ᠰᠢ ᠶᠢᠨ ᠫᠢᠩ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ
ᠨᠡᠶᠢᠲᠡᠯᠡᠭᠰᠡᠨ ᠴᠠᠭ᠄
2021/11/12
       ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 11 ᠤ ᠴᠠᠬᠢᠯᠭᠠᠨ ᠮᠡᠳᠡᠭᠡ 11 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠪᠡᠭᠡᠵᠢᠩ ᠳᠤ ᠸᠢᠳᠢᠣ᠋ ᠬᠡᠯᠪᠡᠷᠢ ᠪᠠᠷ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠤᠷᠤᠯᠴᠠᠵᠤ ︽ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃
       ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠦᠬᠦ ᠪᠦᠮᠪᠦᠷᠴᠡᠭ ᠲᠤ ᠦᠷᠪᠢᠰᠦᠨ ᠳᠡᠯᠭᠡᠷᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠳᠤ ᠤᠴᠠᠷᠠᠵᠤ ᠪᠠᠶᠢᠨ᠎ᠠ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠵᠤᠷᠢᠬᠳᠠᠢ ᠪᠠᠷ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠡᠷᠡᠰ ᠪᠠᠲᠤ ᠤᠷᠤᠭᠰᠢᠯᠠᠪᠠᠯ ᠵᠣᠬᠢᠨ᠎ᠠ ᠭᠡᠵᠦ ᠵᠢᠭᠠᠵᠤ ᠭᠠᠷᠭᠠᠪᠠ᠃        ᠨᠢᠭᠡ ᠳᠤ᠂ ᠪᠦᠬᠦ ᠬᠦᠴᠦᠨ ᠢᠶᠠᠷ ᠢᠶᠠᠨ ᠬᠢᠵᠢᠭ ᠲᠠᠢ ᠲᠡᠮᠡᠴᠡᠶ᠎ᠠ᠃ ᠬᠦᠴᠢᠷ ᠪᠡᠷᠬᠡᠰᠢᠶᠡᠯ ᠲᠠᠢ ᠴᠠᠭ ᠮᠥᠴᠡ ᠪᠣᠯᠬᠤ ᠲᠤᠳᠤᠮ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠤᠯᠠᠮ ᠯᠠᠪᠳᠠᠭᠤᠨ ᠪᠣᠯᠭᠤᠮᠵᠢᠲᠠᠢ ᠰᠥᠰᠥ ᠵᠣᠷᠢᠭ ᠲᠠᠢ ᠪᠠᠶᠢᠬᠤ ᠬᠡᠷᠡᠭᠲᠡᠢ᠃ ᠬᠥᠮᠦᠨ ᠲᠥᠷᠥᠯᠬᠢᠲᠡᠨ ᠤ ᠢᠷᠡᠭᠡᠳᠦᠢ ᠶᠢᠨ ᠬᠤᠪᠢ ᠵᠠᠶᠠᠭ᠎ᠠ ᠯᠤᠭ᠎ᠠ ᠬᠤᠯᠪᠣᠭᠳᠠᠬᠰᠠᠨ ᠡᠨᠡ ᠬᠦ ᠡᠷᠢᠨ ᠵᠠᠭᠤᠨ ᠤ ᠰᠢᠯᠭᠠᠯᠲᠠ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠠᠵᠤ ᠠᠬᠤᠢ ᠶᠢᠨ ᠴᠣᠭᠴᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠨᠢᠭᠡᠳᠴᠦ᠂ ᠬᠢᠵᠢᠭ ᠲᠠᠢ ᠲᠡᠮᠡᠴᠡᠬᠦ ᠲᠦᠢᠯᠪᠤᠷᠢᠲᠠᠢ ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠬᠤ ᠬᠡᠷᠡᠭᠲᠡᠢ᠃        ᠬᠤᠶᠠᠷ ᠲᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠶ᠎ᠠ᠃ ᠡᠯ᠎ᠡ ᠲᠠᠯ᠎ᠠ ᠶᠢᠨ ᠬᠢᠨ ᠶᠡᠭᠡ ᠬᠠᠨᠳᠤᠰᠢ ᠶᠢ ᠡᠵᠡᠮᠳᠡᠵᠦ᠂ ᠨᠡᠭᠡᠭᠡᠯᠲᠡ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠥᠷᠭᠡᠳᠭᠡᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢ ᠴᠢᠯᠥᠭᠡᠳᠠᠢ ᠪᠡ ᠳᠥᠭᠦᠮ ᠪᠣᠯᠭᠠᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠪᠠᠶᠢᠬᠤ ᠶᠢ ᠬᠠᠮᠠᠭᠠᠯᠠᠵᠤ᠂ ᠠᠵᠤ ᠠᠬᠤᠢ ᠶᠢᠨ ᠰᠡᠷᠭᠦᠯᠲᠡ ᠶᠢ ᠠᠬᠢᠭᠤᠯᠵᠤ᠂ ᠬᠤᠯᠪᠣᠭᠠᠯᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠤᠷᠤᠭᠰᠢ ᠪᠠᠨ ᠬᠠᠷᠠᠵᠤ᠂ ᠡᠮᠦᠨᠡᠰᠢ ᠪᠠᠨ ᠶᠠᠪᠤᠬᠤ ᠶᠢ ᠪᠠᠷᠢᠮᠲᠠᠯᠠᠬᠤ ᠬᠡᠷᠡᠭᠲᠡᠢ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠨᠢ ᠬᠦᠢᠲᠡᠨ ᠳᠠᠶᠢᠨ ᠤ ᠦᠶ᠎ᠡ ᠶᠢᠨ ᠡᠰᠡᠷᠭᠦᠴᠡᠯᠳᠦᠯ ᠪᠠ ᠬᠠᠭᠠᠴᠠᠯ ᠤᠨ ᠪᠠᠶᠢᠳᠠᠯ ᠳᠤ ᠪᠤᠴᠠᠵᠤ ᠪᠣᠯᠬᠤ ᠦᠭᠡᠢ ᠮᠦᠷᠲᠡᠭᠡᠨ ᠪᠤᠴᠠᠪᠠᠯ ᠵᠤᠬᠢᠬᠤ ᠦᠭᠡᠢ ᠶᠤᠮ᠃        ᠭᠤᠷᠪᠠ ᠳᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠶ᠎ᠠ᠃ ᠬᠠᠮᠲᠤ ᠪᠠᠷ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾ ᠪᠣᠯᠤᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ᠂ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠬᠠᠮᠲᠤ ᠪᠠᠷ ᠵᠠᠮᠨᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠡᠨᠧᠷᠭᠢ ᠶᠢ ᠠᠷᠪᠢᠯᠠᠵᠤ ᠪᠣᠬᠢᠷᠲᠤᠯ ᠢ ᠪᠠᠭᠠᠰᠬᠠᠬᠤ ᠶᠢ ᠰᠠᠶᠢᠲᠤᠷ ᠵᠣᠬᠢᠴᠠᠭᠤᠯᠵᠤ᠂ ᠠᠵᠤ ᠠᠬᠤᠢ ᠶᠢᠨ ᠬᠥᠭᠵᠢᠯᠲᠡ ᠳᠤᠮᠳᠠ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃        ᠳᠥᠷᠪᠡ ᠳᠤ᠂ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠤᠶ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠲᠦᠷᠢᠮ ᠤᠨ ᠰᠢᠨ᠎ᠡ ᠶᠢ ᠡᠭᠦᠳᠬᠦ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠪᠦᠷᠢᠯᠳᠦᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ ᠨᠡᠭᠡᠭᠡᠯᠲᠡᠲᠦ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠰᠤᠳᠤᠯᠤᠨ ᠨᠡᠭᠡᠭᠡᠬᠦ ᠳᠤ ᠪᠡᠯᠡ ᠣᠷᠣᠭᠤᠯᠬᠤ᠂ ᠦᠷ᠎ᠡ ᠪᠦᠲᠦᠭᠡᠯ ᠢ ᠣᠨᠳᠣᠣᠰᠢᠭᠤᠯᠬᠤ ᠶᠢᠨ ᠭᠤᠣᠯ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃        ᠰᠢ ᠶᠢᠨ ᠫᠢᠩ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠡᠷᠦ ᠠᠴᠠ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠣᠷᠣᠨ ᠪᠦᠰᠡ ᠶᠢᠨ ᠬᠠᠮᠲᠤᠷᠠᠯᠴᠠᠭᠠᠨ ᠤ ᠠᠬᠢᠴᠠ ᠯᠤᠭ᠎ᠠ ᠠᠭᠤᠰᠤᠯᠴᠠᠨ ᠲᠠᠭᠠᠯᠳᠤᠬᠰᠠᠭᠠᠷ ᠢᠷᠡᠵᠠᠢ ᠃ ᠳᠤᠮᠳᠠᠳᠤ ᠤᠯᠤᠰ ᠴᠢᠨᠡᠭᠡᠯᠢᠭ ᠨᠡᠶᠢᠭᠡᠮ ᠢ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠡᠢ᠂ ᠡᠨᠡ ᠨᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠳᠤ ᠨᠡᠩ ᠶᠡᠭᠡ ᠠᠵᠠ ᠲᠣᠬᠢᠶᠠᠯ ᠠᠪᠴᠢᠷᠠᠬᠤ ᠪᠣᠯᠣᠨ᠎ᠠ ᠭᠡᠵᠦ ᠴᠢᠬᠤᠯᠠᠴᠢᠯᠠᠪᠠ᠃        ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠬᠡᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠵᠤ᠂ ᠥᠨᠳᠥᠷ ᠲᠦᠪᠰᠢᠨ ᠤ᠂ ᠲᠦᠷᠢᠮ ᠤᠨ ᠮᠠᠶ᠋ᠢᠭ ᠤᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠣᠶ ᠪᠣᠯᠭᠠᠵᠤ ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠢᠭᠡᠳᠦᠯᠲᠡᠶ ᠨᠡᠭᠡᠭᠡᠯᠲᠡ ᠲᠠᠢ᠂ ᠥᠷᠢᠰᠥᠯᠳᠦᠭᠡᠨ ᠲᠠᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠠᠵᠤ ᠠᠬᠤᠶ ᠶᠢᠨ ᠠᠯᠤᠰ ᠬᠡᠲᠦ ᠶᠢᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠶᠢᠨ ᠬᠠᠮᠲᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠵᠢᠴᠢ ᠪᠥᠬᠦ ᠪᠦᠮᠪᠦᠷᠴᠡᠭ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠳᠤᠮᠳᠠᠳᠤ ᠤᠯᠤᠰ ᠲᠤ ᠢᠷᠡᠵᠦ ᠪᠠᠯᠠ ᠣᠷᠣᠭᠤᠯᠤᠨ ᠠᠵᠢᠯ ᠦᠢᠯᠡᠰ ᠬᠥᠭᠵᠢᠭᠦᠯᠬᠦ ᠳᠤ ᠨᠠᠩ ᠰᠠᠶᠢᠨ ᠪᠠᠲᠤᠯᠠᠭ᠎ᠠ ᠬᠠᠩᠭᠠᠨ᠎ᠠ        ᠳᠤᠮᠳᠠᠳᠤ ᠤᠯᠤᠰ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠵᠢᠴᠢ ᠪᠦᠬᠦ ᠪᠦᠮᠪᠦᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠪᠠᠭ᠎ᠠ ᠨᠡᠭᠦᠷᠡᠰᠦᠲᠥ᠋ᠷᠥᠭᠴᠢᠲᠦ ᠪᠤᠯᠭᠠᠨ ᠬᠡᠯᠪᠡᠷᠢ ᠪᠠᠨ ᠬᠤᠪᠢᠷᠠᠭᠤᠯᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠢᠳᠡᠪᠬᠢᠲᠡᠢ ᠣᠷᠣᠯᠴᠠᠵᠤ᠂ ᠪᠣᠬᠢᠷᠲᠤᠯ ᠦᠭᠡᠢ ᠬᠥᠭᠵᠢᠯᠲᠡ ᠶᠢᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠪᠠᠶᠠᠷᠯᠠᠨ ᠤᠭᠲᠤᠵᠤ ᠪᠠᠶᠢᠨ᠎ᠠ᠃        ᠳᠤᠮᠳᠠᠳᠤ ᠤᠯᠤᠰ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠠᠬᠢᠭᠤᠯᠬᠤ ᠪᠠᠷ ᠴᠢᠷᠮᠠᠶᠢᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠦᠴᠦ ᠨᠡᠮᠡᠷᠢᠯᠡᠨ᠎ᠡ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠶᠢ ᠡᠷᠡᠰ ᠠᠬᠢᠭᠤᠯᠵᠤ᠂ ᠪᠦᠬᠦ ᠪᠦᠮᠪᠦᠷᠴᠡᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ᠂ ᠠᠮᠤ ᠪᠤᠳᠠᠭᠠᠨ ᠤ ᠠᠮᠤᠷ ᠲᠦᠪᠰᠢᠨ᠂ ᠬᠥᠭᠵᠢᠯᠲᠡ ᠪᠡᠯᠡ ᠴᠤᠭᠯᠠᠭᠤᠯᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠰᠡᠷᠭᠦᠯᠲᠡ ᠪᠠ ᠦᠷᠭᠦᠯᠵᠢᠯᠡᠬᠦ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠪᠦᠮᠪᠦᠷᠴᠡᠭ ᠤᠨ ᠬᠥᠭᠵᠢᠯᠲᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号