ᠮᠠᠨ ᠤ ᠣᠷᠣᠨ ᠤ 2 ᠪᠠᠯᠭᠠᠰᠤ 1 ᠲᠣᠰᠬᠤᠨ 2021 ᠣᠨ ᠤ ᠪᠥᠬᠦ ᠤᠯᠤᠰ ᠤᠨ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠤᠨ 10 ᠳ᠋ᠦᠩᠰᠢᠭᠤᠷ ᠲᠥᠭᠦᠷᠢᠭ ᠤᠨ ᠪᠠᠯᠭᠠᠰᠤ ᠪᠠ ᠳ᠋ᠦᠩᠰᠢᠭᠤᠷ ᠲᠥᠭᠦᠷᠢᠭ ᠤᠨ ᠲᠣᠰᠬᠤᠨ ᠪᠣᠯᠪᠠ
ᠨᠡᠶᠢᠲᠡᠯᠡᠭᠰᠡᠨ ᠴᠠᠭ᠄
2021/11/12
           ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠤᠢᠢᠯᠠᠭᠠᠭᠰᠠᠨ ᠢᠶᠠᠷ᠂ ᠤᠢᠢᠷ᠎ᠠ ᠳᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ 2021 ᠣᠨ ᠤ ᠪᠦᠬᠦ ᠤᠯᠤᠰ ᠤᠨ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠤᠨ ᠠᠷᠪᠠᠨ ᠳ᠋ᠦᠩᠰᠢᠭᠤᠷ ᠲᠥᠭᠦᠷᠢᠭ ᠤᠨ ᠪᠠᠯᠭᠠᠰᠤ ᠪᠠ ᠳ᠋ᠦᠩᠰᠢᠭᠤᠷ ᠲᠥᠭᠦᠷᠢᠭ ᠤᠨ ᠲᠣᠰᠬᠤᠨ ᠤ ᠨᠡᠷᠡᠰ ᠢ ᠨᠡᠶᠢᠲᠡᠯᠡᠵᠦ᠂ ᠮᠠᠨ ᠤ ᠣᠷᠣᠨ ᠤ 2 ᠪᠠᠯᠭᠠᠰᠤ 1 ᠲᠣᠰᠬᠤᠨ ᠨᠡᠷᠡᠰ ᠲᠤ ᠵᠢᠭᠰᠠᠭᠠᠭᠳᠠᠵᠠᠢ᠃        ᠨᠡᠷᠡᠰ ᠲᠤ ᠵᠢᠭᠰᠠᠭᠠᠭᠳᠠᠭᠰᠠᠨ 10 ᠳ᠋ᠦᠩᠰᠢᠭᠤᠷ ᠲᠥᠭᠦᠷᠢᠭ ᠤᠨ 2 ᠪᠠᠯᠭᠠᠰᠤ ᠨᠢ ᠲᠣᠰ ᠲᠣᠰ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠬᠠᠭᠤᠷᠠᠢ ᠬᠦᠷᠢᠶ᠎ᠡ ᠰᠤᠮᠤ᠂ ᠣᠷᠳᠣᠰ ᠬᠤᠲᠠ ᠶᠢᠨ ᠣᠲᠤᠭ ᠬᠤᠰᠢᠭᠤᠨ ᠤ ᠠᠷᠪᠠᠰ ᠰᠤᠮᠤ ᠪᠣᠯᠤᠨ᠎ᠠ︔ 1 ᠳ᠋ᠦᠩᠰᠢᠭᠤᠷ ᠲᠥᠭᠦᠷᠢᠭ ᠤᠨ ᠲᠣᠰᠬᠤᠨ ᠨᠢ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠳ᠋ᠠ ᠴᠧᠩ ᠽᠢ ᠪᠠᠯᠭᠠᠰᠤᠨ ᠤ ᠸᠠᠨᠠᠨ ᠲᠣᠰᠬᠤᠨ ᠪᠣᠯᠤᠨ᠎ᠠ᠃        ᠣᠶᠢᠯᠠᠭᠠᠭᠰᠠᠨ ᠢᠶᠠᠷ᠂ ᠲᠣᠰ ᠤᠳᠠᠭᠠᠨ ᠤ ᠪᠥᠬᠦ ᠤᠯᠤᠰ ᠤᠨ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠤᠨ ᠠᠷᠪᠠᠨ ᠳ᠋ᠦᠩᠰᠢᠭᠤᠷ ᠲᠥᠭᠦᠷᠢᠭ ᠤᠨ ᠪᠠᠯᠭᠠᠰᠤ ᠪᠠ ᠳ᠋ᠦᠩᠰᠢᠭᠤᠷ ᠲᠥᠭᠦᠷᠢᠭ ᠤᠨ ᠲᠣᠰᠬᠤᠨ ᠪᠣᠯ ᠡᠨᠡ ᠵᠢᠯ ᠤᠨ ᠪᠥᠬᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤᠨ ᠤ ᠠᠵᠢᠯᠯᠠᠭᠠᠨ ᠢ ᠬᠢᠨᠠᠨ ᠰᠢᠨᠵᠢᠯᠡᠭᠰᠡᠨ ᠦᠷ᠎ᠡ ᠳ᠋ᠦᠩ ᠤᠨ ᠰᠠᠭᠤᠷᠢᠨ ᠳᠡᠭᠡᠷ᠎ᠡ᠂ ᠮᠡᠷᠭᠡᠵᠢᠯᠲᠡᠨ ᠤ ᠬᠢᠨᠠᠨ ᠬᠠᠷᠭᠤᠭᠤᠯᠤᠯᠲᠠ ᠪᠠᠷ ᠳᠠᠮᠵᠢᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠰᠣᠩᠭᠤᠨ ᠲᠠᠨᠢᠯᠴᠠᠭᠤᠯᠵᠤ ᠭᠠᠷᠭᠠᠭᠰᠠᠨ ᠶᠤᠮ᠃ ᠡᠨᠡ ᠵᠢᠯ ᠪᠦᠬᠦ ᠤᠯᠤᠰ ᠤᠨ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠤᠨ 10 ᠳ᠋ᠦᠩᠰᠢᠭᠤᠷ ᠲᠥᠭᠦᠷᠢᠭ ᠤᠨ ᠪᠠᠯᠭᠠᠰᠤ ᠪᠠ ᠳ᠋ᠦᠩᠰᠢᠭᠤᠷ ᠲᠥᠭᠦᠷᠢᠭ ᠤᠨ ᠲᠣᠰᠬᠤᠨ ᠢ ᠨᠡᠶᠢᠲᠡ 427 ᠲᠠᠨᠢᠯᠴᠠᠭᠤᠯᠪᠠ᠃        2011 ᠣᠨ ᠠᠴᠠ ᠣᠲᠣ ᠪᠣᠯᠲᠠᠯ᠎ᠠ᠂ ᠪᠥᠬᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠨᠢᠭᠡᠨᠲᠡ 11 ᠪᠦᠯᠦᠭ ᠰᠢᠯᠭᠠᠷᠠᠭᠤᠯᠤᠨ ᠰᠣᠩᠭᠤᠵᠤ᠂ ᠭᠤᠶᠤᠴᠢᠯᠠᠨ ᠮᠡᠳᠡᠭᠦᠯᠬᠦ ᠭᠤᠤᠯ ᠴᠣᠭᠴᠠ ᠨᠢ ᠵᠠᠰᠠᠭ ᠵᠠᠬᠢᠷᠭᠠᠨ ᠤ ᠲᠣᠰᠬᠤᠨ᠂ ᠰᠢᠶᠠᠩ ᠪᠠᠯᠭᠠᠰᠤ᠂ ᠲᠠᠷᠢᠶᠠᠯᠠᠩ ᠲᠠᠢ ᠨᠡᠶᠢᠭᠡᠮ ᠲᠣᠭᠤᠷᠢᠭ ᠪᠤᠶᠤ ᠵᠡᠭᠡᠯᠢ ᠭᠤᠳᠤᠮᠵᠢ ᠪᠣᠯᠤᠨ᠎ᠠ᠂ ᠲᠡᠳᠡᠭᠡᠷ ᠤᠨ ᠭᠤᠤᠯᠯᠠᠬᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠳᠠᠪᠠᠭᠤᠯᠢᠭ ᠣᠨᠴᠠᠯᠢᠭ ᠨᠢ ᠢᠯᠡ ᠲᠣᠳᠣ᠂ ᠨᠤᠲᠤᠭ ᠤᠰᠤᠨ ᠤ ᠠᠭᠤᠷ ᠠᠮᠢᠰᠬᠤᠯ ᠢᠶᠠᠷ ᠭᠦᠨ ᠵᠤᠵᠠᠭᠠᠨ᠂ ᠰᠣᠶᠣᠯ ᠤᠨ ᠠᠭᠤᠯᠤᠭᠳᠠᠬᠤᠨ ᠢᠶᠠᠷ ᠡᠯᠪᠡᠭ ᠪᠠᠶᠠᠯᠢᠭ᠂ ᠲᠣᠰᠬᠤᠨ ᠪᠠ ᠪᠠᠯᠭᠠᠰᠤ ᠭᠦᠨᠵᠡᠭᠡᠶ ᠠᠭᠤᠰᠤᠯᠴᠠᠵᠤ᠂ ᠲᠠᠷᠢᠶᠠᠯᠠᠩ ᠢ ᠳᠠᠶᠢᠴᠢᠯᠠᠨ ᠣᠷᠣᠯᠭ᠎ᠠ ᠶᠢ ᠨᠡᠮᠡᠭᠳᠡᠭᠦᠯᠬᠦ ᠦᠷ᠎ᠡ ᠪᠦᠲᠦᠮᠵᠢ ᠪᠠᠷ ᠢᠯᠡᠳᠲᠡ ᠪᠠᠶᠢᠵᠤ ᠂ ᠨᠡᠯᠢᠶᠡᠳ ᠴᠢᠩᠭ᠎ᠠ ᠨᠥᠯᠥᠭᠡᠯᠡᠨ ᠳᠠᠶᠢᠴᠢᠯᠠᠬᠤ ᠪᠠ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠲᠠᠢ ᠶᠤᠮ᠃ ᠭᠤᠣᠯ ᠪᠣᠯᠬᠤ ᠦᠢᠯᠡᠳᠬᠦᠨ ᠪᠣᠯ ᠤᠨᠴᠠᠯᠢᠬᠳᠤ ᠲᠠᠷᠢᠮᠠᠯ᠂ ᠤᠨᠴᠠᠯᠢᠬᠳᠤ ᠲᠡᠵᠢᠭᠡᠪᠦᠷᠢ᠂ ᠤᠨᠴᠠᠯᠢᠬᠳᠤ ᠢᠳᠡᠭᠡᠨ᠂ ᠤᠨᠴᠠᠯᠢᠬᠳᠤ ᠰᠣᠶᠣᠯ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠨᠢᠭᠡ ᠪᠣᠳᠠᠲᠠᠢ ᠲᠦᠷᠦᠯ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号