| 10 ᠰᠠᠷ᠎ᠠ ᠶᠢᠨ 27 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠤᠯᠠᠭᠠᠨᠬᠠᠳᠠ ᠬᠤᠲᠠ ᠶᠢᠨ ᠡᠮᠨᠡᠯᠭᠡ | ᠶᠢᠨ ᠬᠤᠷᠢᠶᠠᠨ ᠤ ᠰᠢᠨ᠎ᠡ ᠬᠤᠲᠠ ᠶᠢᠨ ᠬᠤᠪᠢᠶᠠᠷᠢ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠳᠡᠭᠡᠳᠦ ᠰᠤᠷᠭᠠᠭᠤᠯᠢ | ᠶᠢᠨ ᠡᠮᠦᠨ᠎ᠡ ᠲᠤᠭᠤᠷᠢᠭ ᠤᠨ ᠲᠥᠯᠦᠪᠵᠢᠭᠦᠯᠭᠡ ᠪᠠᠶᠢᠭᠤᠯᠤᠯᠲᠠ ᠶᠢᠨ ᠲᠦᠷᠦᠯ ᠵᠦᠢᠯ ᠢ ᠲᠤᠬᠠᠢ ᠶᠢᠨ ᠲᠠᠯᠠᠪᠤᠷ ᠲᠤ | ᠨᠢ ᠬᠦᠷᠴᠦ ᠪᠠᠶᠢᠴᠠᠭᠠᠨ᠂ ᠲᠦᠷᠦᠯ ᠵᠦᠢᠯ ᠤᠨ ᠠᠬᠢᠭᠤᠯᠤᠯᠲᠠ ᠶᠢᠨ ᠶᠠᠪᠤᠴᠠ ᠳᠠᠬᠢ ᠬᠦᠴᠢᠷ ᠲᠥᠪᠡᠭ ᠢ | ᠤᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠠᠯᠪᠠᠯᠠᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢ ᠬᠠᠮᠢᠶ᠎ᠠ | ᠪᠦᠬᠦᠢ ᠠᠵᠢᠯ ᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ ᠬᠦᠴᠢᠷ ᠲᠦᠪᠡᠭ ᠢ ᠬᠦᠴᠦᠯᠡᠨ ᠰᠢᠢᠳᠪᠦᠷᠢᠯᠡᠬᠦ ᠬᠡᠷᠡᠭᠲᠡᠢ | ᠭᠡᠵᠦ ᠱᠠᠭᠠᠷᠳᠠᠪᠠ᠃ | ᠤᠯᠠᠭᠠᠨᠬᠠᠳᠠ ᠳᠡᠭᠡᠳᠦ ᠰᠤᠷᠭᠠᠭᠤᠯᠢ ᠶᠢᠨ ᠡᠮᠦᠨ᠎ᠡ ᠲᠤᠭᠤᠷᠢᠭ ᠤᠨ ᠲᠥᠯᠦᠪᠵᠢᠭᠦᠯᠭᠡ ᠪᠠᠶᠢᠭᠤᠯᠤᠯᠲᠠ | ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠤᠷ ᠲᠤ ᠴᠧᠨ ᠵᠠᠨ ᠢᠩ ᠲᠦᠷᠦᠯ ᠵᠦᠢᠯ ᠤᠨ ᠪᠠᠶᠢᠭᠤᠯᠤᠯᠲᠠ ᠳᠠᠬᠢ | ᠭᠠᠵᠠᠷ ᠰᠢᠷᠦᠢ ᠲᠠᠲᠠᠪᠤᠷᠢᠯᠠᠬᠤ᠂ ᠨᠤᠷᠠᠭᠠᠵᠤ ᠨᠡᠭᠦᠯᠭᠡᠬᠦ ᠵᠡᠷᠭᠡ ᠲᠠᠯ᠎ᠠ ᠶᠢᠨ ᠠᠰᠠᠭᠤᠳᠠᠯ ᠤᠨ ᠰᠢᠢᠳᠪᠦᠷᠢᠯᠡᠬᠦ | ᠲᠥᠰᠦᠯ ᠢ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠲᠠᠢ ᠬᠠᠮᠲᠤᠪᠡᠷ ᠵᠥᠪᠳᠡᠯᠴᠡᠵᠦ᠂ ᠰᠠᠨᠠᠯ | ᠰᠠᠨᠠᠭᠤᠯᠭ᠎ᠠ ᠪᠠᠨ ᠳᠤᠷᠠᠳᠬᠤ ᠶᠢᠨ ᠬᠠᠮᠲᠤ ᠬᠤᠩᠱᠠᠨ ᠲᠣᠭᠤᠷᠢᠭ ᠤᠨ ᠬᠠᠮᠢᠶ᠎ᠠ ᠪᠥᠬᠦᠢ ᠰᠠᠯᠠᠭ᠎ᠠ ᠮᠥᠴᠢᠷ | ᠬᠠᠮᠵᠢᠯᠴᠠᠨ ᠳᠡᠮᠵᠢᠵᠦ ᠰᠠᠶᠢᠲᠤᠷ ᠠᠵᠢᠯᠯᠠᠨ᠂ ᠲᠦᠷᠦᠯ ᠵᠦᠢᠯ ᠤᠨ ᠪᠠᠶᠢᠭᠤᠯᠤᠯᠲᠠ ᠳᠤ ᠰᠢᠯᠢᠳᠡᠭ ᠦᠢᠯᠡᠴᠢᠯᠡᠭᠡ | ᠬᠠᠩᠭᠠᠬᠤ ᠪᠠᠷ ᠬᠦᠴᠦᠯᠡᠨ ᠵᠢᠳᠬᠦᠬᠦ ᠬᠡᠷᠡᠭᠲᠡᠢ ᠭᠡᠪᠡ᠃ | ᠲᠤᠭᠤᠷᠢᠭ ᠤᠨ ᠤᠳᠤᠷᠢᠳᠤᠯᠭ᠎ᠠ ᠢᠦᠢ ᠴᠦᠨ ᠢᠦᠢ ᠪᠠᠷ᠎ᠠ ᠪᠤᠯᠤᠯᠴᠠᠵᠤ ᠪᠠᠶᠢᠴᠠᠭᠠᠨ ᠰᠤᠳᠤᠯᠪᠠ᠃ | |