| | 11 ᠰᠠᠷ᠎ᠠ ᠶᠢᠨ 12 ᠤᠨ ᠤᠷᠤᠢ᠂ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ | ᠤᠬᠠᠭᠤᠯᠬᠤ ᠬᠡᠯᠲᠡᠰ ᠬᠦᠬᠡᠬᠤᠲᠠ ᠳᠤ ᠸᠠᠩ ᠠᠢ ᠯᠢᠨ᠂ ᠯᠢᠤ ᠠᠠ ᠨᠦᠬᠦᠷ ᠤᠨ ᠲᠡᠷᠢᠭᠦᠨ ᠤ ᠦᠢᠯᠠ | ᠠᠵᠢᠯᠯᠠᠭ᠎ᠠ ᠶᠢ ᠨᠡᠶᠢᠲᠡᠯᠡᠬᠦ ᠬᠤᠷᠠᠯ ᠬᠢᠭᠰᠡᠡ ᠪᠦᠭᠡᠳ ᠲᠡᠲᠡᠡ ᠳᠤ ︽ᠤᠮᠠᠷᠠᠲᠦ ᠬᠢᠯᠢ ᠶᠢᠨ ᠵᠢᠱᠢᠶᠡᠴᠢ︾ ᠶᠢᠨ ᠴᠤᠯᠠ | ᠤᠯᠭᠤᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠸᠠᠩ ᠠᠶ ᠯᠢᠨ᠂ ᠯᠢᠦ ᠠᠨ ᠨᠥᠬᠦᠷ ᠲᠤ ︽ᠤᠮᠠᠷᠠᠲᠤ | ᠬᠢᠯᠢ ᠶᠢᠨ ᠵᠢᠱᠢᠶᠡᠴᠢ︾ ᠶᠢᠨ ᠦᠨᠡᠮᠯᠡᠯ ᠪᠠ ᠱᠠᠩᠨᠠᠯ ᠤᠨ ᠲᠡᠮᠳᠡᠭ ᠭᠠᠷᠳᠠᠭᠤᠯᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠨᠡᠶᠢᠲᠡᠯᠡᠬᠦ | ᠬᠤᠷᠠᠯ ᠳᠤ ᠣᠷᠣᠯᠴᠠᠵᠠᠢ᠃ | ᠨᠡᠶᠢᠲᠡᠯᠡᠬᠦ ᠬᠤᠷᠠᠯ ᠤᠨ ᠠᠬᠤᠶ ᠲᠠᠯᠠᠪᠠᠶ ᠳᠤ ᠸᠠᠩ ᠠᠶ ᠯᠢᠨ᠂ ᠯᠢᠦ ᠠᠨ ᠨᠥᠬᠦᠷ ᠤᠨ ᠲᠡᠷᠢᠭᠦᠨ ᠤ | ᠦᠶ᠋ᠯᠡ ᠠᠵᠢᠯᠯᠠᠭ᠎ᠠ ᠶᠢᠨ ᠸᠢᠳᠢᠣ᠋ ᠣᠬᠤᠷ ᠹᠢᠯᠢᠮ ᠢ ᠨᠡᠪᠲᠡᠷᠡᠭᠦᠯᠬᠦ ᠶᠢᠨ ᠬᠠᠮᠲᠤ ᠦᠵᠡᠭᠳᠡᠯᠲᠦ ᠵᠦᠴᠦᠭᠡ ᠶᠢᠨ | ᠬᠡᠯᠪᠡᠷᠢ ᠪᠠᠷ ᠲᠡᠳᠡᠨ ᠤ ᠠᠵᠢᠯ ᠤᠨ ᠪᠠᠶᠢᠳᠠᠯ ᠢ ᠳᠠᠬᠢᠨ ᠢᠯᠡᠷᠡᠭᠦᠯᠪᠡ᠃ ᠸᠠᠩ ᠠᠶ ᠯᠢᠨ᠂ ᠯᠢᠦ ᠠᠨ ᠨᠥᠬᠦᠷ ᠤᠨ | ᠬᠠᠮᠲᠤ ᠠᠵᠢᠯᠯᠠᠭᠴᠢ᠂ ᠬᠠᠪᠰᠤᠷᠤᠯᠭ᠎ᠠ ᠳᠡᠮᠵᠢᠯᠭᠡ ᠶᠢ ᠬᠦᠷᠳᠡᠭᠰᠡᠳ ᠠᠳᠠᠯᠢ ᠪᠤᠰᠤ ᠬᠠᠷᠠᠭᠠᠰᠤ ᠠᠴᠠ ᠲᠡᠳᠡᠨ ᠤ | ᠠᠵᠢᠯ ᠤᠨ ᠳᠤᠮᠳᠠᠬᠢ ᠰᠡᠳᠭᠢᠯ ᠬᠥᠳᠡᠯᠭᠡᠮ᠎ᠡ ᠥᠯᠢᠭᠡᠷ ᠢ ᠶᠠᠷᠢᠵᠠᠭᠠᠪᠠ᠃ | ᠸᠠᠩ ᠠᠶ ᠯᠢᠨ ᠪᠣᠯ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠤ ᠳᠡᠳ᠋ ᠳᠠᠷᠤᠭ᠎ᠠ ᠶᠤᠮ᠂ ᠲᠡᠷᠡ ᠦᠨᠳᠦᠰᠦᠨ ᠱᠠᠲᠤᠨ ᠤ ᠰᠢᠭᠦᠬᠦ ᠬᠤᠷᠢᠶᠠᠨ ᠳᠤ 17 ᠵᠢᠯ ᠠᠵᠢᠯᠯᠠᠵᠤ᠂ | ᠰᠢᠭᠦᠭᠴᠢ ᠶᠢᠨ ᠡᠷᠡᠰ ᠴᠢᠩᠭ᠎ᠠ ᠤᠪᠤᠷ ᠪᠠ ᠢᠲᠡᠭᠡᠯ ᠵᠣᠷᠢᠭ᠂ ᠡᠮᠡᠭᠲᠡᠶᠢᠴᠦᠳ ᠤᠨ ᠴᠠᠶᠢᠯᠭᠠᠨ ᠰᠡᠳᠭᠢᠯ ᠪᠠ | ᠤᠶᠠᠨ ᠵᠥᠭᠡᠯᠡᠨ ᠵᠠᠩ ᠢᠶᠠᠷ ᠪᠤᠷᠤᠭᠤ ᠵᠠᠮ ᠳᠤ ᠤᠷᠤᠭᠰᠠᠨ ᠮᠠᠰᠢ ᠤᠯᠠᠠ ᠨᠠᠰᠤᠨ ᠳᠤ ᠦᠯᠦ ᠬᠦᠷᠦᠭᠰᠡᠳ ᠢ | ᠠᠪᠤᠷᠠᠵᠠᠢ᠃ ᠬᠥᠮᠦᠰ ᠲᠡᠭᠦᠨ ᠢ ︽ᠰᠢᠭᠦᠭᠴᠢ ᠡᠵᠢ︾ ᠭᠡᠵᠦ ᠳᠣᠲᠣᠨᠣᠴᠢᠯᠠᠨ ᠳᠠᠭᠤᠳᠠᠳᠠᠭ᠃ ᠲᠡᠷᠡ ᠬᠦᠨᠳᠦ | ᠡᠪᠡᠳᠴᠢᠨ ᠳᠤ ᠨᠡᠷᠪᠡᠭᠳᠡᠵᠦ᠂ ᠥᠮᠡᠨ ᠡᠪᠡᠳᠴᠢᠨ ᠲᠠᠢ ᠲᠡᠮᠡᠴᠡᠵᠦ ᠪᠠᠶᠢᠭᠰᠠᠠ ᠴᠦ ᠮᠥᠨ ᠯᠡ ᠦᠪᠡᠷ ᠢ ᠪᠠᠨ | ᠤᠮᠠᠷᠳᠠᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠬᠠᠤᠯᠢ ᠪᠠᠷᠢᠬᠤ ᠬᠠᠶᠢᠷ᠎ᠠ | ᠰᠡᠳᠭᠢᠯᠭᠡ ᠶᠢ ᠦᠢᠯᠡᠳᠦᠯᠭᠡᠵᠢᠭᠦᠯᠵᠦ ᠪᠠᠶᠢᠪᠠ᠃ | ᠯᠢᠦ ᠠᠨ ᠪᠣᠯ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠬᠤᠶᠢᠲᠤ ᠬᠡᠰᠡᠭ ᠤᠨ ᠪᠠᠯᠠᠷᠯᠢᠭ | ᠰᠢᠭᠤᠶᠢᠲᠤ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠩᠬᠡᠬᠠᠳᠠ ᠲᠣᠮᠢᠯᠠᠭᠰᠠᠨ | ᠰᠠᠯᠪᠤᠷᠢ ᠶᠢᠨ ᠬᠤᠶᠠᠳᠤᠭᠠᠷ ᠳᠡᠰ ᠤᠨ ᠴᠠᠭᠳᠠᠭᠠᠨ ᠳᠠᠷᠤᠭ᠎ᠠ ᠪᠣᠯᠤᠨ᠎ᠠ᠂ ᠲᠡᠷᠡ 22 ᠵᠢᠯ ᠤᠨ ᠲᠤᠷᠰᠢ ᠪᠡᠷᠭᠡ | ᠬᠠᠲᠠᠭᠤᠵᠢᠯᠲᠠᠶ ᠨᠦᠬᠦᠴᠡᠯ ᠪᠦᠬᠦᠢ ᠪᠠᠯᠠᠷᠯᠢᠭ ᠰᠢᠭᠤᠶᠢᠲᠦ ᠤᠷᠤᠨ ᠤ ᠡᠵᠡᠬᠦᠢ ᠭᠠᠵᠠᠷ ᠲᠤ ᠬᠠᠬᠢᠷ ᠬᠦᠶ᠋ᠲᠡᠨ᠂ | ᠤᠰᠤ ᠳᠤᠲᠠᠭᠳᠠᠬᠤ᠂ ᠴᠠᠬᠢᠯᠭᠠᠨ ᠳᠤᠲᠠᠭᠳᠠᠬᠤ ᠵᠡᠷᠭᠡ ᠵᠦᠢᠯ ᠵᠦᠶ᠋ᠯ ᠤᠨ ᠬᠦᠴᠢᠷ ᠪᠡᠷᠬᠡᠰᠢᠶᠡᠯ ᠢ ᠲᠤᠭᠤᠯᠵᠤ᠂ | ᠶᠠᠮᠠᠷ ᠴᠣ᠋ ᠭᠤᠮᠤᠳᠠᠯ ᠬᠠᠷᠠᠮᠰᠠᠯ ᠥᠬᠡᠶ ᠰᠠᠬᠢᠨ ᠰᠠᠭᠤᠵᠤ ᠬᠦᠴᠦ ᠬᠦᠯᠦᠰᠦ ᠪᠠᠨ ᠤᠷᠤᠰᠬᠠᠵᠦ ︽ᠠᠷᠠᠳ ᠤᠨ | ᠳᠣᠲᠣᠭᠠᠳᠤ ᠶᠢ ᠬᠠᠮᠠᠭᠠᠯᠠᠬᠤ ᠴᠠᠭᠲᠠᠭ᠎ᠠ ᠠᠷᠠᠳ ᠲᠦᠮᠡᠨ ᠤ ᠲᠥᠯᠥᠭᠡ︾ ᠭᠡᠬᠦ ᠲᠥᠪ ᠴᠢᠩᠭ᠎ᠠ ᠠᠮᠠᠯᠠᠯᠲᠠ ᠪᠠᠨ | ᠦᠢᠯᠡᠳᠦᠯᠭᠡᠵᠢᠭᠦᠯᠵᠦ᠂ ᠡᠬᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠡᠯ ᠪᠤᠰᠤ ᠵᠢᠳᠭᠦᠯ ᠭᠠᠷᠭᠠᠭᠰᠠᠨ | ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ᠂ ᠪᠦᠬᠦ ᠣᠷᠣᠨ ᠤ | ᠥᠷᠭᠡᠨ ᠤᠯᠠᠨ ᠺᠠᠳ᠋ᠷ ᠤᠯᠠᠨ ᠲᠦᠮᠡᠨ᠂ ᠢᠯᠠᠩᠭᠤᠶ᠎ᠠ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠨᠠᠮ ᠤᠨ | ᠭᠡᠰᠢᠭᠦᠨ ᠺᠠᠳ᠋ᠷᠴᠤᠳ ᠢ ᠸᠠᠩ ᠠᠢ ᠯᠢᠨ᠂ ᠯᠢᠦ ᠠᠨ ᠨᠥᠬᠦᠷ ᠢᠶᠠᠷ ᠳᠠᠭᠤᠷᠢᠶᠠᠯ ᠪᠣᠯᠭᠠᠵᠤ᠂ ᠲᠡᠳᠡᠨ ᠤ ᠭᠤᠶᠢᠪᠢᠰᠢ | ᠦᠭᠡᠢ ᠢᠲᠡᠭᠡᠯ ᠵᠣᠷᠢᠭ᠂ ᠨᠠᠮ ᠳᠠᠭᠠᠨ ᠦᠨᠡᠨᠴᠢ ᠰᠢᠳᠤᠷᠭᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠯᠤᠰ | ᠲᠦᠷᠦ ᠶᠢᠨ ᠬᠡᠪ ᠰᠤᠷᠲᠠᠯ ᠢ ᠰᠤᠷᠤᠯᠴᠠᠬᠤ ᠬᠡᠷᠡᠭᠲᠡᠢ︔ ᠲᠡᠳᠡᠨ ᠤ ᠨᠢᠭᠡ ᠰᠡᠳᠭᠢᠯ ᠢᠶᠠᠷ ᠠᠷᠠᠳ ᠤᠨ ᠲᠥᠯᠥᠭᠡ | ᠵᠢᠳᠬᠦᠬᠦ᠂ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠳᠤᠷᠠᠲᠠᠶ᠎ᠠ ᠬᠤᠪᠢ ᠨᠡᠮᠡᠷᠢ | ᠦᠵᠡᠭᠦᠯᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠨᠢ ᠰᠤᠷᠤᠯᠴᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠸᠠᠩ ᠠᠶ ᠯᠢᠨ᠂ ᠯᠢᠦ ᠠᠨ ᠨᠥᠬᠦᠷ ᠠᠴᠠ ᠰᠤᠷᠤᠯᠴᠠᠬᠤ | ᠠᠵᠢᠯᠯᠠᠭ᠎ᠠ ᠶᠢ ᠤᠳᠤᠬᠠᠨ ᠳᠤ ᠥᠷᠨᠢᠭᠦᠯᠵᠦ ᠪᠠᠶᠢᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ | ᠤᠶᠠᠯᠳᠤᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠩ ᠡᠷᠡᠰ ᠪᠠᠲᠤ ᠢᠲᠡᠭᠡᠯ ᠪᠢᠰᠢᠷᠡᠯ᠂ ᠨᠠᠩ ᠬᠠᠲᠠᠭᠤ ᠴᠢᠩᠭ᠎ᠠ | ᠰᠤᠷᠲᠠᠯ ᠢᠶᠠᠷ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠳᠤ ᠪᠥᠬᠦ | ᠬᠦᠴᠦᠨ ᠢᠶᠠᠷ ᠢᠶᠠᠨ ᠣᠷᠣᠯᠴᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠳᠦᠭᠡᠢ ᠭᠡᠵᠦ ᠤᠷᠢᠶᠠᠯᠠᠵᠠᠢ᠃ |