ᠵᠠᠩ ᠱᠤᠤ ᠴᠦᠨ ᠣᠷᠳᠣᠰ ᠲᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ ᠱᠠᠭᠠᠷᠳᠠᠭᠰᠠᠨ ᠨᠢ ᠤᠯᠤᠰ ᠤᠨ ᠬᠠᠩᠭᠠᠯᠭ᠎ᠠ ᠶᠢ ᠪᠠᠲᠤᠯᠠᠬᠤ ᠶᠡᠭᠡ ᠲᠠᠯ᠎ᠠ ᠳᠤ ᠦᠢᠯᠡᠴᠢᠯᠡᠵᠦ ᠮᠠᠯᠴᠢᠨ ᠲᠠᠷᠢᠶᠠᠴᠢᠨ ᠳᠤ ᠬᠠᠨᠭ᠍ᠭᠠᠬᠤ ᠡᠩ ᠤᠨ ᠦᠨ᠎ᠡ ᠶᠢᠨ ᠨᠡᠭᠦᠷᠡᠰᠦᠨ ᠤ ᠬᠡᠮᠵᠢᠶ᠎ᠡ ᠨᠢ ᠭᠦᠢᠴᠡᠳ ᠴᠢᠨᠠᠷ ᠨᠢ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ
ᠨᠡᠶᠢᠲᠡᠯᠡᠭᠰᠡᠨ ᠴᠠᠭ᠄
2021/11/11
           11 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠷᠳᠤᠰ ᠬᠤᠳᠠ ᠳᠤ ᠬᠦᠷᠴᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃        ᠵᠠᠩ ᠱᠤᠤ ᠴᠦᠨ ᠮᠠ ᠳ᠋ᠢ ᠯᠢᠶᠠᠩ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠤᠶᠤᠨᠲᠤ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠷᠳᠤᠰ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠤᠶᠤᠨᠲᠤ ᠠᠭᠤᠷᠬᠠᠢ ᠶᠢᠨ ᠮᠡᠷᠭᠡᠵᠢᠯ ᠤᠨ ᠬᠡᠷᠡᠭᠯᠡᠭᠡ ᠶᠢ ᠢᠳᠡᠪᠬᠢᠲᠡᠢ ᠳᠡᠯᠭᠡᠷᠡᠭᠦᠯᠵᠦ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠵᠦ᠂ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠵᠤ᠂ ᠤᠯᠤᠰ ᠤᠨ ᠬᠠᠩᠭᠠᠯᠭ᠎ᠠ ᠶᠢ ᠪᠠᠲᠤᠯᠠᠬᠤ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃ ᠤᠯᠤᠰ ᠤᠨ ᠡᠨᠧᠷᠭᠢ 580 ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ ᠲᠤ᠂ ᠵᠠᠩ ᠱᠤᠤ ᠴᠦᠨ ᠲᠤᠮᠤ ᠳ᠋ᠠᠶᠢᠲ᠋ᠠ ᠶᠢᠨ ᠲᠠᠪᠴᠠᠩ ᠤᠨ ᠦᠵᠡᠭᠦᠯᠭᠡ ᠶᠢ ᠦᠵᠡᠵᠦ᠂ ᠨᠡᠭᠦᠷᠡᠰᠦᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠪᠦᠷᠢᠯᠳᠦᠭᠰᠡᠨ ᠪᠠᠶᠢᠳᠠᠯ ᠢ ᠯᠠᠪᠯᠠᠨ ᠠᠰᠠᠭᠤᠵᠤ᠂ ᠲᠤᠮᠤ ᠳ᠋ᠠᠶᠢᠲ᠋ᠠ ᠶᠢᠨ ᠮᠡᠷᠭᠡᠵᠢᠯ ᠢ ᠴᠢᠳᠠᠮᠠᠭᠠᠢ ᠠᠰᠢᠭᠯᠠᠵᠤ᠂ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠬᠢᠵᠠᠭᠠᠷᠯᠠᠯ ᠢ ᠴᠢᠩᠭᠠᠳᠬᠠᠵᠤ᠂ ᠨᠡᠭᠦᠷᠡᠰᠦᠨ ᠤ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠱᠠᠯᠠᠪᠳᠠᠭᠤᠯᠤᠨ ᠱᠠᠭᠠᠷᠳᠠᠵᠤ᠂ ᠨᠡᠭᠦᠷᠡᠰᠦᠨ ᠤ ᠦᠨ᠎ᠡ ᠬᠠᠩᠰᠢ ᠶᠢ ᠵᠣᠬᠢᠰᠲᠠᠢ ᠬᠡᠪᠴᠢᠶᠡᠨ ᠳᠤ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠤᠸᠠᠨ ᠵᠢᠩ ᠣᠷᠳᠣᠰ ᠤᠨ ᠯᠢᠩ ᠮᠸᠢ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ ᠂ ᠵᠠᠩ ᠱᠤᠤ ᠴᠦᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠬᠦᠳᠦᠯᠦᠨ ᠳᠠᠭᠠᠭᠤᠯᠬᠤ ᠪᠠ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠵᠠᠩ ᠱᠤᠤ ᠴᠦᠨ ᠯᠦᠩᠺᠸᠦ ᠪᠠᠯᠭᠠᠰᠤᠨ ᠤ ᠬᠥᠩᠭᠡᠷ ᠤᠨ ᠰᠢᠯᠢ ᠲᠤᠰᠬᠤᠨ ᠤ ᠮᠢᠶᠣᠣ ᠶᠠᠨ ᠱᠧ ᠲᠤᠰᠬᠤᠨ ᠤ ᠠᠷᠠᠳ ᠸᠠᠩ ᠡᠯ ᠶᠢᠦ ᠪᠢᠨ ᠤ ᠬᠡᠷ ᠲᠤ ᠬᠦᠷᠴᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠨᠥᠭᠡᠴᠡ ᠶᠢᠨ ᠪᠠᠶᠢᠳᠠᠯ ᠢ ᠣᠶᠢᠯᠠᠭᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢ ᠣᠳᠣᠬᠠᠨ ᠤ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠠᠵᠢᠯ ᠪᠣᠯᠭᠠᠵᠤ᠂ ᠨᠡᠭᠦᠷᠡᠰᠦ ᠬᠠᠩᠭᠠᠬᠤ ᠭᠠᠵᠠᠷ ᠣᠷᠣᠨ ᠪᠣᠯᠤᠨ ᠠᠵᠤ ᠠᠬᠤᠶᠢᠯᠠᠯ ᠢ ᠱᠠᠯᠠᠪᠳᠠᠨ ᠵᠣᠯᠭᠠᠭᠤᠯᠵᠤ᠂ ᠪᠣᠷᠣᠯᠠᠭᠤᠯᠬᠤ ᠬᠦᠷᠭᠡᠭᠦ ᠠᠷᠭ᠎ᠠ ᠵᠠᠮ ᠢ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠳᠤ ᠬᠠᠩᠭᠠᠬᠤ ᠡᠩ ᠤᠨ ᠦᠨ᠎ᠡ ᠶᠢᠨ ᠨᠡᠭᠦᠷᠡᠰᠦᠨ ᠤ ᠬᠡᠮᠵᠢᠶ᠎ᠠ ᠨᠢ ᠭᠦᠢᠴᠡᠳ ᠴᠢᠨᠠᠷ ᠨᠢ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号