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠭᠴᠢ ᠬᠦᠴᠦᠨ ᠤ ᠡᠬᠢ ᠦᠨᠳᠦᠰᠦ ᠮᠥᠨ᠃ ︽ᠡᠷᠳᠡᠮᠲᠡᠨ ᠪᠦᠬᠦᠨ ᠤ ᠭᠤᠸ᠎ᠠ ᠰᠠᠶᠢᠬᠠᠨ ᠢ ᠦᠯᠦ ᠭᠦᠢᠴᠡᠳᠬᠡᠪᠡᠰᠦ᠂ ᠭᠠᠭᠴᠠ ᠬᠥᠮᠦᠨ ᠤ ᠭᠠᠶᠢᠬᠠᠮᠰᠢᠭ ᠢ ᠦᠯᠦ ᠪᠦᠲᠦᠭᠡᠵᠦ ᠴᠢᠳᠠᠮᠤᠢ︾᠃ ᠪᠣᠯᠪᠠᠰᠤᠨ ᠳᠤ ᠡᠷᠬᠢᠮ ᠳᠣᠣᠷᠠᠳᠤ᠂ ᠰᠠᠶᠢᠨ ᠮᠠᠭᠤ ᠶᠢᠨ ᠢᠯᠭᠠᠭ᠎ᠠ ᠭᠡᠵᠦ ᠪᠠᠶᠢᠳᠠᠭ ᠦᠭᠡᠢ᠂ ᠭᠠᠭᠴᠠ ᠬᠦ ᠣᠨᠴᠠᠯᠢᠭ᠂ ᠭᠠᠵᠠᠷ ᠣᠷᠣᠨ ᠤ ᠢᠯᠭᠠᠭ᠎ᠠ ᠯᠠ ᠪᠠᠶᠢᠳᠠᠭ᠂ ᠭᠠᠭᠴᠠ ᠬᠦ ᠰᠣᠯᠢᠯᠴᠠᠭᠠᠨ ᠤ ᠳᠤᠮᠳᠠ ᠰᠠᠶ᠋ᠢ ᠠᠭᠤᠰᠤᠯᠴᠠᠵᠤ᠂ ᠠᠭᠤᠰᠤᠯᠴᠠᠯ ᠤᠨ ᠳᠤᠮᠳᠠ ᠰᠠᠶ᠋ᠢ ᠲᠠᠪᠰᠢᠵᠤ ᠴᠢᠳᠠᠨ᠎ᠠ᠃ ᠨᠢᠭᠡ ᠤᠯᠤᠰ ᠤᠨ ᠵᠠᠮ ᠮᠥᠷ ᠤᠨ ᠵᠥᠪ ᠪᠣᠯᠬᠤ ᠡᠰᠡᠬᠦ ᠶᠢᠨ ᠵᠠᠩᠭᠢᠯᠠᠭ᠎ᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠲᠠᠢ ᠨᠡᠶᠢᠴᠡᠵᠦ ᠪᠠᠶᠢᠬᠤ ᠡᠰᠡᠬᠦ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠡᠰᠡᠬᠦ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠲᠠᠪᠰᠢᠯᠳᠠ ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠤᠢ ᠪᠣᠯᠭᠠᠵᠤ ᠴᠢᠳᠠᠬᠤ ᠡᠰᠡᠬᠦ᠂ ᠠᠷᠠᠳ ᠲᠦᠮᠡᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠬᠤ ᠡᠰᠡᠬᠦ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠬᠤᠪᠢ ᠨᠡᠮᠡᠷᠢ ᠦᠵᠡᠭᠦᠯᠵᠦ ᠴᠢᠳᠠᠬᠤ ᠡᠰᠡᠬᠦ ᠳᠤ ᠪᠤᠢ᠃        — ᠪᠢᠳᠠ ᠭᠠᠷ ᠭᠠᠷ ᠢᠶᠠᠨ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠤ ᠪᠠᠨ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠪᠠᠯ ᠵᠣᠬᠢᠨ᠎ᠠ᠃ ᠬᠥᠮᠦᠨ ᠲᠥᠷᠥᠯᠬᠢᠲᠡᠨ ᠪᠣᠯ ᠨᠢᠭᠡᠨ ᠪᠦᠬᠦᠯᠢ ᠴᠣᠭᠴᠠ ᠮᠥᠨ᠂ ᠳᠡᠯᠡᠬᠡᠶ ᠶᠢᠨ ᠪᠥᠮᠪᠥᠷᠴᠡᠭ ᠪᠣᠯ ᠨᠢᠭᠡᠨ ᠭᠡᠷ ᠣᠷᠣᠨ ᠮᠥᠨ᠃ ᠶᠠᠮᠠᠷᠪᠠ ᠬᠥᠮᠦᠨ᠂ ᠶᠠᠮᠠᠷᠪᠠ ᠤᠯᠤᠰ ᠭᠡᠳ ᠥᠪᠡᠷ ᠤᠨ ᠪᠡᠶ᠎ᠡ ᠪᠠᠨ ᠯᠡ ᠪᠣᠳᠣᠬᠤ ᠶᠢᠨ ᠠᠷᠭ᠎ᠠ ᠦᠭᠡᠶ ᠶᠤᠮ᠃ ᠬᠥᠮᠦᠨ ᠲᠥᠷᠥᠯᠬᠢᠲᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠬᠦᠴᠦᠯᠡᠨ ᠴᠢᠷᠮᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠲᠠᠰᠤᠷᠠᠯᠲᠠ ᠦᠭᠡᠢ ᠤᠷᠤᠭᠰᠢᠯᠠᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠪᠠᠯ ᠵᠣᠬᠢᠨ᠎ᠠ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠨᠢ᠂ ᠨᠢᠭᠡ ᠵᠦᠢᠯ ᠤᠨ ᠪᠠᠶᠢᠭᠤᠯᠤᠯ ᠢᠶᠠᠷ ᠨᠦᠭᠦᠭᠡ ᠵᠦᠢᠯ ᠤᠨ ᠪᠠᠶᠢᠭᠤᠯᠤᠯ ᠢ ᠣᠷᠣᠯᠠᠭᠤᠯᠬᠤ ᠪᠢᠰᠢ᠂ ᠨᠢᠭᠡ ᠵᠦᠢᠯ ᠤᠨ ᠪᠣᠯᠪᠠᠰᠤᠨ ᠢᠶᠠᠷ ᠨᠦᠭᠦᠭᠡ ᠨᠢᠭᠡ ᠵᠦᠢᠯ ᠤᠨ ᠪᠣᠯᠪᠠᠰᠤᠨ ᠢ ᠣᠷᠣᠯᠠᠭᠤᠯᠬᠤ ᠪᠢᠰᠢ᠂ ᠬᠠᠷᠢᠨ ᠠᠳᠠᠯᠢ ᠪᠤᠰᠤ ᠨᠡᠶᠢᠭᠡᠮ ᠤᠨ ᠪᠠᠶᠢᠭᠤᠯᠤᠯ᠂ ᠠᠳᠠᠯᠢ ᠪᠤᠰᠤ ᠦᠵᠡᠯ ᠤᠬᠠᠮᠰᠠᠷ ᠤᠨ ᠬᠡᠯᠪᠡᠷᠢ᠂ ᠠᠳᠠᠯᠢ ᠪᠤᠰᠤ ᠲᠡᠦᠬᠡ ᠰᠣᠶᠣᠯ᠂ ᠠᠳᠠᠯᠢ ᠪᠤᠰᠤ ᠬᠥᠭᠵᠢᠯᠲᠡ ᠶᠢᠨ ᠬᠢᠷᠢ ᠲᠦᠪᠰᠢᠨ ᠲᠠᠢ ᠤᠯᠤᠰ ᠣᠷᠣᠨ ᠨᠤᠭᠤᠳ ᠤᠯᠠᠨ ᠤᠯᠤᠰ ᠤᠨ ᠬᠡᠷᠡᠭ ᠶᠠᠪᠤᠳᠠᠯ ᠳᠤ ᠠᠰᠢᠭ ᠲᠤᠰᠠ ᠪᠠᠨ ᠬᠠᠮᠲᠤ ᠪᠠᠷ ᠬᠦᠷᠲᠡᠵᠦ᠂ ᠡᠷᠬᠡ ᠪᠠᠨ ᠬᠠᠮᠲᠤ ᠪᠠᠷ ᠡᠳ᠋ᠯᠡᠵᠦ᠂ ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠵᠦ᠂ ᠰᠠᠶᠢᠨ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠠᠶᠢᠭᠤᠯᠬᠤ ᠬᠠᠮᠤᠭ ᠤᠨ ᠶᠡᠭᠡ ᠶᠡᠷᠦᠩᠬᠡᠶ ᠬᠤᠷᠢᠶᠠᠭᠴᠢ ᠲᠤᠭ᠎ᠠ ᠶᠢ ᠪᠦᠷᠢᠯᠳᠦᠭᠦᠯᠬᠦ ᠶᠠᠪᠤᠳᠠᠯ ᠪᠣᠯᠤᠨ᠎ᠠ᠃        — ᠪᠢᠳᠡ ᠬᠠᠷᠢᠯᠴᠠᠨ ᠠᠰᠢᠭ ᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠶ᠃ ᠳᠤᠮᠳᠠᠳᠤ ᠤᠯᠤᠰ ᠤᠨ ᠡᠷᠲᠡᠨ ᠤ ᠡᠷᠳᠡᠮᠲᠡᠨ᠄ ︽ᠤᠯᠤᠰ ᠢ ᠵᠠᠰᠠᠬᠤ ᠶᠢᠨ ᠦᠨᠳᠦᠰᠦ ᠠᠨᠤ ᠠᠷᠠᠳ ᠢ ᠠᠮᠤᠷᠵᠢᠭᠤᠯᠬᠤ ᠳᠤ ᠠᠮᠤᠢ︔ ᠠᠷᠠᠳ ᠢ ᠠᠮᠤᠷᠵᠢᠭᠤᠯᠬᠤ ᠶᠢᠨ ᠦᠨᠳᠦᠰᠦ ᠠᠨᠤ ᠬᠡᠷᠡᠭᠯᠡᠭᠡ ᠶᠢ ᠭᠦᠢᠴᠡᠳ ᠬᠠᠩᠭᠠᠬᠤ ᠳᠤ ᠠᠮᠤᠢ︾ ᠭᠡᠵᠦ ᠬᠡᠯᠡᠭᠰᠡᠨ ᠪᠠᠶᠢᠳᠠᠭ᠃ ᠬᠥᠭᠵᠢᠯᠲᠡ ᠶᠢ ᠠᠬᠢᠭᠤᠯᠵᠤ᠂ ᠠᠮᠤᠷ ᠵᠢᠮᠦᠷ ᠠᠵᠤ ᠲᠦᠷᠦᠭᠦ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠠᠷᠠᠳ ᠲᠦᠮᠡᠨ ᠤ ᠲᠥᠯᠥᠭᠡ ᠬᠥᠭᠵᠢᠭᠦᠯᠪᠡᠯ ᠬᠥᠭᠵᠢᠯᠲᠡ ᠰᠠᠶ᠋ᠢ ᠠᠴᠢ ᠬᠤᠯᠪᠣᠭᠳᠠᠯ ᠲᠠᠢ ᠶᠤᠮ︔ ᠠᠷᠠᠳ ᠲᠦᠮᠡᠨ ᠳᠤ ᠲᠦᠰᠢᠭᠯᠡᠨ ᠬᠥᠭᠵᠢᠭᠦᠯᠪᠡᠯ ᠰᠠᠶ᠋ᠢ ᠬᠥᠳᠡᠯᠭᠡᠬᠦ ᠬᠦᠴᠦᠨ ᠲᠠᠢ ᠪᠤᠯᠵᠤ ᠴᠢᠳᠠᠨ᠎ᠠ᠃ ᠳᠡᠯᠡᠬᠡᠢ ᠶᠢᠨ ᠡᠯ᠎ᠡ ᠤᠯᠤᠰ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠩ ᠴᠢᠨᠠᠷᠯᠢᠭ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠪᠡᠯ ᠵᠣᠬᠢᠨ᠎ᠠ᠃ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠤ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠦᠷᠲᠡᠬᠦ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠤᠯᠤᠰ ᠨᠢᠭᠡᠪᠦᠷᠢ᠂ ᠬᠥᠮᠦᠨ ᠨᠢᠭᠡᠪᠦᠷᠢ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠥᠭᠵᠢᠯᠲᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠲᠦᠷᠦᠭᠦᠬᠡᠨ ᠪᠢ ᠲᠠᠯᠠᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠪᠠ᠂ ᠡᠯ᠎ᠡ ᠤᠯᠤᠰ ᠬᠠᠮᠲᠤ ᠪᠠᠷ ᠴᠢᠷᠮᠠᠶᠢᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠦᠬᠦ ᠪᠥᠮᠪᠥᠷᠴᠡᠭ ᠤᠨ ᠬᠥᠭᠵᠢᠯᠲᠡ ᠳᠤ ᠦᠵᠡᠭᠦᠯᠬᠦ ᠲᠠᠭᠠᠷᠢᠯᠳᠠ ᠶᠢ ᠡᠰᠡᠷᠭᠦᠴᠡᠵᠦ᠂ 2030 ᠣᠨ ᠤ ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃        — ᠪᠢᠳᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠥᠷᠢᠰᠥᠯᠳᠦᠭᠡᠨ ᠪᠠ ᠪᠦᠬᠦ ᠪᠥᠮᠪᠥᠷᠴᠡᠭ ᠤᠨ ᠴᠢᠨᠠᠷᠲᠠᠶ ᠠᠰᠠᠭᠤᠳᠠᠯ ᠢ ᠬᠠᠮᠲᠤ ᠪᠠᠷ ᠠᠷᠭᠠᠴᠠᠭᠠᠪᠠᠯ ᠵᠣᠬᠢᠨ᠎ᠠ᠃ ᠭᠠᠵᠠᠷ ᠣᠷᠣᠨ ᠤ ᠵᠢᠭᠤᠷᠠᠯᠳᠤᠭᠠᠨ ᠪᠠ ᠰᠦᠷᠳᠡᠭᠦᠯᠬᠦ ᠦᠵᠡᠯ᠂ ᠠᠭᠤᠷ ᠠᠮᠢᠰᠬᠤᠯ ᠤᠨ ᠬᠤᠪᠢᠷᠠᠯᠲᠠ᠂ ᠰᠦᠯᠵᠢᠶᠡᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠶᠠᠭ ᠳᠡᠯᠡᠬᠡᠢ ᠨᠡᠶᠢᠲᠡ ᠶᠢᠨ ᠡᠮᠦᠨ᠎ᠡ ᠲᠠᠯᠪᠢᠭᠳᠠᠵᠤ ᠪᠠᠶᠢᠨ᠎ᠠ᠂ ᠭᠠᠭᠴᠠ ᠬᠦ ᠨᠡᠩ ᠪᠠᠭᠲᠠᠭᠠᠮᠵᠢᠲᠠᠢ ᠪᠦᠬᠦ ᠪᠥᠮᠪᠥᠷᠴᠡᠭ ᠤᠨ ᠵᠠᠰᠠᠯᠲᠠ᠂ ᠨᠡᠩ ᠪᠦᠲᠦᠮᠵᠢᠲᠡᠢ ᠤᠯᠠᠨ ᠲᠠᠯᠠᠲᠤ ᠲᠣᠭᠲᠠᠴᠠ᠂ ᠨᠡᠩ ᠢᠳᠡᠪᠬᠢᠲᠡᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠷᠢᠯᠳᠦᠭᠦᠯᠪᠡᠯ ᠰᠠᠶ᠋ᠢ ᠪᠦᠲᠦᠮᠵᠢᠲᠡᠢ ᠠᠷᠭᠠᠴᠠᠭᠠᠵᠤ ᠴᠢᠳᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠪᠣᠯ ᠶᠡᠭᠡ ᠪᠠᠶᠢᠭᠠᠯᠢ ᠠᠴᠠ ᠬᠥᠮᠦᠨ ᠲᠥᠷᠥᠯᠬᠢᠲᠡᠨ ᠳᠤ ᠥᠭᠭᠦᠭᠰᠡᠨ ᠰᠡᠷᠡᠮᠵᠢ ᠶᠢᠨ ᠳᠣᠬᠢᠶ᠎ᠠ ᠮᠥᠨ᠃ ᠳᠡᠯᠡᠬᠡᠢ ᠶᠢᠨ ᠡᠯ᠎ᠡ ᠤᠯᠤᠰ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢᠨ ᠠᠮᠤᠷ ᠲᠦᠪᠰᠢᠨ ᠤ ᠬᠢᠵᠠᠭᠠᠷ ᠢ ᠰᠠᠬᠢᠵᠤ᠂ ᠪᠣᠬᠢᠷᠲᠤᠯ ᠦᠭᠡᠢ ᠰᠡᠷᠭᠦᠯᠲᠡ᠂ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ ᠶᠢ ᠵᠣᠷᠢᠭᠵᠢᠭᠤᠯᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠷᠢᠰᠢᠯ ᠢ ᠪᠦᠷᠢᠯᠳᠦᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠬᠦ᠋ᠢᠴᠡ ᠬᠥᠭᠵᠢᠯᠲᠡ ᠶᠢᠨ ᠰᠢᠷᠭᠢᠰᠢ ᠦᠭᠡᠢ ᠡᠬᠢ ᠰᠤᠷᠪᠤᠯᠵᠢ ᠪᠣᠯᠭᠠᠬᠤ ᠬᠡᠷᠡᠭᠲᠡᠢ᠃        — ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠬᠦ ᠬᠡᠷᠡᠭᠲᠡᠶ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠢᠭᠡᠨ ᠬᠦᠴᠦᠷᠬᠡᠭ ᠶᠡᠭᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠬᠤ ᠴᠢᠬᠤᠯᠠᠲᠠᠢ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠥᠭᠡᠷᠡᠴᠢᠯᠡᠨ ᠪᠠᠶᠢᠭᠤᠯᠬᠤ ᠴᠢᠬᠤᠯᠠᠲᠠᠢ ᠶᠤᠮ᠃ ᠳᠡᠯᠡᠬᠡᠶ ᠶᠢᠨ ᠡᠯ᠎ᠡ ᠤᠯᠤᠰ ᠣᠷᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠬᠤ ᠬᠡᠷᠡᠭᠲᠡᠶ᠃ ᠤᠯᠠᠨ ᠤᠯᠤᠰ ᠤᠨ ᠲᠦᠷᠢᠮ ᠢ ᠵᠥᠪᠬᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠲᠣᠭᠲᠠᠭᠠᠬᠤ ᠠᠴᠠ ᠪᠢᠰᠢ᠂ ᠣᠨᠴᠠ ᠵᠠᠷᠢᠮ ᠤᠯᠤᠰ ᠪᠠ ᠤᠯᠤᠰ ᠤᠨ ᠪᠦᠯᠦᠭᠯᠡᠯ ᠠᠴᠠ ᠲᠣᠭᠲᠠᠭᠠᠵᠤ ᠪᠣᠯᠬᠤ ᠦᠭᠡᠢ᠃ ᠤᠯᠠᠨ ᠤᠯᠤᠰ ᠤᠨ ᠲᠦᠷᠢᠮ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠵᠢᠷᠤᠮᠯᠠᠬᠤ ᠶᠣᠰᠣᠲᠠᠶ᠂ ᠡᠭᠦᠨ ᠠᠴᠠ ᠥᠭᠡᠷ᠎ᠡ ᠪᠠᠶᠢᠳᠠᠯ ᠪᠠᠶᠢᠵᠤ ᠪᠣᠯᠬᠤ ᠦᠭᠡᠢ ᠪᠥᠭᠡᠳ ᠪᠠᠶᠢᠬᠤ ᠴᠤ ᠶᠣᠰᠣ ᠦᠭᠡᠢ ᠶᠤᠮ᠃ ᠳᠡᠯᠡᠬᠡᠶ ᠶᠢᠨ ᠡᠯ᠎ᠡ ᠤᠯᠤᠰ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠬᠦᠨᠳᠦᠳᠬᠡᠬᠦ ᠣᠪᠣᠷ ᠢ ᠠᠪᠴᠤ᠂ ᠡᠨᠡ ᠬᠦ ᠶᠡᠭᠡ ᠭᠡᠷ ᠪᠦᠯᠢ ᠶᠢ ᠰᠠᠶᠢᠲᠤᠷ ᠬᠠᠶᠢᠷᠠᠯᠠᠨ ᠬᠠᠮᠠᠭᠠᠯᠠᠬᠤ ᠬᠡᠷᠡᠭᠲᠡᠶ᠂ ᠶᠠᠭᠠᠬᠢᠭᠰᠠᠨ ᠴᠤ ᠨᠡᠶᠢᠯᠡᠪᠡᠯ ᠠᠰᠢᠭᠯᠠᠵᠤ᠂ ᠨᠡᠶᠢᠯᠡᠯᠴᠡᠬᠦ ᠦᠭᠡᠢ ᠪᠣᠯ ᠲᠠᠶᠠᠭᠳᠠᠵᠤ ᠪᠣᠯᠬᠤ ᠦᠭᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠬᠥᠮᠦᠨ ᠲᠥᠷᠥᠯᠬᠢᠲᠡᠨ ᠤ ᠡᠩᠭᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠡᠷᠬᠢᠮ ᠳᠡᠭᠡᠳᠦ ᠦᠢᠯᠡᠰ ᠤᠨ ᠳᠤᠮᠳᠠ ᠨᠡᠩ ᠢᠳᠡᠪᠬᠢᠲᠡᠶ ᠦᠢᠯᠡᠳᠦᠯ ᠭᠠᠷᠭᠠᠭᠤᠯᠬᠤ ᠬᠡᠷᠡᠭᠲᠡᠶ ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠵᠦᠪᠳᠡᠯᠴᠡᠵᠦ᠂ ᠬᠠᠮᠲᠤ ᠪᠠᠷ ᠪᠠᠶᠢᠭᠤᠯᠵᠤ᠂ ᠬᠠᠮᠲᠤ ᠪᠠᠷ ᠬᠦᠷᠲᠡᠬᠦ ᠣᠨᠣᠯᠵᠢᠬᠤᠨ ᠢ ᠪᠠᠷᠢᠮᠲᠠᠯᠠᠵᠤ᠂ ᠬᠠᠮᠲᠤᠷᠠᠯᠴᠠᠭᠠᠨ ᠤ ᠰᠡᠳᠬᠢᠮᠵᠢ ᠶᠢ ᠰᠦᠪᠡᠭᠴᠢᠯᠡᠵᠦ᠂ ᠬᠠᠮᠲᠤᠷᠠᠯᠴᠠᠭᠠᠨ ᠤ ᠵᠠᠭᠪᠤᠷ ᠶᠢ ᠰᠢᠨᠡᠴᠢᠯᠡᠵᠦ᠂ ᠰᠢᠨ᠎ᠡ ᠪᠠᠶᠢᠳᠠᠯ ᠳᠣᠣᠷᠠᠬᠢ ᠤᠯᠠᠨ ᠲᠠᠯᠠᠲᠤ ᠦᠵᠡᠯ ᠤᠨ ᠦᠢᠯᠡᠳᠦᠯᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃        ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠨᠠᠷ ᠡ︕        ᠥᠩᠭᠡᠷᠡᠭᠰᠡᠨ ᠢᠶᠠᠨ ᠡᠷᠭᠢᠴᠡᠭᠦᠯᠦᠨ ᠡᠳᠦᠭᠡ ᠶᠢ ᠬᠠᠷᠠᠵᠤ᠂ ᠥᠩᠭᠡᠷᠡᠭᠰᠡᠨ ᠢᠶᠠᠷ ᠲᠣᠯᠢ ᠪᠣᠯᠭᠠᠵᠤ ᠢᠷᠡᠭᠡᠳᠦᠶ ᠶᠢ ᠮᠡᠳᠡᠮᠤᠢ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠪᠣᠯᠤᠨ᠎ᠠ︔ ᠥᠭᠡᠷᠡᠴᠢᠯᠡᠯᠲᠡ ᠨᠡᠬᠡᠬᠡᠯᠳᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠪᠣᠯᠣᠨ᠎ᠠ︔ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃        ︽ᠬᠤᠷ᠎ᠠ ᠪᠣᠷᠣᠭᠠᠨ ᠠᠭᠤᠯᠠᠰ ᠪᠦᠬᠦᠨ ᠳᠤᠷ ᠠᠳᠠᠯᠢ ᠱᠠᠭᠢᠵᠤ᠂ ᠲᠡᠷᠭᠡᠯ ᠰᠠᠷᠠᠨ ᠪᠥᠮᠪᠥᠷᠴᠡᠭ ᠳ᠋ᠠᠬᠢᠨ ᠳᠤᠷ ᠵᠢᠭᠳᠡ ᠲᠤᠰᠤᠮᠣᠢ︾᠃ ᠪᠢᠳᠠ ᠭᠠᠷ ᠭᠠᠷ ᠢᠶᠠᠨ ᠬᠤᠯᠪᠣᠯᠴᠠᠨ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠡᠭᠦᠷᠢᠳᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕        ᠲᠠᠯᠠᠷᠬᠠᠯ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号