| | | ᠣᠶᠢᠷ᠎ᠠ ᠳᠤ᠂ ᠮᠠᠨ ᠤ ᠣᠷᠣᠨ ᠤ ᠬᠡᠰᠡᠭ ᠭᠠᠵᠠᠷ ᠣᠷᠣᠨ ᠳᠤ ᠦᠷᠭᠦᠯᠵᠢᠯᠡᠭᠰᠡᠨ ᠴᠢᠨᠠᠷᠲᠠᠶ ᠶᠡᠭᠡ ᠴᠠᠰᠤ | ᠣᠷᠣᠵᠤ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠵᠡᠷᠭᠡ ᠭᠠᠵᠠᠷ ᠲᠤ ᠴᠠᠰᠤᠨ ᠭᠠᠮᠰᠢᠭ | ᠪᠤᠯᠤᠭᠰᠠᠨ ᠪᠠᠶᠢᠨ᠎ᠠ᠃ ᠭᠠᠮᠰᠢᠭ ᠭᠠᠷᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠭᠠᠮᠰᠢᠭᠳᠠᠭᠰᠠᠨ ᠭᠠᠵᠠᠷ ᠣᠷᠣᠨ ᠢ ᠳᠠᠮᠵᠢᠨ ᠪᠠᠲᠤᠯᠠᠬᠤ ᠡᠷᠴᠢᠮ ᠢᠶᠠᠨ ᠦᠨᠡᠨ ᠬᠦ | ᠴᠢᠩᠭᠠᠷᠠᠭᠤᠯᠵᠤ᠂ ︽ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠪᠠᠭᠤᠯᠭᠠᠨ᠂ ᠡᠯ᠎ᠡ ᠭᠠᠮᠰᠢᠭᠳᠠᠭᠰᠠᠨ | ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠢ ᠵᠢᠯᠣᠭᠤᠳᠤᠨ ᠭᠠᠮᠰᠢᠭᠳᠠᠭᠰᠠᠨ | ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠡᠶ᠃ | ᠴᠠᠰᠤ ᠵᠤᠳ ᠠᠴᠠ ᠪᠣᠯᠵᠣ ᠠᠮᠢᠳᠤᠷᠠᠯ ᠳᠤ ᠨᠢ ᠬᠦᠴᠢᠷᠳᠡᠯ ᠲᠤᠯᠭᠠᠷᠠᠭᠰᠠᠨ ᠣᠯᠠᠨ ᠲᠦᠮᠡᠨ ᠢ ᠲᠡᠷᠡ | ᠳᠠᠷᠤᠶ ᠳᠤ ᠠᠪᠤᠷᠠᠨ ᠲᠤᠰᠠᠯᠠᠬᠤ ᠶᠢᠨ ᠲᠤᠯᠠᠳᠠ᠂ ᠮᠠᠨ ᠤ ᠣᠷᠣᠨ ᠭᠠᠮᠰᠢᠭᠳᠠᠭᠰᠠᠨ ᠬᠦᠴᠢᠷᠳᠡᠯᠲᠡᠶ ᠣᠯᠠᠨ | ᠲᠦᠮᠡᠨ ᠤ ᠪᠠᠶᠢᠳᠠᠯ ᠢ ᠣᠶᠢᠯᠠᠭᠠᠬᠤ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ᠬᠠᠮᠢᠶ᠎ᠠ ᠪᠥᠬᠦᠶ ᠠᠶᠢᠮᠠᠭ | ᠬᠤᠲᠠ ᠭᠠᠮᠰᠢᠭᠳᠠᠭᠰᠠᠨ ᠣᠷᠣᠨ ᠤ ᠨᠡᠶᠢᠭᠡᠮ ᠤᠨ ᠠᠪᠤᠷᠠᠨ ᠲᠤᠰᠠᠯᠠᠭᠤᠯᠬᠤ ᠬᠦᠮᠦᠰ ᠤᠨ ᠳᠣᠲᠤᠷᠠᠬᠢ ᠦᠷ᠎ᠡ | ᠬᠡᠦᠬᠡᠳ ᠲᠠᠢ ᠪᠠᠨ ᠬᠠᠮᠲᠤ ᠠᠮᠢᠳᠤᠷᠠᠵᠤ ᠦᠭᠡᠢ᠂ ᠭᠠᠨᠢ ᠭᠠᠭᠴᠠᠭᠠᠷ ᠠᠮᠢᠳᠤᠷᠠᠵᠤ ᠪᠠᠶᠢᠭ᠎ᠠ᠂ ᠴᠢᠳᠠᠯ ᠲᠡᠩᠬᠡᠭᠡ ᠪᠠᠨ | ᠠᠯᠳᠠᠭᠰᠠᠨ᠂ ᠬᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠪᠠ ᠬᠡᠷ ᠢᠶᠠᠨ ᠰᠠᠬᠢᠵᠤ ᠬᠤᠴᠣᠷᠤᠭᠰᠠᠨ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠳ ᠵᠡᠷᠭᠡ ᠣᠨᠴᠠᠭᠠᠶ ᠬᠦᠴᠢᠷᠳᠡᠯᠲᠡᠶ ᠬᠦᠮᠦᠰ ᠤᠨ ᠪᠠᠶᠢᠳᠠᠯ ᠢ | ᠣᠶᠢᠯᠠᠭᠠᠵᠤ ᠵᠢᠭᠰᠠᠭᠠᠨ ᠪᠠᠶᠢᠴᠠᠭᠠᠪᠠ᠃ 11 ᠳ᠋ᠦ᠋ᠭᠡᠷ ᠰᠠᠷ᠎ᠠ ᠶᠢᠨ 10 ᠤ ᠡᠳᠦᠷ ᠪᠣᠯᠲᠠᠯ᠎ᠠ᠂ ᠲᠦᠩᠯᠢᠶᠣᠤ ᠬᠤᠲᠠ᠂ | ᠤᠯᠠᠭᠠᠨᠬᠠᠳᠠ ᠬᠤᠲᠠ᠂ ᠬᠢᠩᠭᠠᠨ ᠠᠶᠢᠮᠠᠭ ᠡᠷᠦᠬᠡ ᠳᠤ ᠬᠦᠷᠴᠦ ᠪᠠᠶᠢᠴᠠᠭᠠᠬᠤ ᠠᠵᠢᠯ ᠢ ᠨᠡᠶᠢᠲᠡ 19699 | ᠬᠥᠮᠦᠨ ᠤᠳᠠᠭ᠎ᠠ ᠥᠷᠨᠢᠭᠦᠯᠦᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ 140 ᠡᠷᠦᠬᠡ 289 | ᠬᠥᠮᠦᠨ ᠢ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤ ᠣᠨᠴᠠ ᠬᠦᠴᠢᠷᠳᠡᠯᠲᠡᠶ 14 ᠡᠷᠦᠬᠡ 14 | ᠬᠥᠮᠦᠨ ᠢ ᠣᠷᠣᠭᠤᠯᠬᠤ ᠪᠠᠷ ᠪᠤᠢ᠃ | ᠮᠠᠨ ᠤ ᠣᠷᠣᠨ ᠴᠠᠰᠤᠨ ᠭᠠᠮᠰᠢᠭ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠤᠨ | ᠬᠦᠴᠢᠷᠳᠡᠯ ᠳᠤ ᠲᠤᠯᠭᠠᠷᠠᠭᠰᠠᠨ ᠭᠠᠮᠰᠢᠭᠳᠠᠭᠰᠠᠳ ᠢ ᠤᠷᠢᠳᠠᠪᠠᠷ ᠲᠡᠩᠬᠡᠷᠡᠭᠦᠯᠦᠨ ᠲᠤᠰᠠᠯᠠᠬᠤ ᠠᠵᠢᠯ ᠢᠳᠡᠪᠬᠢᠲᠡᠶ | ᠬᠢᠵᠦ᠂ ᠦᠨᠳᠦᠰᠦᠨ ᠠᠮᠢᠳᠤᠷᠠᠯ ᠤᠨ ᠬᠦᠴᠢᠷᠳᠡᠯ ᠢ ᠨᠢ ᠴᠠᠭ ᠲᠤᠬᠠᠶ ᠳᠤ ᠨᠢ ᠰᠢᠢᠳᠪᠦᠷᠢᠯᠡᠪᠡ᠃ ᠣᠳᠣᠬᠠᠨ | ᠪᠣᠯᠲᠠᠯ᠎ᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠤᠨ ᠬᠠᠷᠢᠶᠠᠨ ᠳᠠᠬᠢ | ᠭᠠᠮᠰᠢᠭᠳᠠᠭᠰᠠᠨ ᠬᠤᠰᠢᠭᠤ ᠰᠢᠶᠠᠨ ᠨᠤᠭᠤᠳ 874 ᠭᠠᠮᠰᠢᠭᠳᠠᠭᠰᠠᠨ ᠠᠷᠠᠳ ᠢ ᠲᠦᠷ ᠴᠠᠭ ᠠᠪᠤᠷᠠᠨ ᠲᠤᠰᠠᠯᠠᠵᠤ᠂ | ᠨᠡᠶᠢᠲᠡ 155.45 ᠲᠦᠮᠡᠨ ᠲᠥᠭᠦᠷᠢᠭ ᠤᠨ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ ᠵᠠᠷᠤᠴᠠᠭᠤᠯᠤᠭᠰᠠᠨ | ᠪᠠᠶᠢᠨ᠎ᠠ᠃ ᠡᠭᠦᠨ ᠳᠤ᠂ ᠲᠦᠩᠯᠢᠶᠣᠤ ᠬᠤᠲᠠ 682 ᠭᠠᠮᠰᠢᠭᠳᠠᠭᠰᠠᠨ ᠠᠷᠠᠳ ᠢ ᠲᠦᠷ ᠴᠠᠭ ᠠᠪᠤᠷᠠᠨ ᠲᠤᠰᠠᠯᠠᠵᠤ | ᠂ 119.9 ᠲᠦᠮᠡᠨ ᠲᠥᠭᠦᠷᠢᠭ ᠤᠨ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ ᠵᠠᠷᠤᠴᠠᠭᠤᠯᠪᠠ᠃ | ᠬᠠᠮᠢᠶ᠎ᠠ ᠪᠥᠬᠦᠶ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠰᠠ ᠨᠡᠶᠢᠭᠡᠮ ᠤᠨ | ᠠᠪᠤᠷᠠᠨ ᠲᠤᠰᠠᠯᠠᠬᠤ ᠬᠠᠯᠠᠮᠰᠢᠯ ᠤᠲᠠᠰᠤ ᠶᠢ ᠴᠠᠭ ᠲᠤᠬᠠᠶ ᠳᠤ ᠨᠢ ᠨᠡᠶᠢᠲᠡᠯᠡᠬᠦ᠂ 24 ᠴᠠᠭ ᠢᠶᠠᠷ ᠵᠢᠵᠢᠭᠦᠷᠯᠡᠬᠦ | ᠲᠦᠷᠢᠮ ᠢ ᠬᠡᠷᠡᠭᠵᠢᠭᠦᠯᠬᠦ᠂ ᠠᠵᠢᠯ ᠤᠨ ᠴᠤᠪᠤᠷᠠᠯ ᠢ ᠳᠥᠭᠦᠮᠴᠢᠯᠡᠬᠦ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ | ᠠᠪᠤᠷᠠᠨ ᠲᠤᠰᠠᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠡᠢ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ 1.5 ᠳ᠋ᠦᠩᠰᠢᠭᠤᠷ ᠲᠥᠭᠦᠷᠢᠭ ᠤᠨ ᠲᠦᠷ ᠴᠠᠭ | ᠠᠪᠤᠷᠠᠨ ᠲᠤᠰᠠᠯᠠᠬᠤ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠤ᠂ ᠭᠤᠣᠯᠳᠠᠭᠤ ᠭᠠᠮᠰᠢᠭᠳᠠᠭᠰᠠᠨ ᠣᠷᠣᠨ ᠤ | ᠲᠦᠷ ᠴᠠᠭ ᠤᠨ ᠠᠪᠤᠷᠠᠨ ᠲᠤᠰᠠᠯᠠᠬᠤ ᠠᠵᠢᠯ ᠳᠤ ᠬᠡᠷᠡᠭᠯᠡᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠲᠦᠷ ᠴᠠᠭ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢ ᠨᠠᠶᠢᠳᠠᠪᠤᠷᠢᠵᠢᠭᠤᠯᠤᠨ᠂ ᠲᠦᠷ ᠴᠠᠭ ᠠᠪᠤᠷᠠᠨ ᠲᠤᠰᠠᠯᠠᠬᠤ | ᠮᠥᠩᠭᠦ ᠶᠢᠨ ︽ᠪᠠᠴᠢᠮ ᠪᠠᠶᠢᠳᠠᠯ ᠠᠴᠠ ᠠᠪᠤᠷᠬᠠᠤ᠂ ᠠᠶᠤᠯ ᠠᠴᠠ ᠠᠪᠤᠷᠬᠠᠤ︾ ᠦᠢᠯᠡᠳᠦᠯ ᠢ ᠦᠨᠡᠨ ᠬᠦ | ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃ | |