| | | 2021 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ | ᠡᠪᠡᠳᠴᠢᠨ ᠤ ᠵᠢᠱᠢᠶ᠎ᠡ ᠰᠢᠨ᠎ᠡ ᠨᠡᠮᠡᠭᠳᠡᠭᠰᠡᠨ ᠦᠭᠡᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ | ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ︶ ᠨᠡᠮᠡᠭᠳᠡᠪᠡ᠃ ᠥᠪᠦᠷ ᠮᠣᠩᠭᠤᠯ ᠣᠷᠤᠨ ᠳᠤ ᠲᠣᠳᠤᠯᠠᠭᠰᠠᠨ 22 | ᠡᠪᠡᠳᠴᠢᠲᠡᠨ ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠᠨ ᠤ 2 ᠡᠪᠡᠳᠴᠢᠲᠡᠨ᠂ ᠠᠯᠠᠱᠠ ᠠᠶᠢᠮᠠᠭ ᠤᠨ | ᠡᠵᠡᠨ᠎ᠡ ᠬᠤᠰᠢᠭᠤᠨ ᠤ 20 ᠡᠪᠡᠳᠴᠢᠲᠡᠨ︶ ᠡᠷᠡᠭᠦᠯᠵᠢᠵᠦ ᠡᠮᠨᠡᠯᠭᠡ ᠠᠴᠠ ᠭᠠᠷᠴᠠᠢ᠃ ᠰᠢᠨ᠎ᠡ ᠨᠡᠮᠡᠭᠳᠡᠭᠰᠡᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠨᠠᠷᠢᠨ ᠪᠠᠶᠢᠳᠠᠯ᠄ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ᠄ ᠡᠵᠡᠨ᠎ᠡ ᠬᠤᠰᠢᠭᠤᠨ ᠤ ᠲᠥᠪᠡᠯᠷᠡᠭᠦᠯᠦᠨ | ᠲᠤᠰᠠᠭᠠᠷᠯᠠᠬᠤ ᠴᠡᠭ ᠲᠠᠬᠢ ᠬᠦᠮᠦᠰ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ᠠᠷᠭ᠎ᠠ ᠴᠢᠨᠠᠷ | ᠢᠯᠡᠷᠡᠭᠰᠡᠨ ᠪᠥᠭᠡᠳ ᠲᠠᠬᠢᠨ ᠬᠠᠷᠭᠤᠭᠤᠯᠤᠭᠰᠠᠨ ᠳᠤ ᠮᠥᠨ ᠠᠷᠭ᠎ᠠ ᠴᠢᠨᠠᠷ ᠪᠠᠶᠢᠪᠠ᠃ ᠣᠳᠤᠬᠠᠨ ᠳᠤ ᠡᠪᠡᠳᠴᠢᠨ ᠤ | ᠢᠯᠡᠷᠡᠯ ᠦᠭᠡᠢ᠂ CT ᠪᠠᠶᠢᠴᠠᠭᠠᠯᠲᠠ ᠶᠢᠨ ᠳ᠋ᠦᠩ ᠴᠤ ᠬᠡᠪ ᠤᠨ ᠪᠠᠶᠢᠳᠠᠯ ᠲᠠᠢ ᠪᠠᠶᠢᠨ᠎ᠠ᠃ | 2021 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ ᠥᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ | ᠡᠪᠡᠳᠴᠢᠨ ᠤ ᠵᠢᠱᠢᠶ᠎ᠡ 7᠂ ᠥᠪᠦᠷ ᠮᠣᠩᠭᠤᠯ ᠣᠷᠤᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 62 ︵ | ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠᠨ ᠳᠤ 5᠂ ᠣᠷᠳᠤᠰ ᠬᠤᠲᠠ ᠶᠢᠨ ᠡᠵᠡᠨ ᠬᠤᠷᠤᠭ᠎ᠠ | ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 56︶᠂ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 1 ᠪᠠᠶᠢᠨ᠎ᠠ᠃᠂ ᠪᠦᠬᠦ ᠡᠪᠡᠳᠴᠢᠲᠠᠳ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ | ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃ |